ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠶᠯᠡᠰ ᠤᠨ ᠲᠣᠪᠴᠢᠶ᠎ᠠ ᠶᠢᠨ ᠨᠠᠮ ᠤᠨ ᠡᠭᠦᠷ《 ᠨᠠᠮ ᠪᠠᠶᠢᠭᠤᠯᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠲᠥᠪ ᠰᠤᠷᠲᠠᠯ ᠤᠨ ᠠᠭᠤᠷ ᠠᠮᠢᠰᠬᠤᠯ  ᠢ ᠪᠣᠶ ᠪᠣᠯᠭᠠᠬᠤ 》 ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/6/30
     6 ᠳ᠋ᠤᠭᠠᠷ ᠰᠠᠷ᠎ᠠ ᠶᠢᠨ 23 ᠤ ᠡᠳᠦᠷ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠥᠪᠡᠷ ᠤᠨ ᠪᠡᠶ᠎ᠡ  ᠳᠤ ᠪᠠᠨ ᠬᠤᠪᠢᠰᠬᠠᠯ ᠬᠢᠬᠦ ᠲᠤᠬᠠᠶ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ  ᠶᠢᠨ ᠲᠥᠯᠥᠭᠡ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠵᠤ᠂《 ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ ᠰᠠᠶᠢᠵᠢᠷᠠᠭᠤᠯᠬᠤ ᠲᠤᠬᠠᠶ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠡᠷᠡᠭᠵᠢᠭᠦᠯᠬᠦ ᠲᠥᠰᠦᠯ 》 ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠢ ᠤᠯᠠᠮ ᠨᠢᠭᠡ ᠠᠯᠬᠤᠮ ᠬᠥᠮᠦᠵᠢᠭᠦᠯᠦᠨ ᠵᠢᠯᠣᠭᠤᠳᠴᠤ ᠪᠠᠶᠢᠭᠠᠳ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠪᠠᠷᠢᠮᠵᠢᠶ᠎ᠠ ᠶᠢ ᠦᠢᠯᠡᠳᠦᠯᠭᠡᠵᠢᠭᠦᠯᠵᠦ᠂ ᠦᠨᠡᠨᠴᠢ ᠰᠢᠳᠤᠷᠭᠤ᠂ ᠭᠡᠭᠡᠠ ᠰᠠᠷᠠᠭᠤᠯ᠂ ᠲᠥᠪ ᠭᠤᠣᠯᠴᠢ᠂ ᠠᠷᠢᠭᠤᠨ ᠴᠢᠬᠡᠴᠢ ᠥᠷᠲᠡᠭ  ᠤᠨ ᠦᠵᠡᠯᠲᠡ ᠶᠢ ᠪᠤᠢ ᠪᠤᠯᠭᠠᠵᠤ᠂ ᠨᠠᠮ ᠪᠠᠶᠢᠭᠤᠯᠤᠭᠳᠠᠭᠰᠠᠨ 101 ᠵᠢᠯ ᠤᠨ ᠣᠢ ᠶᠢᠨ ᠲᠠᠰᠢᠷᠠᠮ ᠳᠤ᠂ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠶᠯᠡᠰ ᠤᠨ ᠲᠣᠪᠴᠢᠶ᠎ᠠ ᠶᠢᠨ ᠨᠠᠮ ᠤᠨ ᠡᠭᠦᠷ ᠪᠤᠯᠤᠨ ᠬᠥᠬᠡᠬᠤᠲᠠ ᠶᠢᠨ ᠵᠠᠮ ᠬᠠᠷᠢᠯᠴᠠᠭᠠᠨ ᠤ ᠪᠠᠯᠠ ᠣᠷᠣᠭᠤᠯᠤᠯᠲᠠ ᠶᠢᠨ ᠪᠦᠯᠦᠭᠯᠡᠯ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠬᠥᠮᠦᠵᠢᠯ ᠤᠨ ᠲᠥᠪ《 ᠨᠠᠮ ᠪᠠᠶᠢᠭᠤᠯᠬᠤ ᠵᠣᠷᠢᠭ ᠰᠠᠨᠠᠭ᠎ᠠ ᠶᠢ ᠪᠠᠳᠠᠷᠠᠭᠤᠯᠵᠤ᠂  ᠲᠥᠪ ᠰᠤᠷᠲᠠᠯ ᠤᠨ ᠠᠭᠤᠷ ᠠᠮᠢᠰᠬᠤᠯ ᠢ ᠪᠤᠢ ᠪᠤᠯᠭᠠᠬᠤ 》ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠡᠷᠬᠢᠯᠡᠵᠦ᠂ ᠬᠥᠬᠡᠬᠤᠲᠠ ᠶᠢᠨ ᠵᠠᠮ ᠬᠠᠷᠢᠯᠴᠠᠭᠠᠨ ᠤ ᠪᠡᠯᠡ ᠣᠷᠣᠭᠤᠯᠤᠯᠲᠠ ᠶᠢᠨ ᠪᠦᠯᠦᠭᠯᠡᠯ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠬᠥᠮᠦᠵᠢᠯ ᠤᠨ ᠲᠥᠪ ᠤᠨ ᠴᠢᠬᠡᠴᠢ ᠵᠠᠰᠠᠭ ᠤᠨ ᠦᠵᠡᠭᠦᠯᠭᠡ ᠶᠢ ᠵᠣᠬᠢᠶᠠᠨ ᠪᠠᠶᠢᠭᠤᠯᠤᠨ ᠲᠣᠭᠤᠷᠢᠨ ᠦᠵᠡᠪᠡ᠃
     ᠦᠵᠡᠰᠬᠦᠯᠡᠩ ᠢ ᠲᠣᠭᠤᠷᠢᠨ ᠦᠵᠡᠬᠦ ᠪᠠᠷ ᠳᠠᠮᠵᠢᠭᠤᠯᠤᠨ᠂ ᠨᠠᠮ ᠤᠨ ᠭᠡᠰᠢᠭᠦᠨ ᠺᠠᠳ᠋ᠷᠴᠤᠳ ᠲᠤ ᠰᠡᠷᠡᠮᠵᠢ ᠥᠭᠴᠦ᠂ ᠬᠢᠵᠠᠭᠠᠷ ᠱᠤᠭᠤᠮ ᠢ ᠲᠣᠳᠣᠷᠬᠠᠶ ᠮᠡᠳᠡᠭᠦᠯᠵᠦ᠂ ᠪᠢᠰᠢᠷᠡᠨ ᠵᠢᠷᠦᠬᠡᠰᠢᠶᠡᠬᠦ ᠶᠢ ᠮᠡᠳᠡᠭᠦᠯᠵᠦ᠂ ᠨᠠᠮ ᠤᠨ ᠭᠡᠰᠢᠭᠦᠨ ᠺᠠᠳ᠋ᠷᠴᠤᠳ ᠢ ᠦᠵᠡᠯ ᠰᠠᠨᠠᠭᠠᠨ ᠤ ᠭᠦᠨ ᠠᠴᠠ ᠪᠠᠨ ᠥᠪᠡᠷ ᠤᠨ ᠠᠯᠳᠠᠭ᠎ᠠ ᠪᠤᠷᠤᠭᠤ ᠪᠠᠨ ᠵᠠᠯᠠᠷᠠᠭᠤᠯᠵᠤ᠂ ᠪᠤᠷᠤᠭᠤ ᠵᠠᠮ ᠢᠶᠠᠷ ᠵᠠᠮᠨᠠᠬᠤ ᠶᠢ ᠰᠡᠷᠭᠡᠶᠢᠯᠡᠨ ᠬᠤᠷᠢᠭᠯᠠᠵᠤ᠂ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠪᠣᠯᠭᠠᠨ᠂ ᠮᠢᠨᠴᠦᠭᠦᠷᠡᠨ ᠲᠠᠶᠢᠪᠤᠰᠢᠷᠠᠬᠤ ᠦᠵᠡᠯ ᠰᠠᠨᠠᠭ᠎ᠠ᠂ ᠭᠤᠷᠢᠳᠠᠬᠤ ᠪᠣᠳᠣᠯ᠂ ᠴᠠᠯᠠᠭᠠᠶᠢᠷᠠᠬᠤ ᠰᠡᠳᠬᠢᠯᠭᠡ  ᠶᠢ ᠡᠷᠡᠰ ᠲᠡᠪᠴᠢᠵᠦ᠂ 《 ᠡᠷᠬᠡ ᠬᠡᠷᠡᠭᠯᠡᠬᠦ ᠵᠦᠭᠯᠡᠭᠦᠷ 》 ᠢ ᠰᠠᠶᠢᠲᠤᠷ ᠡᠵᠡᠮᠳᠡᠨ᠂《 ᠠᠷᠢᠭᠤᠨ ᠴᠢᠬᠡᠴᠢ ᠠᠮᠤᠷ ᠲᠦᠪᠰᠢᠨ ᠤ ᠪᠦᠰᠡ 》 ᠶᠢ ᠰᠠᠶᠢᠲᠤᠷ ᠪᠦᠰᠡᠯᠡᠬᠦ ᠪᠣᠯᠭᠠᠨ᠎ᠠ᠃      ᠲᠣᠭᠤᠷᠢᠨ ᠦᠵᠡᠵᠦ ᠳᠠᠭᠤᠰᠤᠭᠰᠠᠨ ᠤ ᠳᠠᠷᠠᠭ᠎ᠠ᠂ ᠪᠥᠬᠦ ᠨᠠᠮ ᠤᠨ ᠭᠡᠰᠢᠭᠦᠨ ᠺᠠᠳ᠋ᠷᠴᠤᠳ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠶᠯᠡᠰ ᠤᠨ ᠲᠣᠪᠴᠢᠶ᠎ᠠ ᠶᠢᠨ ᠨᠠᠮ ᠤᠨ ᠡᠭᠦᠷ ᠤᠨ ᠳᠡᠳ᠋ ᠱᠦᠵᠢ᠂ ᠳᠡᠳ᠋ ᠲᠣᠪᠴᠢᠶᠠᠨ ᠳᠠᠷᠤᠭ᠎ᠠ ᠵᠣᠣ ᠵᠢᠶᠠᠨ ᠬᠤᠸᠠ ᠨᠥᠬᠦᠷ ᠤᠨ ᠳᠠᠭᠠᠭᠤᠯᠭ᠎ᠠ ᠳᠣᠤᠷ᠎ᠠ᠂ ᠭᠠᠯ ᠤᠯᠠᠭᠠᠨ ᠨᠠᠮ ᠤᠨ ᠲᠤᠭ ᠤᠨ ᠡᠮᠦᠨ᠎ᠡ ᠨᠠᠮ ᠳᠤ ᠣᠷᠣᠬᠤ ᠲᠠᠩᠭᠠᠷᠢᠭ ᠢᠶᠠᠨ ᠳᠠᠬᠢᠨ ᠤᠩᠰᠢᠪᠠ᠃ ᠪᠦᠬᠦ ᠨᠠᠮ ᠤᠨ ᠭᠡᠰᠢᠭᠦᠨ ᠺᠠᠳ᠋ᠷ ᠨᠠᠮ  ᠤᠨ ᠭᠡᠰᠢᠭᠦᠨ ᠪᠣᠯᠤᠭᠰᠠᠨ ᠤ ᠬᠤᠪᠢ ᠳᠤ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠪᠤᠳᠤᠯ ᠢ ᠳᠠᠬᠢᠨᠲᠠ ᠣᠶᠢᠯᠠᠭᠠᠵᠤ᠂ ᠳᠤᠮᠳᠠᠳᠤ ᠤᠯᠤᠰ ᠤᠨ ᠠᠷᠠᠳ ᠲᠦᠮᠡᠨ ᠳᠤ ᠵᠣᠯ ᠵᠢᠷᠭᠠᠯ ᠡᠳ᠋ᠯᠡᠭᠦᠯᠬᠦ᠂ ᠳᠤᠮᠳᠠᠳᠤ ᠶᠢᠨ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠪᠠᠨ ᠢᠮᠠᠭᠲᠠ ᠪᠠᠲᠤ ᠴᠡᠭᠡᠵᠢᠯᠡᠵᠦ᠂ ᠢᠲᠡᠭᠡᠯ ᠵᠣᠷᠢᠭ ᠢᠶᠠᠨ ᠪᠠᠲᠤᠳᠬᠠᠵᠤ᠂ ᠬᠦᠴᠦᠯᠡᠨ ᠴᠢᠷᠮᠠᠶᠢᠵᠤ ᠵᠢᠳᠬᠦᠯ ᠴᠢᠷᠮᠠᠶᠢᠯᠭ᠎ᠠ ᠭᠠᠷᠭᠠᠵᠤ᠂ ᠨᠠᠮ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠥᠪᠡᠷ ᠤᠨ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠦᠨ᠎ᠡ᠃
     ᠡᠨᠡ ᠤᠳᠠᠭᠠᠨ ᠤ ᠠᠵᠢᠯᠯᠠᠭ᠎ᠠ ᠨᠢ ᠪᠦᠬᠦ ᠨᠠᠮ ᠤᠨ ᠭᠡᠰᠢᠭᠦᠨ ᠺᠠᠳ᠋ᠷᠴᠤᠳ ᠤᠨ ᠣᠶᠤᠨ ᠰᠠᠨᠠᠭᠠᠨ ᠤ ᠨᠢᠭᠡ ᠤᠳᠠᠭᠠᠨ ᠤ ᠠᠷᠢᠭᠤᠳᠬᠠᠯ ᠮᠥᠨ᠂  ᠨᠠᠮ ᠤᠨ ᠭᠡᠰᠢᠭᠦᠨ ᠺᠠᠳ᠋ᠷ ᠨᠢᠭᠡᠪᠦᠷᠢ ᠴᠥᠮ ᠠᠷᠢᠭᠤᠨ ᠴᠢᠬᠡᠴᠢ ᠪᠠᠷ ᠠᠵᠢᠯ ᠦᠢᠯᠡᠰ ᠢᠶᠠᠨ ᠰᠠᠬᠢᠵᠤ᠂ ᠤᠭ ᠰᠠᠨᠠᠭ᠎ᠠ ᠪᠠᠨ ᠦᠯᠦ ᠮᠠᠷᠲᠠᠵᠤ᠂ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ  ᠢ ᠪᠠᠲᠤ ᠴᠤᠭᠴᠠᠯᠠᠵᠤ᠂ ᠨᠠᠮ ᠤᠨ ᠰᠠᠬᠢᠯᠭ᠎ᠠ ᠪᠠᠲᠤ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ ᠬᠠᠤᠯᠢ ᠴᠠᠭᠠᠵᠠ  ᠶᠢᠨ ᠤᠯᠠᠭᠠᠨ ᠱᠤᠭᠤᠮ ᠢ ᠭᠢᠰᠬᠢᠬᠦ ᠦᠭᠡᠢ᠂ ᠭᠠᠷ ᠲᠤ ᠬᠢ ᠡᠷᠬᠡ ᠪᠠᠨ ᠰᠠᠶᠢᠲᠤᠷ ᠬᠠᠮᠢᠶᠠᠷᠴᠤ ᠰᠠᠶᠢᠲᠤᠷ ᠬᠡᠷᠡᠭᠯᠡᠵᠦ ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠡᠯ᠎ᠡ ᠵᠦᠢᠯ ᠤᠨ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠠᠵᠢᠯ  ᠤᠨ ᠪᠠᠶᠢᠷᠢ ᠪᠠᠨ ᠨᠠᠨᠳᠢᠩᠨᠠᠵᠤ᠂ ᠰᠠᠶᠢᠨ ᠰᠠᠶᠢᠬᠠᠨ ᠠᠮᠢᠳᠤᠷᠠᠯ ᠢ ᠨᠠᠨᠳᠢᠩᠨᠠᠵᠤ᠂《 ᠠᠷᠢᠭᠤᠨ ᠴᠢᠬᠡᠴᠢ ᠶᠢ ᠪᠤᠳᠤᠵᠤ ᠂ ᠠᠷᠢᠭᠤᠨ ᠴᠢᠬᠡᠴᠢ ᠶᠠᠪᠤᠵᠤ᠂ ᠠᠷᠢᠭᠤᠨ ᠴᠢᠬᠡᠴᠢ ᠶᠢ ᠮᠠᠭᠲᠠᠵᠤ 》᠂《 ᠰᠡᠳᠬᠢᠯ ᠳᠤ ᠪᠠᠨ ᠰᠡᠷᠡᠮᠵᠢᠯᠡᠬᠦ᠂ ᠰᠡᠳᠭᠢᠯ ᠳᠤ ᠪᠠᠨ ᠤᠬᠠᠭᠠᠷᠠᠬᠤ᠂ ᠰᠡᠳᠬᠢᠯ ᠳᠤ ᠪᠠᠨ ᠬᠦᠨᠳᠦᠳᠭᠡᠬᠦ 》 ᠶᠢ ᠪᠡᠶᠡᠯᠡᠭᠦᠯᠵᠦ᠂ ᠤᠯᠤᠰ ᠲᠥᠷᠥ ᠶᠢᠨ ᠪᠠᠲᠤ ᠴᠢᠩᠭ᠎ᠠ ᠵᠤᠭᠰᠤᠯᠲᠠ ᠲᠠᠢ᠂ ᠣᠪᠣᠷ ᠰᠤᠷᠲᠠᠯ ᠰᠢᠯᠢᠳᠡᠭ ᠰᠡᠶᠢᠠ᠂ ᠰᠠᠬᠢᠯᠭ᠎ᠠ ᠪᠠᠲᠤ ᠴᠢᠩᠭ᠎ᠠ᠂ ᠠᠷᠢᠭᠤᠨ ᠴᠢᠬᠡᠴᠢ ᠡᠪ ᠬᠠᠮᠲᠤ ᠨᠠᠮ ᠤᠨ ᠭᠡᠰᠢᠭᠦᠨ ᠪᠤᠯᠬᠤ ᠬᠡᠷᠡᠭᠲᠡᠢ ᠭᠡᠳᠡᠭ ᠢ ᠤᠯᠠᠨ ᠢᠶᠠᠷ ᠢᠶᠠᠨ ᠭᠦᠨᠵᠡᠭᠡᠢ ᠲᠠᠨᠢᠵᠤ ᠤᠯᠪᠠ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号