︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠬᠦᠷᠢᠶᠡᠨ ᠳᠤ  ᠬᠢ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠪᠠᠷᠢᠮᠵᠢᠶ᠎ᠠ ᠶᠢᠨ ᠵᠢᠯᠣᠭᠤᠳᠤᠮᠵᠢ ︵2022 ᠣᠨ ᠤ ᠬᠡᠪᠯᠡᠯ︶︾ ᠶᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2022/6/29
    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠬᠦᠷᠢᠶᠡᠨ ᠳᠤ ᠬᠢ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠪᠠᠷᠢᠮᠵᠢᠶᠠᠵᠢᠭᠤᠯᠵᠤ ᠵᠢᠷᠤᠮᠵᠢᠭᠤᠯᠬᠤ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠷᠠᠳ ᠣᠯᠠᠨ ᠤ ᠪᠠᠶᠢᠳᠠᠯ ᠢ ᠮᠡᠳᠡᠬᠦ ᠡᠷᠬᠡ᠂ ᠣᠷᠣᠯᠴᠠᠬᠤ ᠡᠷᠬᠡ᠂ ᠢᠯᠡᠳᠬᠡᠬᠦ ᠡᠷᠬᠡ᠂ ᠬᠢᠨᠠᠯᠲᠠ ᠲᠠᠯᠪᠢᠬᠤ ᠡᠷᠬᠡ ᠶᠢ ᠪᠠᠲᠤᠯᠠᠬᠤ ᠶᠢᠨ ᠲᠤᠰᠠᠳᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠣᠶᠢᠷ᠎ᠠ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠬᠦᠷᠢᠶᠡᠨ ᠳᠤ ᠬᠢ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠪᠠᠷᠢᠮᠵᠢᠶ᠎ᠠ ᠶᠢᠨ ᠵᠢᠯᠣᠭᠤᠳᠤᠮᠵᠢ ︵2022 ᠣᠨ ᠤ ᠬᠡᠪᠯᠡᠯ︶ ︾ ︵ᠳᠣᠷᠣᠭᠰᠢ ︽ᠵᠢᠯᠣᠭᠤᠳᠤᠮᠵᠢ︾ ᠭᠡᠵᠦ ᠲᠣᠪᠴᠢᠯᠠᠨ᠎ᠠ︶ ᠶᠢ ᠲᠣᠭᠲᠠᠭᠠᠬᠤ ᠶᠢᠨ ᠬᠠᠮᠲᠤ ᠳᠠᠷᠤᠮᠠᠯᠯᠠᠨ ᠲᠠᠷᠬᠠᠭᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠬᠦᠷᠢᠶᠡᠨ  ᠳᠤ ᠬᠢ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠲᠣᠭᠲᠠᠴᠠ᠂ ᠴᠤᠪᠤᠷᠠᠯ᠂ ᠠᠷᠭ᠎ᠠ ᠮᠠᠶ᠋ᠢᠭ᠂ ᠬᠢᠨᠠᠯᠲᠠ ᠲᠠᠯᠪᠢᠵᠤ ᠦᠨᠡᠯᠡᠨ ᠵᠢᠱᠢᠬᠦ ᠵᠡᠷᠭᠡ ᠬᠠᠮᠢᠶ᠎ᠠ ᠪᠥᠬᠦᠶ ᠵᠢᠷᠤᠮᠵᠢᠯ ᠵᠢᠴᠢ ᠱᠠᠭᠠᠷᠳᠠᠯᠭ᠎ᠠ ᠶᠢ ᠲᠤᠲᠤᠷᠬᠠᠶᠢᠯᠠᠵᠠᠢ᠃      ︽ᠵᠢᠯᠣᠭᠤᠳᠤᠮᠵᠢ︾ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠰᠣᠶᠣᠯ ᠪᠠ ᠵᠢᠭᠤᠯᠴᠢᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠵᠣᠬᠢᠶᠠᠨ ᠪᠠᠶᠢᠭᠤᠯᠬᠤ᠂ ᠵᠢᠯᠣᠭᠤᠳᠬᠤ ᠪᠠ ᠬᠢᠨᠠᠯᠲᠠ ᠲᠠᠯᠪᠢᠬᠤ ᠦᠶᠯᠡᠳᠦᠯ ᠢ ᠭᠦᠶᠴᠡᠳ ᠪᠠᠳᠠᠷᠠᠭᠤᠯᠤᠨ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠬᠢᠨᠠᠮᠠᠭᠠᠶ ᠰᠠᠶᠢᠲᠤᠷ ᠠᠳᠬᠤᠵᠤ᠂ ᠰᠣᠶᠣᠯ ᠪᠠ ᠵᠢᠭᠤᠯᠴᠢᠯᠠᠯ ᠤᠨ ᠬᠦᠷᠢᠶᠡᠨ ᠳᠤ ᠬᠢ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠶᠢᠨ ᠪᠠᠷᠢᠮᠵᠢᠶᠠᠵᠢᠭᠤᠯᠵᠤ ᠵᠢᠷᠤᠮᠵᠢᠭᠤᠯᠬᠤ ᠬᠢᠷᠢ ᠲᠦᠪᠰᠢᠨ ᠤ ᠳᠡᠭᠡᠭᠰᠢᠯᠡᠯᠲᠡ ᠶᠢ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ᠃     ︽ᠵᠢᠯᠣᠭᠤᠳᠤᠮᠵᠢ︾ ᠳᠤ ᠲᠤᠳᠤᠷᠬᠠᠶᠢᠯᠠᠭᠰᠠᠨ ᠨᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠬᠦᠷᠢᠶᠡᠨ ᠳᠤ ᠬᠢ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠳᠤ ᠭᠤᠷᠪᠠᠨ ᠱᠠᠲᠤ ᠪᠠᠷ ᠬᠤᠯᠪᠣᠭᠠᠯᠠᠨ ᠬᠥᠳᠡᠯᠦᠯᠴᠡᠬᠦ᠂ ᠬᠠᠮᠵᠢᠯᠴᠠᠨ ᠠᠬᠢᠭᠤᠯᠬᠤ ᠠᠵᠢᠯ ᠤᠨ ᠲᠣᠭᠲᠠᠴᠠ  ᠶᠢ ᠬᠡᠷᠡᠭᠵᠢᠭᠦᠯᠦᠨ᠎ᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠨᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠬᠢᠬᠦ᠂ ᠪᠥᠬᠦ ᠣᠷᠣᠨ ᠤ ᠰᠣᠶᠣᠯ ᠪᠠ ᠵᠢᠭᠤᠯᠴᠢᠯᠠᠯ ᠤᠨ ᠬᠦᠷᠢᠶᠡᠨ ᠳᠤ ᠬᠢ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠳᠤ ᠬᠢᠨᠠᠯᠲᠠ ᠳᠠᠯᠪᠢᠬᠤ ᠶᠢ ᠬᠠᠷᠢᠭᠤᠴᠠᠨ᠎ᠠ᠂ ᠬᠤᠲᠠ ᠶᠢᠨ ᠱᠠᠲᠤᠨ ᠤ ᠰᠣᠶᠣᠯ ᠪᠠ ᠵᠢᠭᠤᠯᠴᠢᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠲᠣᠰ ᠬᠠᠷᠢᠶ᠎ᠠ ᠣᠷᠣᠨ ᠤ ᠰᠣᠶᠣᠯ ᠪᠠ ᠵᠢᠭᠤᠯᠴᠢᠯᠠᠯ  ᠤᠨ ᠬᠦᠷᠢᠶᠡᠨ ᠳᠤ ᠬᠢ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ᠂ ᠰᠢᠶᠠᠨ ᠤ ᠱᠠᠲᠤᠨ ᠤ ᠰᠣᠶᠣᠯ ᠪᠠ ᠵᠢᠭᠤᠯᠴᠢᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠪᠣᠳᠠᠲᠠᠶ ᠬᠡᠷᠡᠭᠵᠢᠭᠦᠯᠬᠦ ᠶᠢ ᠬᠠᠷᠢᠭᠤᠴᠠᠨ᠎ᠠ᠃      ︽ᠵᠢᠯᠣᠭᠤᠳᠤᠮᠵᠢ︾ ᠳᠤ ᠪᠠᠰᠠ ᠵᠣᠷᠢᠯᠭ᠎ᠠ ᠶᠢᠨ ᠦᠨᠳᠦᠰᠦᠯᠡᠯ᠂ ᠵᠢᠯᠣᠭᠤᠳᠬᠤ ᠦᠵᠡᠯ ᠰᠠᠨᠠᠭ᠎ᠠ᠂ ᠶᠡᠷᠦᠩᠬᠡᠶ ᠱᠠᠭᠠᠷᠳᠠᠯᠭ᠎ᠠ᠂ ᠬᠡᠷᠡᠭᠯᠡᠬᠦ ᠬᠡᠪᠴᠢᠶ᠎ᠡ᠂ ᠨᠠᠶᠢᠷᠠᠭᠤᠯᠤᠨ ᠵᠣᠬᠢᠶᠠᠬᠤ ᠵᠠᠷᠴᠢᠮ᠂ ᠤᠴᠢᠷ ᠶᠠᠪᠤᠳᠠᠯ ᠢ ᠢᠯᠡ ᠪᠣᠯᠭᠠᠬᠤ᠂ ᠠᠵᠢᠯ ᠤᠨ ᠵᠢᠷᠤᠮᠵᠢᠯ ᠢ ᠢᠯᠡ ᠪᠣᠯᠭᠠᠬᠤ᠂ ᠬᠢᠨᠠᠯᠲᠠ ᠲᠠᠯᠪᠢᠵᠤ ᠦᠨᠡᠯᠡᠬᠦ ᠵᠡᠷᠭᠡ ᠲᠠᠯ᠎ᠠ ᠪᠠᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠬᠦᠷᠢᠶᠡᠨ ᠳᠤ ᠬᠢ ᠦᠨᠳᠦᠰᠦᠨ ᠱᠠᠲᠤᠨ ᠤ ᠢᠯᠡ ᠪᠣᠯᠭᠠᠬᠤ ᠤᠴᠢᠷ ᠶᠠᠪᠤᠳᠠᠯ ᠵᠢᠴᠢ ᠢᠯᠡ ᠪᠣᠯᠭᠠᠬᠤ ᠪᠠᠷᠢᠮᠵᠢᠶ᠎ᠠ ᠳᠤ ᠵᠢᠷᠤᠮᠵᠢᠯ ᠤᠨ ᠱᠠᠭᠠᠷᠳᠠᠯᠭ᠎ᠠ ᠳᠤᠷᠠᠳᠴᠠᠶ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号