6 ᠳ᠋ᠤᠭᠠᠷ ᠰᠠᠷ᠎ᠠ ᠶᠢᠨ 16 ᠤ ᠡᠳᠦᠷ ᠤᠨ ᠦᠳᠡ ᠶᠢᠨ ᠡᠮᠦᠨ᠎ᠡ᠂ ᠬᠥᠬᠡᠬᠤᠲᠠ ᠶᠢᠨ ᠰᠣᠶᠣᠯ ᠤᠨ ᠵᠠᠬ᠎ᠠ | ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠳᠠᠷᠤᠭ᠎ᠠ ᠲᠢᠶᠠᠨ | ᠵᠢᠶᠦ᠋ᠨ ᠵᠡᠷᠭᠡ 5 ᠬᠥᠮᠦᠨ ᠲᠢᠩᠬᠢᠮ ᠳᠤ ᠢᠷᠡᠵᠦ ᠨᠠᠰᠤᠵᠢᠯ ᠤᠨ ᠠᠰᠠᠷᠠᠮᠵᠢ ᠶᠢᠨ ᠮᠡᠬᠡᠯᠡᠯ ᠢ ᠴᠡᠭᠴᠡᠯᠡᠨ ᠵᠠᠰᠠᠬᠤ | ᠲᠤᠰᠬᠠᠶ ᠠᠵᠢᠯᠯᠠᠭ᠎ᠠ ᠥᠷᠨᠢᠭᠦᠯᠦᠭᠰᠡᠨ ᠪᠠᠶᠢᠳᠠᠯ ᠢ ᠬᠠᠷᠢᠭᠤ ᠮᠡᠳᠡᠭᠦᠯᠵᠦ᠂ ᠰᠣᠶᠣᠯ ᠤᠨ ᠵᠠᠬ᠎ᠠ ᠳᠡᠯᠭᠡᠭᠦᠷ ᠤᠨ | ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠭᠠᠵᠠᠷ ᠤᠨ ᠬᠤᠯᠪᠣᠭᠳᠠᠯ ᠪᠥᠬᠦᠶ ᠨᠥᠬᠦᠳ | ᠬᠠᠷᠢᠭᠤ ᠮᠡᠳᠡᠭᠦᠯᠦᠯᠲᠡ ᠶᠢ ᠰᠣᠨᠣᠰᠪᠠ ᠃ | | ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ | ᠨᠠᠰᠤᠲᠠᠶᠢᠴᠤᠳ ᠲᠤ ᠬᠤᠯᠪᠣᠭᠳᠠᠭᠰᠠᠨ ᠬᠡᠷᠡᠭ ᠢ ᠤᠶᠢᠯᠠᠭᠠᠨ ᠪᠠᠶᠢᠴᠠᠭᠠᠵᠤ ᠡᠮᠬᠢᠯᠡᠭᠰᠡᠨ᠂ ᠬᠡᠷᠡᠭ ᠤᠨ ᠰᠦᠪᠡᠭᠴᠢ | ᠶᠢ ᠰᠢᠶᠳᠪᠦᠷᠢᠯᠡᠭᠰᠡᠨ ᠵᠡᠷᠭᠡ ᠪᠠᠶᠢᠳᠠᠯ ᠢ ᠭᠤᠤᠯᠳᠠᠯᠭ᠎ᠠ ᠲᠠᠢ ᠵᠠᠳᠠᠯᠵᠤ᠂ ᠴᠢᠬᠤᠯᠠ ᠬᠡᠷᠡᠭ ᠤᠨ ᠰᠦᠪᠡᠭᠴᠢ ᠶᠢ | ᠰᠤᠳᠤᠯᠤᠨ ᠮᠠᠭᠠᠳᠯᠠᠵᠤ᠂ ᠲᠠᠷᠠᠭᠠᠴᠢ ᠶᠢᠨ ᠠᠯᠬᠤᠮ ᠳᠤ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠨᠢᠭᠲᠠ | ᠬᠤᠯᠪᠣᠭᠠᠯᠠᠨ ᠠᠰᠠᠭᠤᠳᠠᠯ ᠤᠨ ᠳᠠᠯᠳᠠ ᠬᠡᠮ᠂ ᠬᠡᠷᠡᠭ ᠤᠨ ᠰᠦᠪᠡᠭᠴᠢ ᠶᠢ ᠶᠡᠷᠦᠩᠬᠡᠶᠢᠯᠡᠨ ᠦᠨᠡᠯᠡᠨ ᠵᠢᠱᠢᠵᠦ᠂ ᠲᠠᠰ | ᠲᠥᠷᠥᠯ ᠬᠤᠪᠢᠶᠠᠨ ᠰᠢᠶᠳᠪᠦᠷᠢᠯᠡᠬᠦ ᠶᠢ ᠴᠢᠩᠭᠠᠳᠬᠠᠨ᠂ ᠠᠶᠤᠯ ᠲᠦᠭᠰᠢᠭᠦᠷᠢ ᠶᠢ ᠴᠢᠩᠭ᠎ᠠ ᠡᠵᠡᠮᠳᠡᠬᠦ ᠬᠡᠷᠡᠭᠲᠡᠶ ᠭᠡᠵᠦ | ᠲᠣᠳᠣᠷᠬᠠᠶᠢᠯᠠᠪᠠ ᠃ | |