6 ᠳ᠋ᠤᠭᠠᠷ ᠰᠠᠷ᠎ᠠ ᠶᠢᠨ 15 ᠤ ᠡᠳᠦᠷ ᠤᠨ ᠦᠳᠡ ᠶᠢᠨ ᠬᠤᠶᠢᠨ᠎ᠠ᠂ ᠥᠪᠥᠷ ᠮᠣᠩᠭᠤᠯ ᠤᠨ ᠤᠷᠠᠯᠢᠭ | ᠵᠦᠴᠦᠭᠡ ᠶᠢᠨ ᠬᠦᠷᠢᠶᠡᠯᠡᠩ ᠲᠤᠷᠰᠢᠯᠲᠠ ᠶᠢᠨ ᠲᠢᠶᠠᠲᠷ ᠤᠨ ᠳᠠᠭᠤᠯᠠᠯᠲᠤ ᠵᠦᠴᠦᠭᠡ《 ᠵᠠᠩᠭᠠᠷ ᠤᠨ ᠪᠠᠭᠠᠲᠤᠷ | ᠠᠷᠰᠯᠠᠨ 》 ᠢ ᠵᠠᠰᠠᠵᠤ ᠳᠡᠭᠡᠭᠰᠢᠯᠡᠭᠦᠯᠬᠦ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠃ | ᠵᠦᠴᠦᠭᠡ ᠶᠢᠨ ᠳᠤᠭᠤᠶᠢᠯᠠᠩ ᠤᠨ ᠬᠢᠨ ᠨᠠᠶᠮᠠᠳᠤᠭᠠᠷ ᠳᠠᠪᠬᠤᠷᠯᠢᠭ ᠤᠨ ᠬᠤᠷᠠᠯ ᠤᠨ ᠭᠡᠷ ᠲᠤ ᠬᠠᠮᠲᠤ ᠪᠠᠷ ᠵᠢᠷᠤᠭ | ᠰᠡᠭᠦᠳᠡᠷ ᠤᠨ ᠮᠠᠲ᠋ᠧᠷᠢᠶᠠᠯ ᠢ ᠦᠵᠡᠵᠦ᠂ ᠳᠠᠷᠠᠭ᠎ᠠ ᠠᠯᠬᠤᠮ ᠤᠨ ᠵᠠᠰᠠᠯᠲᠠ᠂ ᠳᠡᠭᠡᠭᠰᠢᠯᠡᠯᠲᠡ᠂ ᠲᠣᠭᠯᠠᠯᠲᠠ ᠶᠢᠨ | ᠲᠤᠬᠠᠶ ᠬᠠᠯᠠᠭᠤᠨ ᠢᠶᠠᠷ ᠶᠠᠷᠢᠯᠴᠠᠪᠠ᠃ | ᠳᠠᠭᠤᠯᠠᠯᠲᠤ ᠵᠦᠴᠦᠭᠡ《 ᠵᠠᠩᠭᠠᠷ ᠤᠨ ᠪᠠᠭᠠᠲᠤᠷ ᠠᠷᠰᠯᠠᠨ 》 ᠨᠢ ᠬᠠᠭᠠᠰ ᠵᠢᠯ ᠤᠨ ᠪᠣᠯᠪᠠᠰᠤᠷᠠᠯ᠂ | ᠲᠤᠷᠰᠢᠯᠲᠠ ᠶᠢᠨ ᠴᠢᠨᠠᠷᠲᠠᠶ ᠵᠣᠬᠢᠶᠠᠨ ᠪᠦᠲᠦᠭᠡᠯᠭᠡ ᠵᠢᠴᠢ ᠲᠤᠷᠰᠢᠨ ᠲᠣᠭᠯᠠᠬᠤ ᠪᠠᠷ ᠳᠡᠮᠵᠢᠨ᠂ ᠲᠤᠷᠰᠢᠯᠲᠠ ᠶᠢᠨ | ᠲᠢᠶᠠᠲᠷ ᠤᠨ ᠲᠥᠷᠥᠯ ᠵᠦᠶᠯ ᠠᠴᠠ ᠨᠡᠪᠴᠢᠨ ᠭᠠᠷᠴᠤ ᠢᠷᠡᠭᠡᠳ᠂ ᠨᠠᠩ ᠥᠷᠭᠡᠨ ᠠᠭᠤᠳᠠᠮ ᠣᠷᠣᠨ ᠵᠠᠶ ᠳᠤ | ᠬᠥᠷᠬᠦ ᠪᠣᠯᠤᠯ᠎ᠠ᠃ ᠲᠤᠰ ᠵᠦᠴᠦᠭᠡ ᠨᠢ《 ᠵᠠᠩᠭᠠᠷ 》ᠭᠡᠬᠦ ᠲᠤᠤᠯᠢᠰ ᠢᠶᠠᠷ ᠰᠡᠳᠦᠪᠯᠡᠵᠦ᠂ ᠪᠠᠭᠠᠲᠤᠷ ᠠᠨᠳᠠ ᠶᠢᠨ | ᠦᠵᠡᠰᠬᠦᠯᠡᠩᠲᠦ ᠰᠠᠶᠢᠬᠠᠨ ᠭᠡᠷ ᠣᠷᠣᠨ ᠢᠶᠠᠨ ᠪᠦᠲᠦᠭᠡᠨ ᠪᠠᠶᠢᠭᠤᠯᠬᠤ ᠶᠠᠪᠤᠴᠠ ᠳᠤ ᠬᠢ ᠰᠠᠯᠵᠤ ᠪᠣᠯᠤᠰᠢ ᠦᠭᠡᠢ | ᠨᠢᠭᠲᠠ ᠬᠠᠷᠢᠯᠴᠠᠭ᠎ᠠ ᠶᠢ ᠴᠢᠬᠤᠯᠠᠴᠢᠯᠠᠵᠤ᠂ ᠪᠦᠯᠬᠦᠮᠳᠡᠯ ᠤᠨ ᠠᠴᠢ ᠬᠤᠯᠪᠣᠭᠳᠠᠯ ᠢ ᠴᠢᠬᠤᠯᠠᠴᠢᠯᠠᠵᠤ᠂ ᠪᠣᠳᠠᠲᠤ | ᠠᠬᠤᠢ ᠶᠢᠨ ᠳᠤᠮᠳᠠ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠡᠭᠦᠳᠦᠨ | ᠪᠠᠶᠢᠭᠤᠯᠬᠤ ᠰᠠᠨᠠᠭᠠᠴᠢᠯᠠᠭ᠎ᠠ ᠲᠠᠢ ᠨᠢᠭᠡᠳᠦᠯᠲᠡᠢ ᠪᠠᠶᠢᠬᠤ ᠦᠵᠡᠯ ᠰᠠᠨᠠᠭᠠᠨ ᠤ ᠠᠭᠤᠯᠤᠭᠳᠠᠬᠤᠨ ᠢ ᠢᠯᠡᠷᠡᠭᠦᠯᠦᠭᠰᠡᠨ | ᠪᠠᠶᠢᠨ᠎ᠠ᠃ | ᠶᠠᠷᠢᠯᠴᠠᠬᠤ ᠬᠤᠷᠠᠯ ᠳᠡᠭᠡᠷ᠎ᠡ᠂ ᠵᠣᠬᠢᠶᠠᠨ ᠪᠦᠲᠦᠭᠡᠭᠴᠢ᠂ ᠲᠣᠭᠯᠠᠭᠴᠢᠳ ᠢᠳᠡᠪᠬᠢᠲᠡᠢ ᠪᠠᠷ ᠰᠠᠨᠠᠯ ᠢᠶᠠᠨ | ᠢᠯᠡᠳᠬᠡᠵᠦ᠂ ᠤᠯᠤᠯᠴᠠᠨ ᠰᠣᠯᠢᠯᠴᠠᠵᠤ᠂ ᠵᠠᠰᠠᠪᠤᠷᠢ ᠣᠷᠣᠭᠤᠯᠵᠤ ᠳᠡᠭᠡᠭᠰᠢᠯᠡᠭᠦᠯᠬᠦ ᠲᠥᠯᠥᠪᠯᠡᠭᠡ ᠶᠢ ᠬᠠᠮᠲᠤ ᠪᠠᠷ | ᠲᠣᠭᠲᠠᠭᠠᠪᠠ᠃ ᠲᠠᠷᠠᠭᠠᠴᠢ ᠶᠢᠨ ᠠᠯᠬᠤᠮ ᠳᠤ᠂ ᠲᠠᠭᠤᠯᠠᠯᠳᠤ ᠵᠦᠴᠦᠭᠡ《 ᠵᠠᠩᠭᠠᠷ ᠤᠨ ᠪᠠᠭᠠᠲᠤᠷ ᠠᠷᠰᠯᠠᠨ | 》 ᠤ ᠲᠠᠯᠠᠪᠠᠢ ᠳᠤ ᠲᠤᠭᠯᠠᠬᠤ ᠵᠠᠭᠪᠤᠷ᠂ ᠲᠣᠭᠤᠷᠢᠨ ᠲᠣᠭᠯᠠᠬᠤ ᠵᠠᠭᠪᠤᠷ᠂ ᠬᠤᠳᠠᠯᠳᠤᠭᠠᠨ ᠤ ᠲᠣᠭᠯᠠᠯᠲᠠ ᠶᠢᠨ | ᠵᠠᠭᠪᠤᠷ ᠵᠡᠷᠭᠡ ᠶᠢ ᠲᠤᠰ ᠲᠤᠰ ᠵᠣᠬᠢᠶᠠᠨ ᠪᠦᠲᠦᠭᠡᠵᠦ᠂ ᠣᠷᠣᠨ ᠤ ᠳᠣᠲᠣᠨ᠎ᠠ ᠭᠠᠳᠠᠨᠠᠬᠢ ᠰᠢ ᠵᠦᠴᠦᠭᠡ ᠶᠢᠨ | ᠪᠠᠶᠠᠷ᠂ ᠳᠠᠭᠤᠤ ᠬᠥᠭᠵᠢᠮ ᠤᠨ ᠠᠵᠢᠯᠯᠠᠭ᠎ᠠ ᠳᠤ ᠣᠷᠣᠯᠴᠠᠵᠤ᠂ ᠴᠢᠭᠯᠡᠬᠦᠯᠦᠯᠳᠦ ᠴᠢᠨᠠᠷᠲᠠᠢ ᠪᠠᠷ ᠵᠦᠴᠦᠭᠡ ᠶᠢᠨ | ᠳᠡᠪᠲᠡᠷ᠂ ᠳᠠᠭᠤᠤ ᠬᠥᠭᠵᠢᠮ᠂ ᠪᠥᠵᠢᠭ ᠤᠨ ᠭᠤᠸ᠎ᠠ ᠰᠠᠶᠢᠬᠠᠨ ᠳᠤ ᠵᠠᠰᠠᠪᠤᠷᠢ ᠣᠷᠣᠭᠤᠯᠵᠤ᠂ ᠲᠣᠭᠯᠠᠭᠴᠢ ᠶᠢᠨ | ᠳᠠᠭᠤᠯᠠᠬᠤ ᠲᠦᠪᠰᠢᠨ ᠢ ᠦᠷᠭᠦᠯᠵᠢᠯᠡᠨ ᠥᠨᠳᠥᠷ ᠪᠠᠷᠢᠮᠵᠢᠶ᠎ᠠ ᠪᠠᠷ ᠱᠠᠭᠠᠷᠳᠠᠵᠤ᠂ ᠰᠢ ᠵᠦᠴᠦᠭᠡ ᠶᠢᠨ ᠲᠣᠭᠯᠠᠬᠤ | ᠴᠢᠳᠠᠪᠤᠷᠢ ᠶᠢ ᠳᠡᠭᠡᠭᠰᠢᠯᠡᠭᠦᠯᠵᠦ᠂ ᠠᠷᠪᠠᠨ ᠵᠢᠯ ᠤᠨ ᠰᠢᠷᠭᠠᠭᠤ ᠴᠢᠷᠮᠠᠶᠢᠯᠭ᠎ᠠ ᠪᠠᠷ ᠤᠳᠬ᠎ᠠ ᠤᠷᠠᠯᠢᠭ ᠤᠨ ᠰᠣᠳᠣᠨ | ᠪᠦᠲᠦᠭᠡᠯ ᠢ ᠴᠢᠷᠮᠠᠶᠢᠨ ᠡᠭᠦᠳᠦᠨ᠎ᠡ᠃ |