ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ《〈 ᠶᠠᠷᠢᠶ᠎ᠠ 〉 ᠶᠢ ᠳᠠᠬᠢᠨ ᠡᠷᠭᠢᠴᠡᠭᠦᠯᠵᠦ᠂ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠳᠠᠬᠢᠨ ᠡᠭᠦᠳᠬᠦ 》ᠲᠤᠰᠬᠠᠶ ᠰᠡᠳᠦᠪᠲᠦ ᠲᠠᠶᠢᠯᠤᠮᠵᠢ ᠶᠢ ᠥᠷᠨᠢᠭᠦᠯᠪᠡ
ᠨᠡᠶᠢᠲᠡᠯᠡᠭᠰᠡᠨ ᠴᠠᠭ᠄
2022/6/30
     ᠮᠠᠤ ᠽᠧ ᠳ᠋ᠦᠩ ᠨᠥᠬᠦᠷ ᠤᠨ ᠶᠠᠨ ᠠᠨ ᠤ ᠤᠳᠬ᠎ᠠ ᠤᠷᠠᠯᠢᠭ ᠤᠨ ᠶᠠᠷᠢᠯᠴᠠᠬᠤ ᠬᠤᠷᠠᠯ ᠳᠡᠭᠡᠷᠡᠬᠢ ᠶᠠᠷᠢᠶ᠎ᠠ ᠨᠡᠶᠢᠲᠡᠯᠡᠭᠳᠡᠭᠰᠡᠨ 80 ᠵᠢᠯ ᠤᠨ ᠣᠶ ᠶᠢ ᠳᠤᠷᠠᠰᠬᠠᠵᠤ᠂ ᠶᠡᠷᠦᠩᠬᠡᠶ ᠱᠦᠵᠢ ᠰᠢ ᠶᠢᠨ ᠫᠢᠩ ᠤᠨ ᠤᠳᠬ᠎ᠠ ᠤᠷᠠᠯᠢᠭ  ᠤᠨ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠤᠳᠬ᠎ᠠ ᠤᠷᠠᠯᠢᠭ ᠤᠨ ᠠᠵᠢᠯᠲᠠᠳ ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢ ᠳᠠᠪᠲᠠᠨ ᠪᠤᠯᠪᠠᠰᠤᠷᠠᠭᠤᠯᠵᠤ᠂ ᠰᠢᠨ᠎ᠡ ᠴᠠᠭ ᠦᠶ᠎ᠡ ᠶᠢᠨ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠰᠢᠯᠢᠳᠡᠭ ᠬᠢᠷᠢ ᠪᠦᠲᠦᠮᠵᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠪᠠᠶᠠᠷᠯᠠᠨ ᠤᠭᠲᠤᠬᠤ ᠶᠢᠨ ᠲᠦᠯᠦᠭᠡ᠂ 6 ᠳ᠋ᠤᠭᠠᠷ ᠰᠠᠷ᠎ᠠ ᠶᠢᠨ 21 ᠤ ᠡᠳᠦᠷ᠂ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠤᠨ ᠵᠣᠬᠢᠶᠠᠨ ᠪᠦᠲᠦᠭᠡᠯᠭᠡ ᠶᠢᠨ ᠰᠤᠳᠤᠯᠭᠠᠨ ᠤ ᠲᠥᠪ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠭᠤᠤ ᠮᠢᠩ ᠰᠢᠶᠠ ᠫᠷᠤᠹᠧᠰᠰᠤᠷ ᠢ ᠤᠷᠢᠵᠤ ᠰᠢᠨ᠎ᠡ ᠴᠠᠭ ᠦᠶ᠎ᠡ  ᠶᠢᠨ ᠤᠳᠬ᠎ᠠ ᠤᠷᠠᠯᠢᠭ ᠤᠨ ᠠᠵᠢᠯᠲᠠᠳ ᠢ《 ᠶᠠᠭᠤᠨ ᠳᠤ 》 ᠶᠢ ᠲᠣᠭᠲᠠᠭᠠᠬᠤ ᠲᠤᠬᠠᠶ ᠠᠵᠢᠯ ᠬᠢᠯᠭᠡᠭᠰᠡᠨ ᠰᠠᠭᠤᠷᠢᠨ ᠳᠡᠭᠡᠷ᠎ᠡ᠂《 ᠬᠡᠷᠬᠢᠨ ᠬᠢᠬᠦ 》 ᠶᠢ ᠨᠠᠩ ᠢᠯᠡᠭᠦᠦ ᠰᠢᠶᠳᠪᠦᠷᠢᠯᠡᠬᠦ ᠴᠢᠬᠤᠯᠠᠲᠠᠶ ᠤᠳᠬ᠎ᠠ ᠤᠷᠠᠯᠢᠭ ᠤᠨ ᠠᠰᠠᠭᠤᠳᠠᠯ ᠤᠨ ᠲᠤᠬᠠᠶ ᠲᠤᠰᠬᠠᠶ ᠰᠡᠳᠦᠪᠲᠦ ᠲᠠᠶᠢᠯᠤᠮᠵᠢ ᠶᠢ ᠬᠢᠯᠭᠡᠪᠡ᠃      ᠭᠤᠤ ᠮᠢᠩ ᠰᠢᠶᠠ ᠫᠷᠤᠹᠧᠰᠰᠤᠷ ᠡᠯᠪᠡᠭ ᠪᠠᠶᠠᠯᠢᠭ ᠲᠤᠰᠬᠠᠢ ᠮᠡᠷᠭᠡᠵᠢᠯ ᠤᠨ ᠮᠡᠳᠡᠯᠭᠡ ᠪᠣᠯᠤᠨ ᠲᠤᠷᠰᠢᠯᠭ᠎ᠠ  ᠪᠠᠷ ᠤᠳᠬ᠎ᠠ ᠤᠷᠠᠯᠢᠭ ᠤᠨ ᠤᠨᠤᠯ ᠢ ᠰᠣᠨᠣᠰᠪᠤᠷᠢᠲᠠᠢ ᠰᠠᠶᠢᠬᠠᠨ ᠦᠯᠢᠭᠡᠷ ᠢᠶᠠᠷ ᠲᠠᠶᠢᠯᠪᠤᠷᠢᠯᠠᠵᠤ᠂ ᠲᠠᠶᠢᠯᠤᠮᠵᠢ ᠶᠢᠨ ᠠᠭᠤᠯᠭ᠎ᠠ ᠨᠢ ᠬᠥᠮᠦᠰ ᠤᠨ ᠰᠡᠳᠬᠢᠯ ᠳᠤ ᠭᠦᠨ ᠰᠠᠭᠤᠭᠳᠠᠵᠤ᠂ ᠤᠳᠬ᠎ᠠ ᠤᠷᠠᠯᠢᠭ ᠤᠨ ᠠᠵᠢᠯᠲᠠᠳ ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ ᠣᠶᠢᠯᠠᠭᠠᠬᠤ ᠶᠢ ᠵᠤᠷᠢᠭᠵᠢᠭᠤᠯᠪᠠ᠃ ᠰᠣᠨᠣᠰᠤᠭᠴᠢᠳ ᠂ ᠰᠢᠨ᠎ᠡ ᠴᠠᠭ ᠦᠶ᠎ᠡ ᠶᠢᠨ ᠤᠳᠬ᠎ᠠ ᠤᠷᠠᠯᠢᠭ ᠤᠨ ᠠᠵᠢᠯᠳᠠᠨ ᠪᠣᠯᠤᠭᠰᠠᠨ ᠤ ᠬᠤᠪᠢ ᠳᠤ᠂ ᠭᠤᠣᠯ ᠬᠠᠷᠢᠭᠤᠴᠠᠯᠭ᠎ᠠ  ᠶᠢ ᠡᠭᠦᠷᠭᠡᠯᠡᠵᠦ᠂ ᠤᠬ ᠰᠠᠨᠠᠭ᠎ᠠ ᠪᠠᠨ ᠰᠠᠬᠢᠵᠤ︔ ᠬᠦᠨᠳᠦ ᠡᠭᠦᠷᠭᠡ ᠶᠢ ᠡᠭᠦᠷᠭᠡᠯᠡᠵᠦ᠂ ᠬᠠᠯᠠᠭᠤᠨ ᠰᠡᠳᠬᠢᠯ ᠢᠶᠠᠨ ᠪᠠᠷᠢᠮᠲᠠᠯᠠᠵᠤ᠂ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠠᠷᠠᠳ ᠤᠨ ᠰᠡᠳᠬᠢᠯ ᠢ ᠰᠠᠬᠢᠵᠤ᠂ ᠠᠷᠠᠳ ᠤᠯᠠᠨ ᠤ ᠦᠵᠡᠵᠦ ᠰᠣᠨᠢᠷᠬᠠᠬᠤ ᠳᠤᠷᠠᠲᠠᠢ ᠨᠡᠩ ᠤᠯᠠᠨ ᠤᠳᠬ᠎ᠠ ᠤᠷᠠᠯᠢᠭ ᠤᠨ ᠪᠦᠲᠦᠭᠡᠯ ᠢ ᠵᠣᠬᠢᠶᠠᠨ ᠪᠦᠲᠦᠭᠡᠨ᠎ᠡ ᠭᠡᠵᠦ ᠢᠯᠡᠷᠬᠡᠶᠢᠯᠡᠪᠡ  ᠃
 
ᠢᠷᠡᠯᠲᠡ᠄ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号