ᠪᠤᠭᠤᠲᠤ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ 《 ᠰᠣᠶᠣᠯ ᠪᠠ ᠪᠠᠶᠢᠭᠠᠯᠢ  ᠶᠢᠨ ᠥᠪ ᠤᠨ ᠡᠳᠦᠷ 》 ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/6/23
     ᠰᠣᠶᠣᠯ ᠤᠨ ᠥᠪ ᠢ ᠬᠠᠮᠠᠭᠠᠯᠠᠨ ᠤᠯᠠᠮᠵᠢᠯᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠬᠤ ᠶᠢᠨ ᠲᠥᠯᠥᠭᠡ᠂ 6 ᠳ᠋ᠤᠭᠠᠷ ᠰᠠᠷ᠎ᠠ ᠶᠢᠨ 11 ᠤ ᠡᠳᠦᠷ᠂ ᠪᠤᠭᠤᠲᠤ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠲᠡᠦᠬᠡ ᠶᠢᠨ ᠳᠤᠷᠠᠰᠬᠠᠯᠲᠤ ᠵᠦᠶᠯᠡᠰ ᠤᠨ ᠥᠪ ᠢ ᠬᠠᠮᠠᠭᠠᠯᠠᠬᠤ ᠤᠬᠠᠭᠤᠯᠭ᠎ᠠ ᠶᠢᠨ ᠮᠠᠲ᠋ᠧᠷᠢᠶᠠᠯ ᠢ ᠳᠠᠷᠤᠮᠠᠯᠯᠠᠨ ᠦᠶᠯᠡᠳᠴᠦ᠂ ᠤᠬᠠᠭᠤᠯᠭ᠎ᠠ ᠶᠢᠨ ᠳᠡᠯᠭᠡᠨ ᠦᠵᠡᠭᠦᠯᠬᠦ ᠰᠠᠮᠪᠠᠷ᠎ᠠ ᠵᠣᠬᠢᠶᠠᠵᠤ᠂ ᠪᠤᠭᠤᠲᠤ ᠶᠢᠨ ᠴᠡᠩᠭᠡᠯ ᠤᠨ ᠬᠦᠷᠢᠶᠡᠯᠡᠩ ᠠᠭᠤᠳᠠᠮ ᠲᠠᠯᠠᠪᠠᠶ ᠳᠤ 《 ᠰᠣᠶᠣᠯ ᠪᠠ ᠪᠠᠶᠢᠭᠠᠯᠢ ᠶᠢᠨ ᠥᠪ ᠤᠨ ᠡᠳᠦᠷ 》 ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ  ᠃      ᠪᠤᠭᠤᠲᠤ ᠶᠢᠨ ᠲᠡᠦᠬᠡ ᠥᠨᠢ ᠤᠳᠠᠭᠠᠨ᠂ ᠰᠣᠶᠣᠯ ᠤᠨ ᠠᠭᠤᠯᠤᠭᠳᠠᠬᠤᠨ ᠭᠦᠨ ᠵᠤᠵᠠᠭᠠᠨ ᠶᠤᠮ  ᠃ ᠪᠦᠬᠦ ᠨᠡᠶᠢᠭᠡᠮ ᠤᠨ ᠬᠢᠨ ᠤ ᠪᠤᠭᠤᠲᠤ ᠬᠤᠲᠠ ᠶᠢᠨ ᠰᠣᠶᠣᠯ ᠤᠨ ᠥᠪ ᠬᠥᠷᠥᠩᠭᠡ ᠶᠢᠨ ᠲᠤᠬᠠᠶ ᠲᠠᠨᠢᠯᠲᠠ ᠪᠣᠯᠤᠨ ᠣᠶᠢᠯᠠᠭᠠᠯᠲᠠ ᠶᠢ ᠤᠯᠠᠮ ᠨᠢᠭᠡ ᠠᠯᠬᠤᠮ ᠨᠡᠮᠡᠭᠳᠡᠭᠦᠯᠵᠦ᠂ ᠲᠡᠦᠬᠡ ᠰᠣᠶᠣᠯ ᠤᠨ ᠥᠪ ᠬᠥᠷᠥᠩᠭᠡ ᠶᠢᠨ ᠬᠠᠮᠠᠭᠠᠯᠠᠯᠲᠠ ᠶᠢᠨ ᠦᠵᠡᠯ ᠤᠬᠠᠮᠰᠠᠷ ᠢ ᠳᠡᠭᠡᠭᠰᠢᠯᠡᠭᠦᠯᠬᠦ ᠶᠢᠨ ᠲᠤᠰᠠᠳᠠ᠂ ᠲᠤᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ  ᠦᠰᠦᠭ ᠵᠢᠷᠤᠭ ᠢ ᠬᠤᠣᠰᠯᠠᠭᠤᠯᠤᠭᠰᠠᠨ ᠦᠵᠡᠭᠦᠯᠭᠡ ᠶᠢᠨ ᠰᠠᠮᠪᠠᠷ᠎ᠠ ᠶᠢ ᠳᠡᠯᠭᠡᠨ ᠦᠵᠡᠭᠦᠯᠬᠦ᠂ ᠤᠬᠠᠭᠤᠯᠭ᠎ᠠ ᠶᠢᠨ ᠳᠡᠪᠲᠡᠷ ᠲᠠᠷᠬᠠᠭᠠᠬᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠥᠪ ᠤᠨ ᠮᠡᠳᠡᠯᠭᠡ ᠶᠢ ᠲᠠᠶᠢᠯᠪᠤᠷᠢᠯᠠᠬᠤ ᠵᠡᠷᠭᠡ ᠬᠡᠯᠪᠡᠷᠢ ᠪᠠᠷ ᠪᠤᠭᠤᠲᠤ ᠬᠤᠲᠠ ᠶᠢᠨ ᠲᠡᠦᠬᠡ ᠰᠣᠶᠣᠯ ᠤᠨ ᠡᠬᠢ ᠪᠠᠶᠠᠯᠢᠭ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠵᠡᠷᠭᠡ ᠠᠭᠤᠯᠭ᠎ᠠ ᠳᠤ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠬᠢᠭᠰᠡᠨ ᠪᠠᠶᠢᠨ᠎ᠠ  ᠃      ᠲᠡᠦᠬᠡ ᠰᠣᠶᠣᠯ ᠤᠨ ᠥᠪ ᠪᠣᠯᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠤᠬᠠᠭᠤᠯᠭ᠎ᠠ ᠶᠢᠨ ᠠᠵᠢᠯᠯᠠᠭ᠎ᠠ ᠡᠷᠬᠢᠯᠡᠬᠦ ᠪᠠᠷ ᠳᠠᠮᠵᠢᠨ᠂ ᠪᠦᠬᠦ ᠨᠡᠶᠢᠭᠡᠮ ᠢᠶᠠᠷ ᠢᠶᠠᠨ ᠰᠣᠶᠣᠯ ᠤᠨ ᠥᠪ ᠬᠥᠷᠥᠩᠭᠡ ᠶᠢᠨ ᠬᠠᠮᠠᠭᠠᠯᠠᠯᠲᠠ  ᠳᠤ ᠬᠠᠮᠲᠤ ᠪᠠᠷ ᠣᠷᠣᠯᠴᠠᠬᠤ ᠰᠠᠶᠢᠨ ᠰᠠᠶᠢᠬᠠᠨ ᠣᠷᠴᠢᠨ ᠠᠬᠤᠶ ᠶᠢ ᠪᠣᠶ ᠪᠣᠯᠭᠠᠭᠰᠠᠨ ᠪᠠᠶᠢᠨ᠎ᠠ  ᠃
 
ᠢᠷᠡᠯᠲᠡ᠄ ᠪᠤᠭᠤᠲᠤ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号