ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠶᠯᠡᠰ ᠤᠨ ᠲᠣᠪᠴᠢᠶ᠎ᠠ 《〈 ᠬᠤᠶᠠᠷ  ᠢ ᠴᠤᠭᠴᠠᠯᠠᠬᠤ〉 ᠶᠢ ᠭᠦᠨᠵᠡᠭᠡᠶ ᠠᠬᠢᠭᠤᠯᠬᠤ — ᠤᠯᠤᠰ ᠤᠨ ᠴᠡᠴᠡᠷᠯᠢᠭ᠂ ᠤᠯᠤᠰ ᠤᠨ ᠰᠣᠶᠣᠯ ᠤᠨ ᠴᠡᠴᠡᠷᠯᠢᠭ᠂ ᠤᠯᠤᠰ ᠤᠨ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ ᠲᠤ ᠲᠤᠪᠴᠢᠬᠠᠨ ᠵᠠᠳᠠᠯᠤᠯᠲᠠ ᠬᠢᠬᠦ 〉ᠲᠤᠰᠬᠠᠶ ᠰᠡᠳᠦᠪᠲᠦ ᠲᠠᠶᠢᠯᠤᠮᠵᠢ ᠡᠷᠭᠢᠯᠡᠪᠡ
ᠨᠡᠶᠢᠲᠡᠯᠡᠭᠰᠡᠨ ᠴᠠᠭ᠄
2022/6/23
   6 ᠳ᠋ᠤᠭᠠᠷ ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ《 ᠬᠤᠶᠠᠷ ᠢ ᠴᠤᠭᠴᠠᠯᠠᠬᠤ 》ᠠᠵᠢᠯ ᠢ ᠭᠦᠨᠵᠡᠭᠡᠶ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ  ᠤ ᠬᠠᠮᠲᠤ ᠶᠢᠨ ᠣᠶᠤᠨ ᠰᠠᠨᠠᠭᠠᠨ ᠤ ᠬᠡᠷ ᠣᠷᠣᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠤᠨ᠂ ᠪᠦᠬᠦ ᠨᠠᠮ ᠤᠨ ᠭᠡᠰᠢᠭᠦᠨ ᠺᠠᠳ᠋ᠷᠴᠤᠳ ᠤᠨ ᠰᠣᠶᠣᠯ ᠤᠨ ᠢᠲᠡᠭᠡᠯ ᠢ ᠳᠡᠭᠡᠭᠰᠢᠯᠡᠭᠦᠯᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠶᠯᠡᠰ ᠤᠨ ᠲᠣᠪᠴᠢᠶ᠎ᠠ《〈 ᠬᠤᠶᠠᠷ ᠢ ᠴᠤᠭᠴᠠᠯᠠᠬᠤ 〉 ᠶᠢ ᠭᠦᠨᠵᠡᠭᠡᠶ ᠠᠬᠢᠭᠤᠯᠬᠤ — ᠤᠯᠤᠰ ᠤᠨ ᠴᠡᠴᠡᠷᠯᠢᠭ᠂ ᠤᠯᠤᠰ ᠤᠨ ᠰᠣᠶᠣᠯ ᠤᠨ ᠴᠡᠴᠡᠷᠯᠢᠭ᠂ ᠤᠯᠤᠰ ᠤᠨ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ ᠲᠤ ᠲᠤᠪᠴᠢᠬᠠᠨ ᠵᠠᠳᠠᠯᠤᠯᠲᠠ ᠬᠢᠬᠦ 》ᠲᠤᠰᠬᠠᠶ ᠰᠡᠳᠦᠪᠲᠦ ᠲᠠᠶᠢᠯᠤᠮᠵᠢ ᠡᠷᠭᠢᠯᠡᠪᠡ᠃ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠡᠦᠬᠡ ᠶᠢᠨ ᠳᠤᠷᠠᠰᠬᠠᠯᠲᠤ ᠵᠦᠶᠯᠡᠰ ᠤᠨ ᠲᠣᠪᠴᠢᠶ᠎ᠠ ᠶᠢᠨ ᠳᠠᠷᠤᠭ᠎ᠠ ᠼᠤᠤ ᠵᠢᠶᠠᠨ ᠧᠨ᠂ ᠲᠡᠦᠬᠡ ᠶᠢᠨ ᠳᠤᠷᠠᠰᠬᠠᠯᠲᠤ ᠵᠦᠶᠯᠡᠰ ᠤᠨ ᠲᠣᠪᠴᠢᠶ᠎ᠠ ᠶᠢᠨ ᠳᠡᠳ᠋ ᠳᠠᠷᠤᠭ᠎ᠠ ᠵᠣᠣ ᠵᠢᠶᠠᠨ ᠬᠤᠸᠠ ᠲᠤᠰᠬᠠᠶ ᠰᠡᠳᠦᠪᠲᠦ ᠲᠠᠶᠢᠯᠤᠮᠵᠢ ᠳᠤ ᠣᠷᠣᠯᠴᠠᠪᠠ᠃
    ᠲᠠᠶᠢᠯᠤᠮᠵᠢ ᠳᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠪᠠ ᠬᠠᠭᠤᠴᠢ ᠰᠤᠳᠤᠯᠤᠯ ᠤᠨ ᠭᠠᠵᠠᠷ ᠤᠨ ᠳᠡᠳ᠋ ᠳᠠᠷᠤᠭ᠎ᠠ ᠯᠢᠦ ᠶᠠᠨ ᠴᠦᠨ《〈 ᠬᠤᠶᠠᠷ ᠢ ᠴᠣᠭᠴᠠᠯᠠᠬᠤ 〉 ᠶᠢ ᠭᠦᠨᠵᠡᠭᠡᠢ ᠠᠬᠢᠭᠤᠯᠬᠤ — ᠤᠯᠤᠰ ᠤᠨ ᠴᠡᠴᠡᠷᠯᠢᠭ᠂ ᠤᠯᠤᠰ ᠤᠨ ᠰᠣᠶᠣᠯ ᠤᠨ ᠴᠡᠴᠡᠷᠯᠢᠭ᠂ ᠤᠯᠤᠰ ᠤᠨ ᠬᠠᠭᠤᠴᠢ ᠰᠤᠳᠤᠯᠤᠯ ᠤᠨ ᠪᠠᠭᠤᠷᠢ  ᠶᠢᠨ ᠴᠡᠴᠡᠷᠯᠢᠭ ᠲᠤ ᠲᠤᠪᠴᠢᠬᠠᠨ ᠵᠠᠳᠠᠯᠤᠯᠲᠠ ᠬᠢᠬᠦ 》ᠭᠡᠬᠦ ᠰᠡᠳᠦᠪ ᠢᠶᠠᠷ ᠤᠯᠤᠰ ᠤᠨ ᠴᠡᠴᠡᠷᠯᠢᠭ᠂ ᠤᠯᠤᠰ ᠤᠨ ᠰᠣᠶᠣᠯ ᠤᠨ ᠴᠡᠴᠡᠷᠯᠢᠭ᠂ ᠤᠯᠤᠰ ᠤᠨ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ ᠤᠨ ᠤᠬᠠᠭᠳᠠᠬᠤᠨ᠂ ᠠᠴᠢ ᠬᠤᠯᠪᠣᠭᠳᠠᠯ᠂ ᠬᠥᠭᠵᠢᠯᠲᠡ ᠶᠢᠨ ᠰᠤᠳᠠᠰᠤ ᠵᠢᠴᠢ ᠬᠥᠭᠵᠢᠯᠲᠡ ᠶᠢᠨ ᠣᠳᠣᠬᠢ ᠪᠠᠶᠢᠳᠠᠯ ᠢ ᠡᠮᠬᠢᠯᠡᠪᠡ᠃ ᠪᠣᠳᠠᠲᠠᠶ ᠲᠠᠢ ᠪᠠᠨ ᠤᠶᠠᠯᠳᠤᠭᠤᠯᠤᠨ ᠠᠵᠢᠯᠯᠠᠵᠤ᠂ ᠮᠠᠨ ᠤ ᠣᠷᠣᠨ ᠤ ᠣᠷᠳᠣ ᠴᠠᠭᠠᠨ ᠬᠡᠷᠡᠮ᠂ ᠬᠠᠲᠤᠨ ᠭᠤᠤᠯ  ᠤᠨ ᠤᠯᠤᠰ ᠤᠨ ᠰᠣᠶᠣᠯ ᠤᠨ ᠴᠡᠴᠡᠷᠯᠢᠭ ᠪᠠ ᠤᠯᠤᠰ ᠤᠨ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ  ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠭᠤᠤᠯᠳᠠᠯᠭ᠎ᠠ ᠲᠠᠢ ᠵᠠᠳᠠᠯᠤᠭᠰᠠᠨ ᠤ ᠬᠠᠮᠲᠤ᠂ ᠰᠢᠨ᠎ᠡ ᠶᠢ ᠡᠭᠦᠳᠬᠦ ᠴᠢᠨᠠᠷᠲᠠᠶ ᠠᠵᠢᠯ ᠤᠨ ᠰᠡᠳᠬᠢᠮᠵᠢ ᠪᠠ ᠠᠷᠭ᠎ᠠ ᠬᠡᠮᠵᠢᠶ᠎ᠡ ᠶᠢ ᠳᠤᠷᠠᠳᠪᠠ᠃ ᠲᠠᠶᠢᠯᠤᠮᠵᠢ ᠨᠢ ᠭᠤᠣᠯ ᠰᠡᠳᠦᠪ ᠢᠯᠡ ᠲᠣᠳᠣ᠂ ᠠᠭᠤᠯᠭ᠎ᠠ ᠪᠠᠶᠠᠯᠢᠭ᠂ ᠵᠢᠷᠤᠭ ᠪᠢᠴᠢᠭ ᠬᠤᠣᠰᠯᠠᠭᠰᠠᠨ᠂ ᠭᠦᠨᠵᠡᠭᠡᠢ ᠪᠥᠭᠡᠳ ᠣᠶᠢᠯᠠᠭᠠᠮᠵᠢᠲᠠᠢ ᠪᠠᠶᠢᠵᠤ᠂ ᠮᠠᠰᠢ ᠴᠢᠩᠭ᠎ᠠ ᠤᠨᠤᠯ ᠤᠨ ᠴᠢᠨᠠᠷ᠂ ᠦᠢᠯᠡᠳᠦᠯᠭᠡ ᠶᠢᠨ ᠴᠢᠨᠠᠷ ᠪᠠ ᠵᠢᠯᠣᠭᠤᠳᠬᠤ ᠴᠢᠨᠠᠷ ᠲᠠᠢ ᠶᠤᠮ᠃
     ᠲᠣᠰ ᠤᠳᠠᠭ᠎ᠠ ᠶᠢᠨ ᠲᠠᠶᠢᠯᠤᠮᠵᠢ ᠪᠠᠷ ᠳᠡᠮᠵᠢᠨ᠂ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠶᠯᠡᠰ ᠤᠨ ᠲᠣᠪᠴᠢᠶ᠎ᠠ ᠶᠢᠨ ᠪᠥᠬᠦ ᠨᠠᠮ ᠤᠨ ᠭᠡᠰᠢᠭᠦᠨ ᠺᠠᠳ᠋ᠷᠴᠤᠳ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠵᠢᠴᠢ ᠤᠯᠤᠰ ᠤᠨ ᠴᠡᠴᠡᠷᠯᠢᠭ ᠤᠨ ᠣᠶᠢᠯᠠᠭᠠᠭᠳᠠᠬᠤᠨ ᠪᠣᠯᠤᠨ ᠰᠢᠨ᠎ᠡ ᠴᠠᠭ ᠦᠶ᠎ᠡ ᠶᠢᠨ ᠨᠠᠮ ᠪᠣᠯᠤᠨ ᠤᠯᠤᠰ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠠᠭᠤᠤ ᠶᠡᠭᠡ ᠠᠮᠵᠢᠯᠲᠠ ᠪᠦᠲᠦᠮᠵᠢ ᠶᠢ ᠳᠠᠬᠢᠨᠲᠠ ᠭᠦᠨᠵᠡᠭᠡᠶ ᠰᠤᠷᠤᠯᠴᠠᠵᠤ᠂ ᠪᠥᠬᠦ ᠨᠠᠮ ᠤᠨ ᠭᠡᠰᠢᠭᠦᠨ ᠺᠠᠳ᠋ᠷᠴᠤᠳ ᠤᠨ ᠦᠨᠳᠦᠰᠦᠲᠡᠨ ᠤ ᠣᠮᠣᠭᠰᠢᠯᠲᠤ ᠰᠡᠳᠬᠢᠯᠭᠡ ᠪᠣᠯᠤᠨ ᠰᠣᠶᠣᠯ ᠤᠨ ᠢᠲᠡᠭᠡᠯ ᠢ ᠨᠡᠮᠡᠭᠳᠡᠭᠦᠯᠵᠦ᠂ ᠪᠥᠬᠦ ᠨᠠᠮ ᠤᠨ ᠭᠡᠰᠢᠭᠦᠨ ᠺᠠᠳ᠋ᠷᠴᠤᠳ ᠲᠤ《 ᠬᠦᠴᠦᠷᠬᠡᠭ ᠶᠡᠭᠡ ᠤᠷᠢᠶᠠᠯᠠᠬᠤ ᠬᠦᠴᠦᠨ ᠪᠠ ᠨᠥᠯᠥᠭᠡᠯᠡᠬᠦ ᠬᠦᠴᠦᠨ ᠲᠠᠢ ᠳᠤᠮᠳᠠᠳᠤ  ᠶᠢᠨ ᠰᠣᠶᠣᠯ ᠤᠨ ᠵᠥᠭᠡᠯᠡᠨ ᠪᠣᠳᠠᠲᠤ ᠬᠦᠴᠦᠨ ᠢ ᠪᠠᠶᠢᠭᠤᠯᠬᠤ 》ᠡᠨᠡ ᠬᠦ ᠴᠢᠬᠤᠯᠠ ᠶᠡᠭᠡ ᠨᠤᠲᠠᠯᠠᠯᠲᠠ ᠶᠢ ᠭᠦᠨᠵᠡᠭᠡᠶ ᠣᠶᠢᠯᠠᠭᠠᠭᠤᠯᠵᠠᠶ᠃ ᠪᠥᠬᠦ ᠨᠠᠮ ᠤᠨ ᠭᠡᠰᠢᠭᠦᠨ ᠺᠠᠳ᠋ᠷ᠂ ᠪᠣᠳᠠᠲᠤ ᠠᠵᠢᠯᠯᠠᠭ᠎ᠠ ᠪᠠᠷ ᠢᠶᠠᠨ ᠣᠷᠳᠣ ᠴᠠᠭᠠᠨ ᠬᠡᠷᠡᠮ᠂ ᠬᠠᠲᠤᠨ ᠭᠤᠤᠯ ᠤᠨ ᠤᠯᠤᠰ ᠤᠨ ᠰᠣᠶᠣᠯ ᠤᠨ ᠴᠡᠴᠡᠷᠯᠢᠭ ( ᠥᠪᠥᠷ ᠮᠣᠩᠭᠤᠯ ᠤᠨ ᠬᠡᠰᠡᠭ ) ᠪᠣᠯᠤᠨ ᠤᠯᠤᠰ ᠤᠨ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ《 ᠬᠤᠶᠠᠷ ᠢ ᠴᠣᠭᠴᠠᠯᠠᠬᠤ 》 ᠶᠢ ᠭᠦᠨᠵᠡᠭᠡᠶ ᠠᠬᠢᠭᠤᠯᠵᠤ᠂ ᠬᠠᠮᠲᠤ ᠶᠢᠨ ᠣᠶᠤᠨ ᠰᠠᠨᠠᠭᠠᠨ ᠤ ᠬᠡᠷ ᠣᠷᠣᠨ ᠢ ᠪᠠᠶᠢᠭᠤᠯᠬᠤ ᠳᠤ ᠢᠳᠡᠪᠬᠢᠲᠡᠶ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠪᠡ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号