ᠬᠢᠩᠭᠠᠨ ᠠᠶᠢᠮᠠᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠨᠠᠰᠤᠵᠢᠯ ᠤᠨ ᠠᠰᠠᠷᠠᠮᠵᠢ  ᠶᠢᠨ ᠮᠡᠬᠡᠯᠡᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/6/23
     ᠨᠠᠰᠤᠵᠢᠯ ᠤᠨ ᠠᠰᠠᠷᠠᠮᠵᠢ ᠶᠢᠨ ᠮᠡᠬᠡᠯᠡᠯ ᠤᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠪᠥᠬᠦ ᠠᠶᠢᠮᠠᠭ ᠤᠨ ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠠᠵᠤ ᠠᠬᠤᠶ ᠶᠢᠨ ᠡᠮᠬᠢ ᠳᠢᠭᠯᠢᠮ ᠢ ᠤᠯᠠᠮ ᠨᠢᠭᠡ ᠠᠯᠬᠤᠮ ᠵᠢᠷᠤᠮᠵᠢᠭᠤᠯᠤᠨ᠂ ᠰᠣᠶᠣᠯ ᠵᠢᠭᠤᠯᠴᠢᠯᠠᠯ ᠤᠨ ᠦᠶᠯᠡᠰ ᠤᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠬᠦ ᠶᠢ ᠠᠬᠢᠭᠤᠯᠵᠤ᠂ ᠨᠠᠰᠤᠲᠠᠶᠢᠴᠤᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢᠨ ᠲᠥᠯᠥᠭᠡ᠂ 6 ᠳ᠋ᠤᠭᠠᠷ ᠰᠠᠷ᠎ᠠ ᠶᠢᠨ 13 ᠤ ᠡᠳᠦᠷ᠂ ᠬᠢᠩᠭᠠᠨ ᠠᠶᠢᠮᠠᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠬᠢᠩᠭᠠᠨ ᠠᠶᠢᠮᠠᠭ ᠤᠨ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠲᠠᠢ ᠬᠠᠮᠲᠤᠷᠠᠨ ᠬᠤᠲᠠ ᠶᠢᠨ ᠲᠡᠭᠦᠷᠭᠡ  ᠶᠢᠨ ᠬᠡᠷᠡᠭ ᠡᠷᠬᠢᠯᠡᠬᠦ ᠭᠠᠵᠠᠷ ᠤᠨ ᠬᠤᠸᠠᠨ ᠱᠠᠨ ᠨᠡᠶᠢᠭᠡᠮ ᠲᠣᠭᠤᠷᠢᠭ ᠲᠤ ᠨᠠᠰᠤᠵᠢᠯ ᠤᠨ ᠠᠰᠠᠷᠠᠮᠵᠢ ᠶᠢᠨ ᠮᠡᠬᠡᠯᠡᠯ  ᠳᠤ ᠴᠣᠬᠢᠯᠲᠠ ᠥᠭᠴᠦ ᠴᠡᠭᠴᠡᠯᠡᠨ ᠵᠠᠰᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠣᠯᠠᠨ ᠲᠦᠮᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠦᠨᠡᠨ ᠬᠦ ᠴᠢᠩᠭᠠᠳᠬᠠᠪᠠ  ᠃      ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠬᠢᠩᠭᠠᠨ ᠠᠶᠢᠮᠠᠭ ᠤᠨ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ  ᠲᠤᠪᠴᠢᠶᠠᠨ  ᠤ ᠬᠤᠶᠠᠳᠤᠭᠠᠷ ᠰᠠᠯᠠᠭᠠᠨ ᠤ ᠳᠠᠷᠤᠭ᠎ᠠ ᠰᠢᠤᠢ ᠶᠠᠨ ᠯᠢᠨ᠂ ᠬᠠᠤᠯᠢ ᠬᠡᠷᠡᠭᠵᠢᠭᠦᠯᠬᠦ ᠭᠤᠷᠪᠠᠳᠤᠭᠠᠷ ᠰᠠᠯᠠᠭᠠᠨ ᠤ ᠳᠠᠷᠤᠭ᠎ᠠ ᠸᠠᠩ ᠵᠢᠶᠠ ᠵᠢᠶᠠ ᠨᠡᠶᠢᠭᠡᠮ ᠲᠣᠭᠤᠷᠢᠭ ᠤᠨ ᠣᠯᠠᠨ ᠲᠦᠮᠡᠨ ᠳᠤ 《 ᠵᠦᠶ ᠵᠣᠬᠢᠰ ᠥᠬᠡᠶ ᠬᠢᠮᠳᠠ ᠦᠨ᠎ᠡ ᠶᠢᠨ ᠵᠢᠭᠤᠯᠴᠢᠯᠠᠯ 》᠂ ᠠᠬᠠᠮᠠᠳ ᠨᠠᠰᠤᠲᠠᠨ ᠳᠤ ᠬᠤᠯᠪᠤᠭᠳᠠᠬᠤ ᠵᠢᠭᠤᠯᠴᠢᠯᠠᠯ ᠤᠨ ᠮᠡᠬᠡᠯᠡᠯ ᠤᠨ ᠠᠵᠢᠯᠯᠠᠭ᠎ᠠ᠂ ᠤᠷᠠᠯᠢᠭ ᠤᠨ ᠪᠦᠲᠦᠭᠡᠯ ᠤᠨ ᠮᠡᠬᠡᠯᠡᠯ ᠵᠡᠷᠭᠡ ᠠᠭᠤᠯᠭ᠎ᠠ ᠶᠢ ᠲᠠᠶᠢᠯᠪᠤᠷᠢᠯᠠᠨ ᠥᠭᠭᠦᠭᠰᠡᠨ ᠪᠥᠭᠡᠳ ᠨᠠᠰᠤᠵᠢᠯ ᠤᠨ ᠠᠰᠠᠷᠠᠮᠵᠢ ᠶᠢᠨ ᠮᠡᠬᠡᠯᠡᠯ ᠢ ᠰᠡᠷᠭᠡᠶᠢᠯᠡᠬᠦ 《 ᠤᠷᠠᠨ ᠠᠷᠭ᠎ᠠ 》 ᠭᠠᠷᠭᠠᠵᠤ᠂ ᠨᠠᠰᠤᠲᠠᠶᠢᠴᠤᠳ ᠤᠨ ᠬᠠᠤᠯᠢ ᠲᠦᠷᠢᠮ ᠤᠨ ᠤᠬᠠᠮᠰᠠᠷ ᠪᠠ ᠮᠡᠬᠡᠯᠡᠯ ᠢ ᠲᠠᠨᠢᠬᠤ ᠴᠢᠳᠠᠪᠤᠷᠢ ᠶᠢ ᠳᠡᠭᠡᠭᠰᠢᠯᠡᠭᠦᠯᠪᠡ᠃ ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 100 ᠭᠠᠷᠤᠶ ᠬᠤᠪᠢ ᠤᠬᠠᠭᠤᠯᠭ᠎ᠠ ᠶᠢᠨ ᠳᠡᠪᠲᠡᠷ᠂ ᠤᠬᠠᠭᠤᠯᠭ᠎ᠠ ᠶᠢᠨ ᠬᠠᠭᠤᠳᠠᠰᠤ ᠵᠡᠷᠭᠡ ᠡᠯ᠎ᠡ ᠲᠥᠷᠥᠯ ᠤᠨ ᠨᠠᠰᠤᠵᠢᠯ ᠤᠨ ᠠᠰᠠᠷᠠᠮᠵᠢ  ᠶᠢᠨ ᠮᠡᠬᠡᠯᠡᠯ ᠤᠨ ᠤᠬᠠᠭᠤᠯᠭ᠎ᠠ ᠶᠢᠨ ᠪᠣᠳᠠᠰ ᠲᠠᠷᠬᠠᠭᠠᠪᠠ  ᠃
 
ᠢᠷᠡᠯᠲᠡ᠄ ᠬᠢᠩᠭᠠᠨ ᠠᠶᠢᠮᠠᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号