ᠶᠡᠷᠦᠩᠬᠡᠶ ᠱᠦᠵᠢ ᠰᠢ ᠶᠢᠨ ᠫᠢᠩ ᠤᠨ ᠬᠤᠪᠢᠰᠬᠠᠯ ᠤᠨ ᠭᠧᠨ ᠢ ᠤᠯᠠᠮᠵᠢᠯᠠᠨ ᠵᠠᠯᠭᠠᠮᠵᠢᠯᠠᠵᠤ᠂ ᠬᠤᠪᠢᠰᠬᠠᠯ | ᠤᠨ ᠤᠳᠤᠮᠰᠢᠯ ᠢ ᠦᠷᠬᠦᠯᠵᠢᠯᠡᠭᠦᠯᠵᠦ᠂ ᠴᠠᠭ ᠦᠶ᠎ᠡ ᠶᠢᠨ ᠰᠢᠨ᠎ᠡ ᠬᠥᠮᠦᠨ ᠢ ᠬᠥᠮᠦᠵᠢᠭᠦᠯᠬᠦ ᠲᠤᠬᠠᠶ ᠴᠢᠬᠤᠯᠠ | ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ | ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ | ᠲᠢᠩᠬᠢᠮ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠪᠯᠡᠯ ᠤᠨ ᠬᠤᠷᠢᠶ᠎ᠠ ᠬᠠᠮᠲᠤᠷᠠᠨ ︽ | ᠬᠤᠪᠢᠰᠬᠠᠯ ᠤᠨ ᠤᠳᠤᠮᠰᠢᠯ ᠢ ᠦᠷᠬᠦᠯᠵᠢᠯᠡᠭᠦᠯᠵᠦ ᠴᠠᠭ ᠦᠶ᠎ᠡ ᠶᠢᠨ ᠰᠢᠨ᠎ᠡ ᠬᠥᠮᠦᠨ ᠢ ᠬᠥᠮᠦᠵᠢᠭᠦᠯᠬᠦ︾ | ᠬᠤᠪᠢᠰᠬᠠᠯᠲᠤ ᠲᠠᠶᠢᠯᠪᠤᠷᠢᠯᠠᠭᠴᠢ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠥᠷᠨᠢᠭᠦᠯᠪᠡ᠂ 6 | ᠳ᠋ᠤᠭᠠᠷ ᠰᠠᠷ᠎ᠠ ᠶᠢᠨ 21 ᠤ ᠡᠳᠦᠷ᠂ ᠬᠥᠬᠡᠬᠤᠲᠠ ᠶᠢᠨ ᠰᠠᠶᠢᠬᠠᠨ ᠲᠣᠭᠤᠷᠢᠭ ᠤᠨ ᠶᠢᠨ ᠴᠢᠶᠤᠤ ᠪᠠᠭ᠎ᠠ | ᠰᠤᠷᠭᠠᠭᠤᠯᠢ ᠳᠤ ᠡᠬᠢᠯᠡᠯᠲᠡ ᠶᠢᠨ ᠶᠣᠰᠣᠯᠠᠯ ᠶᠠᠪᠤᠭᠳᠠᠭᠤᠯᠪᠠ᠃ | ᠡᠬᠢᠯᠡᠯᠲᠡ ᠶᠢᠨ ᠶᠣᠰᠣᠯᠠᠯ ᠳᠡᠭᠡᠷ᠎ᠡ᠂ ᠡᠩ ᠲᠡᠷᠢᠭᠦᠨ ᠳᠤ ᠤᠯᠤᠰ ᠤᠨ ᠲᠤᠭ ᠮᠠᠨᠳᠤᠭᠤᠯᠵᠤ ᠤᠯᠤᠰ ᠤᠨ | ᠰᠦᠯᠳᠡ ᠳᠠᠭᠤᠤ ᠬᠥᠭᠵᠢᠮᠳᠡᠬᠦ ᠶᠣᠰᠣᠯᠠᠯ ᠶᠠᠪᠤᠭᠤᠯᠵᠤ᠂ ᠬᠠᠮᠲᠤ ᠪᠠᠷ ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠤᠯᠤᠰ ᠤᠨ ᠰᠦᠯᠳᠡ ᠳᠠᠭᠤᠤ ᠶᠢ ᠳᠠᠭᠤᠯᠠᠪᠠ᠃ ᠪᠦᠬᠦ ᠤᠯᠤᠰ ᠤᠨ ᠲᠠᠪᠤᠨ ᠰᠠᠶᠢᠨᠲᠠᠶ | ᠲᠠᠶᠢᠯᠪᠤᠷᠢᠯᠠᠭᠴᠢ ᠵᠠᠩ ᠬᠤᠢ ᠮᠢᠨ ︽ᠭᠤᠷᠪᠠᠨ ᠮᠢᠩᠭᠠᠨ ᠥᠨᠥᠴᠢᠨ ᠬᠡᠦᠬᠡᠳ ᠥᠪᠥᠷ ᠮᠣᠩᠭᠤᠯ ᠳᠤ ᠤᠷᠤᠭᠰᠠᠨ | ᠨᠢ︾ ᠭᠡᠬᠦ ᠰᠡᠳᠬᠢᠯ ᠬᠥᠳᠡᠯᠭᠡᠮ᠎ᠡ ᠦᠢᠯᠡ ᠠᠵᠢᠯᠯᠠᠭ᠎ᠠ ᠶᠢ ᠶᠠᠷᠢᠵᠤ᠂ ᠦᠷᠡᠭᠳᠡᠭᠰᠡᠨ ᠪᠠᠭᠠᠲᠤᠷ ᠳ᠋ᠦᠸᠧ ᠰᠦᠩ | ᠨᠢᠶᠠᠨ ᠤ ᠳᠤᠷᠠᠰᠬᠠᠯ ᠤᠨ ᠣᠷᠳᠣᠨ ᠤ ᠰᠢᠯᠢᠳᠡᠭ ᠲᠠᠶᠢᠯᠪᠤᠷᠢᠯᠠᠭᠴᠢ ᠭᠤᠤ ᠷᠦᠢ ᠵᠢᠤᠸᠠᠨ ︽ᠲᠠᠯ᠎ᠠ ᠨᠤᠲᠤᠭ ᠤᠨ | ᠢᠳᠡᠷᠡᠭᠦᠨ ᠨᠠᠷᠠᠰᠤ — ᠳ᠋ᠦᠸᠧ ᠰᠦᠩ ᠨᠢᠶᠠᠨ︾ ᠤ ᠲᠤᠬᠠᠢ ᠶᠠᠷᠢᠵᠤ᠂ ᠤᠯᠠᠭᠠᠨᠬᠦᠦ ᠶᠢᠨ ᠳᠤᠷᠠᠰᠬᠠᠯ ᠤᠨ | ᠣᠷᠳᠣᠨ ᠤ ᠰᠢᠯᠢᠳᠡᠭ ᠲᠠᠶᠢᠯᠪᠤᠷᠢᠯᠠᠭᠴᠢ ᠯᠢ ᠯᠢᠩ ᠨᠠ ︽ᠠᠷᠤᠭ ᠡᠭᠦᠷᠦᠭᠰᠡᠨ ᠭᠠᠳᠠᠭᠠᠳᠤ ᠶᠢᠨ ᠤᠶᠤᠳᠠᠨ︾ ᠤ | ᠲᠤᠬᠠᠢ ᠶᠠᠷᠢᠵᠤ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠨ᠂ | ᠥᠪᠥᠷ ᠮᠣᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ ᠶᠢᠨ ᠫᠷᠣᠹᠧᠰᠰᠤᠷ ᠯᠢ ᠱᠤ᠋ ᠷᠦᠩ ᠲᠡᠮᠦᠷ ᠵᠠᠮ ᠤᠨ | ᠠᠵᠢᠯᠴᠢᠨ ᠤ ᠥᠯᠢᠭᠡᠷ ᠪᠠ ᠬᠤᠪᠸᠢ ᠶᠢ ᠲᠤᠰᠠᠯᠠᠭᠰᠠᠨ ᠡᠮᠨᠡᠯᠭᠡ ᠶᠢᠨ ᠠᠵᠢᠯᠲᠠᠨ ᠤ ᠥᠯᠢᠭᠡᠷ ᠢ ᠶᠠᠷᠢᠵᠤ᠂ ᠪᠥᠬᠦ | ᠤᠯᠤᠰ ᠤᠨ ᠰᠢᠯᠢᠳᠡᠭ ᠠᠷᠠᠳ ᠤᠨ ᠴᠠᠭᠳᠠᠭ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠭᠰᠡᠨ ᠲᠡᠷᠢᠭᠦᠨ ᠤ ᠬᠤᠪᠢ ᠬᠥᠮᠦᠨ︾᠂ ᠠᠷᠪᠠ | ᠶᠢᠰᠦᠳᠦᠭᠡᠷ ᠬᠤᠭᠤᠴᠠᠭᠠᠨ ᠤ ᠥᠪᠥᠷ ᠮᠣᠩᠭᠤᠯ ᠤᠨ ︽ᠠᠷᠪᠠᠨ ᠰᠢᠯᠢᠳᠡᠭ ᠬᠠᠤᠯᠢᠵᠢᠯ ᠤᠨ ᠬᠥᠮᠦᠨ︾ ᠨᠠᠰᠤᠨ ︽ | ᠵᠠᠯᠠᠭᠤ ᠨᠠᠰᠤ ᠤᠯᠤᠰ ᠤᠨ ᠡᠭᠦᠳᠡ ᠶᠢᠨ ᠬᠢᠵᠢᠭ ᠲᠠᠢ ᠲᠡᠮᠡᠴᠡᠬᠦ ᠡᠮᠦᠨ᠎ᠡ ᠹᠷᠣᠨᠲ ᠲᠤ ᠭᠢᠯᠠᠯᠵᠠᠨ᠎ᠠ︾ ᠶᠢ ᠶᠠᠷᠢᠵᠣ᠂ | ᠶᠢᠨ ᠴᠢᠶᠣᠤ ᠪᠠᠭ᠎ᠠ ᠰᠤᠷᠭᠠᠭᠤᠯᠢ ᠶᠢᠨ ᠲᠠᠪᠤᠳᠤᠭᠠᠷ ᠣᠨ ᠤ ᠰᠤᠷᠤᠭᠴᠢ ᠳᠠᠪᠤᠳᠤᠭᠠᠷ ᠠᠩᠬᠢ ᠶᠢᠨ ᠶᠠᠩ ᠢᠦᠢ | ᠷᠦ ︽ᠦᠨᠢ ᠡᠭᠦᠷᠢᠳᠡ ᠶᠢᠨ ᠶᠢᠰᠦᠨ ᠨᠠᠰᠤ︾ ᠶᠢ ᠶᠠᠷᠢᠵᠤ᠂ ᠶᠡᠭᠡ ᠰᠤᠷᠭᠠᠭᠤᠯᠢ ᠵᠠᠮ ᠤᠨ ᠪᠠᠭ᠎ᠠ ᠰᠤᠷᠭᠠᠭᠤᠯᠢ | ᠶᠢᠨ ᠪᠢᠨ ᠾᠧ ᠰᠤᠷᠭᠠᠭᠤᠯᠢ ᠶᠢᠨ ᠲᠣᠭᠤᠷᠢᠭ ᠤᠨ ᠲᠠᠪᠤᠳᠤᠭᠠᠷ ᠣᠨ ᠤ ᠵᠢᠷᠭᠤᠳᠤᠭᠠᠷ ᠠᠩᠭᠢ ᠶᠢᠨ ᠰᠦᠩ ᠵᠢᠩ | ︽ᠤᠷᠤᠭᠰᠢᠯᠠᠵᠤ ᠪᠠᠶᠢᠭ᠎ᠠ ᠤᠯᠠᠭᠠᠨ ᠣᠩᠭᠤᠴᠠ︾ ᠶᠢ ᠶᠠᠷᠢᠪᠠ᠃ ᠠᠵᠢᠯᠯᠠᠭ᠎ᠠ ᠨᠢ ︽ᠪᠢᠳᠡ ᠪᠣᠯ ᠡᠪ ᠬᠠᠮᠲᠤ | ᠶᠣᠰᠣᠨ ᠤ ᠵᠠᠯᠭᠠᠮᠵᠢᠯᠠᠭᠴᠢ︾ ᠭᠡᠬᠦ ᠬᠠᠮᠲᠤ ᠶᠢᠨ ᠳᠠᠭᠤᠤ ᠶᠢᠨ ᠳᠤᠮᠳᠠ ᠦᠨᠳᠦᠷᠯᠡᠪᠡ᠃ | | | | | | | | | | | | | ︽ᠬᠤᠪᠢᠰᠬᠠᠯ ᠤᠨ ᠤᠳᠤᠮᠰᠢᠯ ᠢ ᠦᠷᠬᠦᠯᠵᠢᠯᠡᠭᠦᠯᠵᠦ ᠴᠠᠭ ᠦᠶ᠎ᠡ ᠶᠢᠨ ᠰᠢᠨ᠎ᠡ ᠬᠥᠮᠦᠨ ᠢ ᠬᠥᠮᠦᠵᠢᠭᠦᠯᠬᠦ︾ | ᠬᠤᠪᠢᠰᠬᠠᠯᠲᠤ ᠲᠠᠶᠢᠯᠪᠤᠷᠢᠯᠠᠭᠴᠢ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠶᠢ 6 ᠳ᠋ᠤᠭᠠᠷ | ᠰᠠᠷ᠎ᠠ ᠳᠤ ᠪᠦᠬᠦ ᠣᠷᠣᠨ ᠤ ᠡᠯ᠎ᠡ ᠠᠶᠢᠮᠠᠭ ᠬᠤᠳᠠ ᠳᠤ ᠥᠷᠭᠡᠨ ᠢᠶᠠᠷ ᠵᠣᠬᠢᠶᠠᠨ ᠪᠠᠶᠢᠭᠤᠯᠵᠤ ᠥᠷᠨᠢᠭᠦᠯᠦᠨ᠎ᠡ᠂ | ᠡᠭᠦᠨ ᠳᠤ ᠬᠤᠪᠢᠰᠬᠠᠯᠲᠤ ᠲᠠᠶᠢᠯᠪᠤᠷᠢᠯᠠᠭᠴᠢ ᠶᠢ ᠵᠣᠬᠢᠶᠠᠨ ᠪᠠᠶᠢᠭᠤᠯᠵᠤ ᠰᠤᠷᠭᠠᠭᠤᠯᠢ ᠶᠢᠨ ᠬᠦᠷᠢᠶᠡᠨ ᠳᠤ | ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠬᠦ᠂ ᠵᠠᠯᠠᠭᠤ ᠪᠠᠭ᠎ᠠ ᠨᠠᠰᠤᠨ ᠤ ᠰᠤᠷᠤᠭᠴᠢᠳ ᠢ ᠵᠣᠬᠢᠶᠠᠨ | ᠪᠠᠶᠢᠭᠤᠯᠵᠤ ᠲᠣᠭᠤᠷᠢᠨ ᠦᠵᠡᠵᠦ ᠰᠤᠷᠤᠯᠴᠠᠬᠤ ᠠᠵᠢᠯᠯᠠᠭ᠎ᠠ ᠥᠷᠨᠢᠭᠦᠯᠬᠦ᠂ ᠵᠠᠯᠠᠭᠤ ᠪᠠᠭ᠎ᠠ ᠨᠠᠰᠤᠨ ᠤ ᠰᠤᠷᠤᠭᠴᠢᠳ | ᠢ ᠵᠣᠬᠢᠶᠠᠨ ᠪᠠᠶᠢᠭᠤᠯᠵᠤ ᠬᠤᠪᠢᠰᠬᠠᠯᠲᠤ ᠦᠯᠢᠭᠡᠷ ᠶᠠᠷᠢᠭᠤᠯᠬᠤ᠂ ᠲᠡᠷᠢᠭᠦᠨ ᠤ ᠨᠡᠶᠢᠲᠡᠯᠢᠭ ᠲᠥᠯᠥᠭᠡᠯᠡᠭᠴᠢ ᠶᠢ | ᠤᠷᠢᠵᠤ ᠬᠤᠪᠢᠰᠬᠠᠯᠲᠤ ᠦᠯᠢᠭᠡᠷ ᠶᠠᠷᠢᠭᠤᠯᠬᠤ ᠵᠡᠷᠭᠡ ᠪᠠᠭᠲᠠᠨ᠎ᠠ᠂ ᠰᠢᠷᠢᠰ ᠠᠵᠢᠯᠯᠠᠭ᠎ᠠ ᠨᠢ 10 ᠳ᠋ᠤᠭᠠᠷ ᠰᠠᠷ᠎ᠠ | ᠪᠣᠯᠲᠠᠯ᠎ᠠ ᠦᠷᠬᠦᠯᠵᠢᠯᠡᠨ᠎ᠡ᠃ | ᠲᠣᠰ ᠤᠳᠠᠭᠠᠨ ᠤ ᠠᠵᠢᠯᠯᠠᠭ᠎ᠠ ᠨᠢ ᠨᠠᠮ ᠤᠨ ᠬᠤᠷᠢᠳᠤᠭᠠᠷ ᠶᠡᠭᠡ ᠬᠤᠷᠠᠯ ᠢ ᠤᠭᠲᠤᠬᠤ ᠪᠠ ᠤᠬᠠᠭᠤᠯᠤᠨ | ᠲᠤᠭᠤᠰᠢᠯᠠᠭᠤᠯᠬᠤ ᠠᠵᠢᠯ ᠤᠨ ᠭᠤᠤᠯ ᠰᠢᠵᠢᠮ ᠲᠠᠢ ᠨᠢᠭᠲᠠ ᠤᠶᠠᠯᠳᠤᠭᠤᠯᠤᠨ᠂ ᠨᠠᠮ ᠤᠨ ᠵᠠᠭᠤᠨ ᠵᠢᠯ ᠤᠨ | ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠦᠬᠡᠨ ᠲᠤᠷᠰᠢᠯᠭ᠎ᠠ ᠳᠤ ᠠᠩᠬᠠᠷᠤᠯ ᠢᠶᠠᠨ | ᠲᠥᠪᠯᠡᠷᠡᠭᠦᠯᠵᠦ᠂ ᠨᠠᠮ ᠤᠨ ᠥᠯᠢᠭᠡᠷ᠂ ᠬᠤᠪᠢᠰᠬᠠᠯ ᠤᠨ ᠥᠯᠢᠭᠡᠷ᠂ ᠪᠠᠭᠠᠲᠤᠷᠴᠤᠳ ᠤᠨ ᠥᠯᠢᠭᠡᠷ ᠢ ᠰᠠᠶᠢᠲᠤᠷ | ᠶᠠᠷᠢᠵᠤ᠂ ᠳᠤᠮᠳᠠᠳᠤ ᠤᠯᠤᠰ ᠤᠨ ᠡᠪ ᠬᠠᠮᠲᠤᠴᠤᠳ ᠤᠨ ᠣᠶᠤᠨ ᠰᠠᠨᠠᠭᠠᠨ ᠤ ᠵᠢᠭᠰᠠᠯ ᠤᠨ ᠰᠢᠰᠲ᠋ᠧᠮ ᠢ ᠭᠦᠨᠵᠡᠭᠡᠶ | ᠲᠣᠳᠣᠷᠬᠠᠶᠢᠯᠠᠨ ᠥᠭᠦᠯᠡᠵᠦ᠂ ᠵᠠᠯᠠᠭᠤ ᠪᠠᠭ᠎ᠠ ᠨᠠᠰᠤᠨ ᠤ ᠰᠤᠷᠤᠭᠴᠢᠳ ᠢ ᠬᠥᠮᠦᠵᠢᠭᠦᠯᠦᠨ ᠵᠢᠯᠣᠭᠤᠳᠴᠤ ᠪᠠᠶᠢᠭᠠᠳ | ᠨᠠᠮ ᠢᠶᠠᠨ ᠬᠠᠶᠢᠷᠠᠯᠠᠬᠤ ᠤᠯᠤᠰ ᠢᠶᠠᠨ ᠬᠠᠶᠢᠷᠠᠯᠠᠬᠤ ᠨᠡᠶᠢᠭᠡᠮ ᠵᠢᠷᠤᠮ ᠢ ᠬᠠᠶᠢᠷᠠᠯᠠᠬᠤ ᠬᠠᠶᠢᠷ᠎ᠠ ᠰᠡᠳᠬᠢᠯᠭᠡ ᠶᠢ ᠨᠢ | ᠵᠤᠵᠠᠭᠠᠳᠬᠠᠵᠤ᠂ ᠨᠡᠶᠢᠭᠡᠮ ᠵᠢᠷᠤᠮ ᠤᠨ ᠭᠤᠤᠯᠯᠠᠬᠤ ᠥᠷᠲᠡᠭ ᠤᠨ ᠦᠵᠡᠯᠲᠡ ᠶᠢ ᠤᠬᠠᠮᠰᠠᠷ ᠠᠴᠠ ᠪᠠᠨ | ᠦᠶᠯᠡᠳᠦᠯᠭᠡᠵᠢᠭᠦᠯᠵᠦ᠂ ᠨᠠᠮ ᠢᠶᠠᠨ ᠡᠭᠦᠷᠢᠳᠡ ᠳᠠᠭᠠᠬᠤ ᠢᠲᠡᠭᠡᠯ ᠪᠢᠰᠢᠷᠡᠯ ᠪᠠ ᠢᠲᠡᠭᠡᠯ ᠵᠣᠷᠢᠭ ᠢᠶᠠᠨ ᠲᠠᠰᠤᠷᠠᠯᠲᠠ | ᠥᠬᠡᠶ ᠴᠢᠩᠭᠠᠷᠠᠭᠤᠯᠵᠤ᠂ ᠥᠷᠭᠡᠨ ᠣᠯᠠᠨ ᠵᠠᠯᠠᠭᠤ ᠪᠠᠭ᠎ᠠ ᠨᠠᠰᠤᠨ ᠤ ᠰᠤᠷᠤᠭᠴᠢᠳ ᠢ ᠬᠥᠲᠥᠯᠥᠨ ᠵᠢᠯᠣᠭᠤᠳᠴᠤ | ᠬᠤᠪᠢᠰᠬᠠᠯᠲᠤ ᠤᠳᠤᠮᠰᠢᠯ ᠢ ᠨᠢ ᠦᠷᠭᠦᠯᠵᠢᠯᠡᠭᠦᠯᠵᠦ᠂ ᠴᠠᠭ ᠦᠶ᠎ᠡ ᠶᠢᠨ ᠰᠢᠨ᠎ᠡ ᠬᠥᠮᠦᠨ ᠪᠣᠯᠭᠠᠬᠤ ᠪᠠᠷ | ᠴᠢᠷᠮᠠᠶᠢᠯᠭᠠᠪᠠ᠃ | |