2022 ᠣᠨ ᠤ ᠬᠢᠩᠭᠠᠨ ᠠᠶᠢᠮᠠᠭ ᠤᠨ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠨ ᠵᠠᠯᠭᠠᠮᠵᠢᠯᠠᠭᠴᠢᠳ ᠤᠨ ᠰᠤᠳᠤᠯᠤᠨ ᠪᠣᠯᠪᠠᠰᠤᠷᠠᠭᠤᠯᠬᠤ ᠠᠩᠭᠢ ᠡᠬᠢᠯᠡᠪᠡ
ᠨᠡᠶᠢᠲᠡᠯᠡᠭᠰᠡᠨ ᠴᠠᠭ᠄
2022/6/23
     ᠶᠡᠷᠦᠩᠬᠡᠶ ᠱᠦᠵᠢ ᠰᠢ ᠶᠢᠨ ᠫᠢᠩ ᠤᠨ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠠᠵᠢᠯ ᠤᠨ ᠲᠤᠬᠠᠶ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ《 ᠬᠤᠶᠠᠷ ᠢ ᠡᠭᠦᠳᠬᠦ 》ᠠᠵᠢᠯ ᠤᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ  ᠶᠢᠨ ᠲᠥᠯᠥᠭᠡ᠂ 6 ᠳ᠋ᠤᠭᠠᠷ ᠰᠠᠷ᠎ᠠ ᠶᠢᠨ 13 ᠤ ᠡᠳᠦᠷ᠂ ᠬᠢᠩᠭᠠᠨ ᠠᠶᠢᠮᠠᠭ ᠤᠨ ᠰᠣᠶᠣᠯ ᠵᠢᠭᠤᠯᠴᠢᠯᠠᠯ ᠪᠡᠶ᠎ᠡ  ᠶᠢᠨ ᠲᠠᠮᠢᠷ ᠤᠨ ᠲᠣᠪᠴᠢᠶ᠎ᠠ ᠭᠤᠤᠯᠯᠠᠨ ᠡᠷᠭᠢᠯᠡᠵᠦ᠂ ᠬᠢᠩᠭᠠᠨ ᠠᠶᠢᠮᠠᠭ ᠤᠨ ᠳ᠋ᠠ ᠴᠧᠩ ᠠᠵᠢᠯ ᠮᠡᠷᠭᠡᠵᠢᠯ ᠤᠨ ᠪᠣᠯᠪᠠᠰᠤᠷᠠᠯ ᠤᠨ ᠰᠤᠷᠭᠠᠭᠤᠯᠢ ᠳᠠᠭᠠᠭᠠᠴᠢᠯᠠᠨ ᠡᠷᠭᠢᠯᠡᠭᠰᠡᠨ 《 ᠳᠤᠮᠳᠠᠳᠤ ᠤᠯᠤᠰ ᠤᠨ ᠪᠣᠳᠠᠰ ᠤᠨ ᠪᠤᠰᠤ ᠰᠣᠶᠣᠯ  ᠤᠨ ᠥᠪ ᠤᠨ ᠤᠯᠠᠮᠵᠢᠯᠠᠭᠴᠢ ᠶᠢ ᠰᠤᠳᠤᠯᠤᠨ ᠪᠣᠯᠪᠠᠰᠤᠷᠠᠭᠤᠯᠬᠤ ᠲᠥᠯᠥᠪᠯᠡᠭᠡ — ᠮᠣᠷᠢᠨ ᠬᠤᠭᠤᠷ ᠬᠥᠭᠵᠢᠮᠳᠡᠬᠦ ᠤᠷ᠎ᠠ ᠮᠡᠷᠭᠡᠵᠢᠯ᠂ ᠬᠤᠷᠴᠢᠨ ᠭᠡᠰᠡᠷ ᠤᠨ ᠪᠣᠯᠪᠠᠰᠤᠷᠠᠯ ᠤᠨ ᠠᠩᠭᠢ 》 ᠤᠯᠠᠭᠠᠨᠬᠤᠲᠠ ᠳᠤ ᠬᠢᠴᠢᠶᠡᠯ ᠡᠬᠢᠯᠡᠪᠡ  ᠃
     ᠲᠤᠰ ᠤᠳᠠᠭᠠᠨ ᠤ ᠪᠣᠯᠪᠠᠰᠤᠷᠠᠯ 10 ᠡᠳᠦᠷ ᠶᠠᠪᠤᠭᠳᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠠᠯᠢᠭ  ᠤᠨ ᠰᠤᠳᠤᠯᠭᠠᠨ ᠤ ᠬᠦᠷᠢᠶᠡᠯᠡᠩ᠂ ᠥᠪᠥᠷ ᠮᠣᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ  ᠤ ᠬᠦᠷᠢᠶᠡᠯᠡᠩ ᠤᠨ ᠤᠳᠬ᠎ᠠ ᠵᠣᠬᠢᠶᠠᠯ ᠰᠤᠳᠤᠯᠬᠤ ᠭᠠᠵᠠᠷ᠂ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠵᠡᠷᠭᠡ ᠨᠢᠭᠡᠴᠢ ᠶᠢᠨ ᠪᠠᠭᠰᠢ ᠶᠢ ᠤᠷᠢᠵᠤ ᠬᠢᠴᠢᠶᠡᠯ ᠣᠷᠣᠭᠤᠯᠪᠠ  ᠃ ᠬᠢᠩᠭᠠᠨ ᠠᠶᠢᠮᠠᠭ ᠤᠨ ᠮᠣᠷᠢᠨ ᠬᠤᠭᠤᠷ ᠬᠥᠭᠵᠢᠮᠳᠡᠬᠦ ᠤᠷ᠎ᠠ ᠮᠡᠷᠭᠡᠵᠢᠯ ᠪᠠ ᠭᠡᠰᠡᠷ ᠤᠨ ᠤᠯᠠᠮᠵᠢᠯᠠᠭᠴᠢ ᠵᠡᠷᠭᠡ 60 ᠰᠤᠷᠤᠯᠭᠠᠲᠠᠨ ᠪᠣᠯᠪᠠᠰᠤᠷᠠᠯ ᠳᠤ ᠣᠷᠣᠯᠴᠠᠪᠠ  ᠃      ᠬᠢᠩᠭᠠᠨ ᠠᠶᠢᠮᠠᠭ ᠤᠨ ᠰᠣᠶᠣᠯ ᠤᠨ ᠰᠠᠭᠤᠷᠢ ᠵᠤᠵᠠᠭᠠᠨ᠂ ᠠᠷᠪᠠᠨ ᠶᠡᠭᠡ ᠲᠥᠷᠥᠯ᠂ 400 ᠭᠠᠷᠤᠶ ᠵᠦᠶᠯ  ᠤᠨ ᠪᠣᠳᠠᠰ ᠤᠨ ᠪᠤᠰᠤ ᠰᠣᠶᠣᠯ ᠤᠨ ᠥᠪ ᠲᠠᠢ᠂ ᠤᠯᠤᠰ ᠤᠨ ᠲᠠᠰ ᠤᠨ ᠲᠥᠯᠥᠭᠡᠯᠡᠬᠦ ᠴᠢᠨᠠᠷᠲᠠᠶ ᠤᠯᠠᠮᠵᠢᠯᠠᠨ ᠵᠠᠯᠭᠠᠮᠵᠢᠯᠠᠭᠴᠢ 6 ᠬᠥᠮᠦᠨ᠂ ᠥᠪᠡᠷᠲᠡᠭᠡᠨ ᠵᠠᠰᠠᠬᠤ ᠣᠷᠣᠨ ᠤ ᠲᠠᠰ ᠤᠨ ᠲᠥᠯᠥᠭᠡᠯᠡᠬᠦ ᠴᠢᠨᠠᠷᠲᠠᠶ ᠤᠯᠠᠮᠵᠢᠯᠠᠨ ᠵᠠᠯᠭᠠᠮᠵᠢᠯᠠᠭᠴᠢ 65 ᠬᠥᠮᠦᠨ᠂ ᠠᠶᠢᠮᠠᠭ ᠤᠨ ᠲᠠᠰ ᠤᠨ ᠲᠥᠯᠥᠭᠡᠯᠡᠬᠦ ᠴᠢᠨᠠᠷᠲᠠᠶ ᠤᠯᠠᠮᠵᠢᠯᠠᠨ ᠵᠠᠯᠭᠠᠮᠵᠢᠯᠠᠭᠴᠢ 468 ᠬᠥᠮᠦᠨ᠂ ᠬᠤᠰᠢᠭᠤ ᠰᠢᠶᠠᠨ ᠬᠤᠲᠠ ᠶᠢᠨ ᠲᠠᠰ ᠤᠨ ᠲᠥᠯᠥᠭᠡᠯᠡᠬᠦ ᠴᠢᠨᠠᠷᠲᠠᠶ ᠤᠯᠠᠮᠵᠢᠯᠠᠨ ᠵᠠᠯᠭᠠᠮᠵᠢᠯᠠᠭᠴᠢ 850 ᠬᠥᠮᠦᠨ ᠪᠠᠶᠢᠵᠤ᠂ ᠨᠡᠯᠢᠶᠡᠳ ᠪᠦᠷᠢᠨ ᠲᠡᠭᠦᠯᠳᠡᠷ ᠪᠣᠳᠠᠰ ᠤᠨ ᠪᠤᠰᠤ ᠰᠣᠶᠣᠯ ᠤᠨ ᠤᠯᠠᠮᠵᠢᠯᠠᠨ ᠬᠠᠮᠠᠭᠠᠯᠠᠬᠤ ᠰᠢᠰᠲ᠋ᠧᠮ ᠢ ᠪᠣᠶ ᠪᠣᠯᠭᠠᠭᠰᠠᠨ ᠪᠠᠶᠢᠨ᠎ᠠ᠃ ᠲᠣᠰ ᠤᠳᠠᠭᠠᠨ ᠤ ᠪᠣᠯᠪᠠᠰᠤᠷᠠᠯ ᠢᠶᠠᠷ ᠳᠡᠮᠵᠢᠨ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ ᠶᠢᠨ ᠤᠯᠠᠮᠵᠢᠯᠠᠨ ᠵᠠᠯᠭᠠᠮᠵᠢᠯᠠᠬᠤ ᠴᠢᠳᠠᠪᠤᠷᠢ ᠪᠠ ᠤᠷ᠎ᠠ ᠮᠡᠷᠭᠡᠵᠢᠯ ᠤᠨ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠣᠳᠠᠰ ᠤᠨ ᠪᠤᠰᠤ ᠰᠣᠶᠣᠯ ᠤᠨ ᠥᠪ ᠤᠨ ᠰᠠᠭᠤᠷᠢ ᠶᠢ ᠲᠠᠰᠤᠷᠠᠯᠲᠠ ᠥᠬᠡᠶ ᠪᠠᠬᠢᠵᠢᠭᠦᠯᠵᠦ᠂ ᠬᠢᠩᠭᠠᠨ ᠠᠶᠢᠮᠠᠭ ᠤᠨ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠴᠤ᠂ ᠳᠠᠬᠢᠨ ᠰᠢᠨ᠎ᠡ ᠠᠮᠵᠢᠯᠲᠠ ᠪᠦᠲᠦᠮᠵᠢ ᠤᠯᠬᠤ ᠶᠢ ᠠᠬᠢᠭᠤᠯᠬᠤ ᠪᠣᠯᠤᠨ᠎ᠠ᠃
 
ᠢᠷᠡᠯᠲᠡ᠄ ᠬᠢᠩᠭᠠᠨ ᠠᠶᠢᠮᠠᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号