ᠥᠪᠥᠷ ᠮᠣᠩᠭᠤᠯ ᠤᠨ ᠮᠦᠽᠧᠶ ᠪᠣᠯᠤᠨ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠲᠡᠦᠬᠡ ᠰᠣᠶᠣᠯ ᠤᠨ ᠳᠡᠭᠡᠳᠦ ᠰᠤᠷᠭᠠᠭᠤᠯᠢ 《 ᠲᠡᠦᠬᠡ ᠰᠣᠶᠣᠯ ᠤᠨ ᠳᠡᠭᠡᠳᠦ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠦᠶᠯᠡᠳᠦᠯᠭᠡ ᠶᠢᠨ ᠰᠠᠭᠤᠷᠢᠨ ᠭᠠᠵᠠᠷ 》 ᠢ ᠬᠠᠮᠲᠤ ᠪᠠᠷ ᠪᠠᠶᠢᠭᠤᠯᠬᠤ ᠰᠠᠭᠤᠳᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/6/27
     6 ᠳ᠋ᠤᠭᠠᠷ ᠰᠠᠷ᠎ᠠ ᠶᠢᠨ 22 ᠤᠨ ᠦᠳᠡ ᠶᠢᠨ ᠬᠤᠶᠢᠨ᠎ᠠ᠂ ᠣᠷᠳᠣᠨ ᠪᠠ ᠰᠤᠷᠭᠠᠭᠤᠯᠢ ᠤᠶᠠᠯᠳᠤᠭᠰᠠᠨ ᠬᠠᠮᠲᠤ ᠪᠠᠷ ᠪᠠᠶᠢᠭᠤᠯᠬᠤ ᠲᠣᠭᠲᠠᠴᠠ ᠶᠢ ᠤᠯᠠᠮ ᠨᠢᠭᠡ ᠠᠯᠬᠤᠮ  ᠰᠢᠯᠢᠳᠡᠭᠵᠢᠬᠦᠯᠵᠦ᠂  ᠬᠤᠶᠠᠷ ᠲᠠᠯ᠎ᠠ ᠶᠢᠨ ᠴᠢᠳᠠᠪᠤᠷᠢᠲᠠᠨ ᠤ ᠡᠬᠢ ᠪᠠᠶᠠᠯᠢᠭ ᠤᠨ ᠳᠠᠪᠠᠭᠤᠯᠢᠭ ᠢ ᠭᠦᠶᠴᠡᠳ  ᠪᠠᠳᠠᠷᠠᠭᠤᠯᠤᠨ᠂ ᠲᠡᠦᠬᠡ ᠰᠣᠶᠣᠯ ᠤᠨ ᠲᠤᠰᠬᠠᠶ ᠮᠡᠷᠭᠡᠵᠢᠯ ᠤᠨ ᠪᠡᠯᠡᠳᠬᠡᠯ ᠬᠦᠴᠦᠨ ᠤ ᠨᠥᠭᠡᠴᠡ ᠪᠣᠯᠤᠨ ᠮᠦᠽᠧᠶ ᠶᠢᠨ ᠦᠢᠯᠡᠰ ᠤᠨ ᠬᠥᠭᠵᠢᠯᠲᠡ ᠶᠢ ᠬᠠᠮᠲᠤ ᠪᠠᠷ ᠲᠦᠯᠬᠢᠨ ᠠᠬᠢᠭᠤᠯᠬᠤ ᠶᠢᠨ ᠲᠥᠯᠥᠭᠡ᠂ ᠥᠪᠥᠷ ᠮᠣᠩᠭᠤᠯ ᠤᠨ ᠮᠦᠽᠧᠶ ᠪᠣᠯᠤᠨ ᠥᠪᠥᠷ ᠮᠣᠩᠭᠤᠯ ᠤᠨ ᠪᠠᠭᠰᠢ  ᠶᠢᠨ ᠶᠡᠭᠡ ᠰᠤᠷᠭᠠᠭᠤᠯᠢ ᠶᠢᠨ ᠲᠡᠦᠬᠡ ᠰᠣᠶᠣᠯ ᠤᠨ ᠳᠡᠭᠡᠳᠦ ᠰᠤᠷᠭᠠᠭᠤᠯᠢ ᠲᠠᠪᠤᠳᠤᠭᠠᠷ  ᠳᠠᠪᠬᠤᠷ ᠤᠨ ᠬᠤᠷᠠᠯ ᠤᠨ ᠬᠡᠷ ᠲᠤ 《 ᠲᠡᠦᠬᠡ ᠰᠣᠶᠣᠯ ᠤᠨ ᠳᠡᠭᠡᠳᠦ ᠰᠤᠷᠭᠠᠭᠤᠯᠢ ᠶᠢᠨ ᠵᠢᠭᠠᠨ ᠰᠤᠷᠭᠠᠯᠲᠠ  ᠶᠢᠨ ᠦᠶᠯᠡᠳᠦᠯᠭᠡ ᠶᠢᠨ ᠰᠠᠭᠤᠷᠢᠨ ᠭᠠᠵᠠᠷ 》 ᠢ ᠬᠠᠮᠲᠤ ᠪᠠᠷ ᠪᠠᠶᠢᠭᠤᠯᠬᠤ ᠰᠠᠭᠤᠳᠠᠯ  ᠤᠨ ᠬᠤᠷᠠᠯ  ᠬᠤᠷᠠᠯᠳᠤᠭᠤᠯᠪᠠ᠃ ᠥᠪᠥᠷ ᠮᠣᠩᠭᠤᠯ ᠤᠨ ᠮᠦᠽᠧᠶ ᠶᠢᠨ ᠨᠠᠮ ᠤᠨ ᠬᠤᠷᠢᠶᠠᠨ ᠤ ᠱᠦᠵᠢ᠂ ᠮᠦᠽᠧᠶ ᠶᠢᠨ ᠳᠠᠷᠤᠭ᠎ᠠ ᠴᠧᠨ ᠶᠦᠩ ᡁᠢ᠂ ᠮᠦᠽᠧᠶ ᠶᠢᠨ ᠳᠡᠳ᠋ ᠳᠠᠷᠤᠭ᠎ᠠ ᠢᠤᠢ ᠪᠣᠣ ᠳ᠋ᠦᠩ᠂ ᠡᠯ᠎ᠡ ᠭᠠᠵᠠᠷ ᠤᠨ ᠤᠳᠤᠷᠢᠳᠤᠯᠭ᠎ᠠ ᠪᠣᠯᠤᠨ ᠥᠪᠥᠷ ᠮᠣᠩᠭᠤᠯ  ᠤᠨ ᠪᠠᠭᠰᠢ ᠶᠢᠨ ᠶᠡᠭᠡ ᠰᠤᠷᠭᠠᠭᠤᠯᠢ ᠶᠢᠨ ᠨᠠᠮ ᠤᠨ ᠬᠤᠷᠢᠶᠠᠨ ᠤ ᠳᠡᠳ᠋ ᠱᠦᠵᠢ᠂ ᠰᠤᠷᠭᠠᠭᠤᠯᠢ ᠶᠢᠨ ᠵᠠᠬᠢᠷᠤᠯ ᠯᠢ ᠱᠤ᠋ ᠯᠢᠨ ᠨᠡᠷ ᠡᠨᠡ ᠤᠳᠠᠭᠠᠨ ᠤ ᠬᠤᠷᠠᠯ ᠳᠤ ᠣᠷᠣᠯᠴᠠᠪᠠ᠃
     ᠮᠦᠽᠧᠶ ᠶᠢᠨ ᠳᠠᠷᠤᠭ᠎ᠠ ᠴᠧᠨ ᠶᠦᠩ ᡁᠢ ᠬᠤᠶᠠᠷ ᠲᠠᠯ᠎ᠠ ᠶᠢᠨ ᠣᠯᠠᠨ ᠵᠢᠯ ᠤᠨ ᠬᠠᠮᠲᠤᠷᠠᠯᠴᠠᠭᠠᠨ ᠤ ᠰᠠᠭᠤᠷᠢ ᠶᠢ ᠳᠡᠭᠡᠳᠦ ᠬᠡᠮᠵᠢᠶ᠎ᠡ ᠪᠠᠷ ᠮᠡᠳᠡᠷᠡᠭᠰᠡᠨ ᠤ ᠬᠠᠮᠲᠤ ᠳᠡᠯᠭᠡᠨ ᠦᠵᠡᠬᠦᠯᠭᠡ᠂ ᠨᠡᠶᠢᠭᠡᠮ ᠤᠨ ᠰᠤᠷᠭᠠᠨ ᠬᠥᠮᠦᠵᠢᠯ᠂ ᠡᠷᠳᠡᠮ ᠰᠢᠨᠵᠢᠯᠡᠭᠡᠨ ᠤ ᠰᠤᠳᠤᠯᠭᠠᠨ ᠵᠡᠷᠭᠡ ᠲᠠᠯ᠎ᠠ ᠪᠠᠷ ᠥᠪᠥᠷ ᠮᠣᠩᠭᠤᠯ ᠤᠨ ᠮᠦᠽᠧᠶ ᠶᠢᠨ ᠦᠨᠳᠦᠰᠦᠨ ᠪᠠᠶᠢᠳᠠᠯ ᠢ ᠲᠠᠨᠢᠯᠴᠠᠭᠤᠯᠵᠤ᠂ ᠲᠣᠰ ᠤᠳᠠᠭᠠᠨ ᠤ ᠬᠠᠮᠲᠤ ᠪᠠᠷ ᠪᠥᠲᠥᠭᠡᠨ ᠪᠠᠶᠢᠭᠤᠯᠵᠤ ᠬᠠᠮᠲᠤᠷᠠᠨ ᠠᠵᠢᠯᠯᠠᠬᠤ ᠢᠷᠡᠭᠡᠳᠦᠶ ᠶᠢᠨ ᠲᠥᠯᠥᠪ ᠢ ᠪᠠᠷᠠᠯᠠᠪᠠ᠃      ᠵᠠᠬᠢᠷᠤᠯ ᠯᠢ ᠱᠤ᠋ ᠯᠢᠨ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠲᠡᠦᠬᠡ ᠰᠣᠶᠣᠯ ᠤᠨ ᠳᠡᠭᠡᠳᠦ ᠰᠤᠷᠭᠠᠭᠤᠯᠢ ᠶᠢᠨ ᠰᠤᠷᠭᠠᠭᠤᠯᠢ ᠡᠷᠭᠢᠯᠡᠭᠰᠡᠨ ᠲᠡᠦᠬᠡ᠂ ᠰᠢᠨᠵᠢᠯᠡᠭᠡᠨ ᠤ ᠣᠨᠴᠠᠯᠢᠭ ᠪᠠ ᠴᠢᠳᠠᠪᠤᠷᠢᠲᠠᠨ ᠬᠥᠮᠦᠵᠢᠭᠦᠯᠦᠭᠰᠡᠨ ᠵᠡᠷᠭᠡ ᠪᠠᠶᠢᠳᠠᠯ ᠤᠨ ᠲᠤᠬᠠᠶ ᠲᠥᠬᠦᠮ ᠲᠠᠨᠢᠯᠴᠠᠭᠤᠯᠭ᠎ᠠ ᠬᠢᠵᠦ᠂ ᠬᠤᠶᠠᠷ ᠲᠠᠯ᠎ᠠ ᠪᠠᠷ ᠢᠶᠠᠨ ᠲᠣᠰ ᠤᠳᠠᠭᠠᠨ ᠤ ᠬᠠᠮᠲᠤ ᠪᠠᠷ ᠪᠥᠲᠥᠭᠡᠨ ᠪᠠᠶᠢᠭᠤᠯᠬᠤ ᠬᠠᠮᠲᠤᠷᠠᠯᠴᠠᠭ᠎ᠠ ᠪᠠᠷ ᠠᠵᠠ ᠲᠣᠬᠢᠶᠠᠯ ᠪᠣᠯᠭᠠᠨ᠂  ᠬᠠᠮᠲᠤᠷᠠᠯᠴᠠᠭᠠᠨ ᠤ ᠰᠠᠶᠢᠨ ᠰᠠᠶᠢᠬᠠᠨ ᠲᠠᠪᠴᠠᠩ ᠢ ᠪᠠᠶᠢᠭᠤᠯᠵᠤ᠂ ᠰᠤᠷᠭᠠᠭᠤᠯᠢ ᠶᠢᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠪᠠ ᠮᠦᠽᠧᠶ ᠶᠢᠨ ᠦᠶᠯᠡᠰ ᠤᠨ ᠬᠥᠭᠵᠢᠯᠲᠡ ᠶᠢᠨ  ᠰᠠᠷᠠᠭᠤᠯ ᠢᠷᠡᠭᠡᠳᠦᠶ ᠶᠢ ᠬᠠᠮᠲᠤ ᠪᠠᠷ ᠪᠥᠲᠥᠭᠡᠨ ᠪᠠᠶᠢᠭᠤᠯᠬᠤ ᠶᠢ ᠬᠦᠰᠡᠵᠦ ᠪᠠᠶᠢᠨ᠎ᠠ ᠭᠡᠪᠡ᠃
     ᠣᠯᠠᠨ ᠵᠢᠯ ᠤᠨ ᠲᠤᠷᠰᠢᠬᠢ ᠨᠥᠬᠦᠷᠰᠡᠭ ᠬᠠᠮᠲᠤᠷᠠᠯᠴᠠᠭ᠎ᠠ ᠪᠠ ᠬᠤᠶᠢᠰᠢᠳᠠ ᠶᠢᠨ ᠦᠷᠭᠦᠯᠵᠢᠯᠡᠨ ᠬᠥᠭᠵᠢᠬᠦ ᠰᠠᠶᠢᠨ ᠰᠠᠶᠢᠬᠠᠨ ᠬᠦᠰᠡᠯ ᠡᠷᠡᠮᠡᠯᠵᠡᠯ ᠤᠨ ᠰᠠᠭᠤᠷᠢᠨ ᠳᠡᠭᠡᠷ᠎ᠡ᠂ ᠥᠪᠥᠷ ᠮᠣᠩᠭᠤᠯ ᠤᠨ ᠮᠦᠽᠧᠶ ᠪᠣᠯᠤᠨ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠲᠡᠦᠬᠡ ᠰᠣᠶᠣᠯ ᠤᠨ ᠳᠡᠭᠡᠳᠦ ᠰᠤᠷᠭᠠᠭᠤᠯᠢ ᠬᠠᠮᠲᠤ ᠪᠠᠷ 《 ᠲᠡᠦᠬᠡ ᠰᠣᠶᠣᠯ ᠤᠨ ᠳᠡᠭᠡᠳᠦ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠦᠶᠯᠡᠳᠦᠯᠭᠡ ᠶᠢᠨ ᠰᠠᠭᠤᠷᠢᠨ ᠭᠠᠵᠠᠷ 》 ᠢ ᠪᠠᠶᠢᠭᠤᠯᠵᠤ᠂ ᠴᠧᠨ ᠶᠦᠩ ᡁᠢ ᠳᠠᠷᠤᠭ᠎ᠠ ᠪᠣᠯᠤᠨ ᠯᠢ ᠱᠤ᠋ ᠯᠢᠨ ᠵᠠᠬᠢᠷᠤᠯ ᠵᠢᠭᠠᠨ ᠰᠤᠷᠭᠠᠯᠲᠠ ᠶᠢᠨ ᠦᠶᠯᠡᠳᠦᠯᠭᠡ ᠶᠢᠨ ᠰᠠᠭᠤᠷᠢᠨ ᠭᠠᠵᠠᠷ ᠤᠨ ᠫᠠᠶᠢᠰᠠ ᠶᠢ ᠰᠡᠬᠦᠪᠡ  ᠃ ᠥᠪᠥᠷ ᠮᠣᠩᠭᠤᠯ ᠤᠨ ᠮᠦᠽᠧᠶ ᠶᠢᠨ ᠳᠡᠳ᠋  ᠳᠠᠷᠤᠭ᠎ᠠ ᠢᠤᠢ ᠪᠤᠤ ᠳ᠋ᠦᠩ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠲᠡᠦᠬᠡ ᠰᠣᠶᠣᠯ ᠤᠨ ᠳᠡᠭᠡᠳᠦ ᠰᠤᠷᠭᠠᠭᠤᠯᠢ ᠶᠢᠨ ᠵᠠᠬᠢᠷᠤᠯ ᠯᠢ ᠶᠠᠨ ᠵᠢᠶᠧ ᠬᠤᠶᠠᠷ ᠲᠠᠯ᠎ᠠ ᠶᠢ ᠲᠥᠯᠥᠭᠡᠯᠡᠨ ᠬᠠᠮᠢᠶ᠎ᠠ ᠪᠥᠬᠦᠶ ᠬᠠᠮᠲᠤᠷᠠᠯᠴᠠᠭᠠᠨ ᠤ ᠵᠥᠪᠯᠡᠯᠴᠡᠭᠡᠷ ᠲᠤ ᠭᠠᠷ ᠤᠨ ᠥᠰᠥᠭ ᠵᠢᠷᠤᠵᠤ᠂ 《 ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ 》 ᠵᠠᠷᠴᠢᠮ ᠶᠣᠰᠣᠭᠠᠷ᠂ ᠲᠣᠰ ᠲᠣᠰ ᠤᠨ ᠳᠠᠪᠠᠭᠤᠯᠢᠭ  ᠢᠶᠠᠨ ᠭᠦᠶᠴᠡᠳ ᠪᠠᠳᠠᠷᠠᠭᠤᠯᠵᠤ᠂ ᠰᠠᠶᠢᠨ ᠰᠠᠶᠢᠬᠠᠨ ᠨᠥᠬᠦᠴᠡᠯ ᠢ ᠡᠭᠦᠳᠴᠦ᠂ ᠰᠤᠷᠭᠠᠨ ᠬᠥᠮᠦᠵᠢᠯ ᠤᠨ ᠦᠶᠯᠡᠳᠦᠯᠭᠡ ᠶᠢᠨ ᠰᠢᠨ᠎ᠡ ᠵᠠᠭᠪᠤᠷ ᠢ ᠬᠠᠶᠢᠨ ᠰᠦᠪᠡᠭᠴᠢᠯᠡᠵᠦ᠂ ᠣᠷᠳᠣ ᠬᠤᠭᠤᠴᠠᠭ᠎ᠠ ᠪᠠᠷ ᠭᠦᠨᠵᠡᠭᠡᠶ ᠬᠠᠮᠲᠤᠷᠠᠯᠴᠠᠬᠤ ᠬᠠᠷᠢᠴᠠᠭ᠎ᠠ ᠶᠢ ᠪᠠᠶᠢᠭᠤᠯᠵᠤ᠂ ᠰᠤᠷᠭᠠᠨ ᠬᠥᠮᠦᠵᠢᠯ ᠪᠠ ᠦᠶᠯᠡᠳᠦᠯᠭᠡ ᠶᠢ ᠬᠠᠮᠲᠤᠳᠬᠠᠭᠰᠠᠨ ᠰᠢᠨ᠎ᠡ  ᠶᠢ ᠡᠭᠦᠳᠬᠦ ᠰᠢᠰᠲ᠋ᠧᠮ ᠢ  ᠪᠠᠶᠢᠭᠤᠯᠬᠤ ᠪᠠᠷ ᠴᠢᠷᠮᠠᠶᠢᠬᠤ ᠪᠤᠯᠤᠨ᠎ᠠ᠃
      ᠡᠴᠦᠰ ᠲᠤ᠂ ᠮᠦᠽᠧᠶ ᠶᠢᠨ ᠳᠠᠷᠤᠭ᠎ᠠ ᠴᠧᠨ ᠶᠦᠩ ᡁᠢ᠂ ᠯᠢ ᠱᠤ᠋ ᠯᠢᠨ ᠵᠠᠬᠢᠷᠤᠯ ᠨᠡᠷ ᠢ ᠳᠠᠭᠠᠭᠤᠯᠤᠨ 《 ᠣᠷᠳᠣ ᠴᠠᠭᠠᠨ ᠬᠡᠷᠡᠮ ᠤᠨ ᠬᠤᠶᠠᠷ ᠲᠠᠯ᠎ᠠ ᠪᠠᠷ ᠡᠬᠡ ᠨᠤᠲᠤᠭ 》 ᠵᠡᠷᠭᠡ ᠦᠵᠡᠰᠬᠦᠯᠡᠩ ᠢ ᠲᠣᠭᠤᠷᠢᠨ ᠦᠵᠡᠭᠰᠡᠨ ᠪᠥᠭᠡᠳ ᠲᠠᠶᠢᠯᠪᠤᠷᠢᠯᠠᠨ ᠶᠠᠷᠢᠪᠠ᠃
 
ᠢᠷᠡᠯᠲᠡ᠄ ᠥᠪᠥᠷ ᠮᠣᠩᠭᠤᠯ ᠤᠨ ᠮᠦᠽᠧᠶ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号