ᠨᠠᠮ ᠤᠨ ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠬᠤ《 ᠰᠢᠨ᠎ᠡ ᠴᠠᠭ ᠦᠶ᠎ᠡ ᠪᠠᠨ ᠮᠠᠭᠲᠠᠨ ᠳᠠᠭᠤᠯᠠᠵᠤ  ᠰᠢᠨ᠎ᠡ ᠠᠶᠠᠨ ᠳᠤ ᠪᠠᠨ ᠡᠷᠡᠮᠡᠬᠡᠶᠢᠯᠡᠨ ᠤᠷᠤᠭᠰᠢᠯᠠᠬᠤ 》 —《 ᠬᠤᠪᠢᠰᠬᠠᠯᠲᠤ ᠤᠷᠠᠯᠢᠭ  ᠤᠨ ᠶᠠᠷᠢᠶᠠᠨ ᠤ ᠲᠠᠩᠬᠢᠮ ᠵᠢᠴᠢ ᠨᠠᠮ ᠤᠨ ᠲᠡᠦᠬᠡ ᠶᠢᠨ ᠣᠬᠤᠷ ᠵᠦᠴᠦᠭᠡ ᠰᠤᠷᠭᠠᠭᠤᠯᠢ ᠶᠢᠨ ᠬᠦᠷᠢᠶᠡᠨ  ᠳᠤ ᠣᠷᠣᠬᠤ 》ᠠᠵᠢᠯᠯᠠᠭ᠎ᠠ
ᠨᠡᠶᠢᠲᠡᠯᠡᠭᠰᠡᠨ ᠴᠠᠭ᠄
2022/6/30
     ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠠᠮᠢᠳᠤᠷᠠᠯ ᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ ᠰᠤᠷᠭᠠᠭᠤᠯᠢ ᠶᠢᠨ ᠬᠦᠷᠢᠶᠡᠨ ᠤ ᠭᠦᠨ ᠵᠤᠵᠠᠭᠠᠨ ᠰᠣᠶᠣᠯ ᠤᠨ ᠠᠭᠤᠷ ᠠᠮᠢᠰᠬᠤᠯ ᠢ ᠪᠣᠶ ᠪᠣᠯᠭᠠᠨ᠂ ᠰᠤᠷᠤᠭᠴᠢᠳ  ᠤᠨ ᠪᠥᠬᠦ ᠲᠠᠯ᠎ᠠ ᠪᠠᠷ ᠬᠥᠭᠵᠢᠬᠦ ᠶᠢ ᠠᠬᠢᠭᠤᠯᠬᠤ ᠪᠠᠷ ᠬᠠᠷᠠᠯᠲᠠ ᠪᠣᠯᠭᠠᠵᠤ᠂ ᠪᠥᠬᠦ ᠰᠤᠷᠤᠭᠴᠢᠳ ᠲᠤ ᠬᠠᠨᠳᠤᠭᠤᠯᠤᠨ᠂ ᠬᠥᠮᠦᠨ ᠢ ᠬᠥᠮᠦᠵᠢᠭᠦᠯᠬᠦ ᠪᠠᠷ ᠵᠣᠷᠢᠯᠲᠠ ᠪᠣᠯᠭᠠᠵᠤ᠂ ᠥᠪᠥᠷ ᠮᠣᠩᠭᠤᠯ ᠤᠨ ᠤᠷᠠᠯᠢᠭ ᠵᠦᠴᠦᠭᠡ  ᠶᠢᠨ ᠬᠦᠷᠢᠶᠡᠯᠡᠩ ᠤᠨ ᠠᠵᠢᠯ ᠠᠴᠠ ᠪᠠᠨ ᠠᠮᠠᠷᠠᠭᠰᠠᠳ ᠤᠨ ᠠᠵᠢᠯ ᠤᠨ ᠭᠠᠵᠠᠷ ᠤᠨ ᠬᠢᠨ ᠬᠠᠮᠲᠤᠷᠠᠭᠰᠠᠨ ᠵᠦᠴᠦᠭᠡ  ᠶᠢᠨ ᠬᠦᠷᠢᠶᠡᠯᠡᠩ ᠤᠨ ᠶᠠᠷᠢᠶᠠᠲᠤ ᠵᠦᠴᠦᠭᠡ ᠶᠢᠨ ᠪᠦᠯᠬᠦᠮ ᠢ ᠳᠠᠭᠠᠭᠤᠯᠤᠨ 6 ᠳ᠋ᠤᠭᠠᠷ ᠰᠠᠷ᠎ᠠ ᠶᠢᠨ 21 ᠤ ᠡᠳᠦᠷ  ᠤᠨ ᠦᠳᠡ ᠶᠢᠨ ᠬᠤᠶᠢᠨ᠎ᠠ ᠬᠥᠬᠡᠬᠤᠲᠠ ᠶᠢᠨ ᠠᠷᠪᠠᠨ ᠳᠣᠯᠣᠳᠤᠭᠠᠷ ᠳᠤᠮᠳᠠᠳᠤ ᠰᠤᠷᠭᠠᠭᠤᠯᠢ ᠳᠤ《 ᠬᠤᠪᠢᠰᠬᠠᠯᠲᠤ ᠤᠷᠠᠯᠢᠭ ᠤᠨ ᠶᠠᠷᠢᠶᠠᠨ ᠤ ᠲᠠᠩᠬᠢᠮ ᠵᠢᠴᠢ ᠨᠠᠮ ᠤᠨ ᠲᠡᠦᠬᠡ ᠶᠢᠨ ᠣᠬᠤᠷ ᠵᠦᠴᠦᠭᠡ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ 》ᠠᠵᠢᠯᠯᠠᠭ᠎ᠠ ᠥᠷᠨᠢᠭᠦᠯᠪᠡ᠃
     ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠤᠨ ᠶᠠᠷᠢᠶᠠᠲᠤ ᠵᠦᠴᠦᠭᠡ ᠶᠢᠨ ᠪᠦᠯᠬᠦᠮ ᠣᠨᠴᠠᠭᠠᠶᠢᠯᠠᠨ ᠰᠤᠷᠭᠠᠭᠤᠯᠢ ᠶᠢᠨ ᠪᠠᠭᠰᠢ ᠰᠤᠷᠤᠭᠴᠢᠳ ᠲᠤ《 ᠵᠠᠯᠠᠭᠤ ᠨᠠᠰᠤᠨ ᠤ ᠳᠠᠭᠤᠯᠠᠯ 》ᠪᠣᠯᠤᠨ《 ᠳᠦᠷᠡᠯᠵᠡᠭᠰᠡᠨ ᠭᠠᠯ ᠤᠨ ᠳᠤᠮᠳᠠ ᠮᠥᠩᠬᠡᠷᠡᠨᠡᠮ 》ᠭᠡᠬᠦ ᠨᠠᠮ ᠤᠨ ᠲᠡᠦᠬᠡ ᠶᠢᠨ ᠬᠤᠶᠠᠷ ᠣᠬᠤᠷ ᠵᠦᠴᠦᠭᠡ ᠶᠢ ᠲᠣᠭᠯᠠᠵᠤ᠂ ᠪᠦᠬᠦ ᠪᠠᠭᠰᠢ ᠰᠤᠷᠤᠭᠴᠢᠳ ᠲᠤ ᠠᠬᠠᠮᠠᠳ ᠨᠢᠭᠡ ᠦᠶ᠎ᠡ ᠶᠢᠨ ᠬᠤᠪᠢᠰᠬᠠᠯᠴᠢᠳ ᠭᠤᠶᠠᠴᠢ ᠦᠭᠡᠢ ᠵᠢᠳᠬᠦᠵᠦ᠂ ᠡᠬᠡ ᠤᠯᠤᠰ ᠤᠨ ᠢᠶᠠᠨ ᠲᠥᠯᠥᠭᠡ ᠠᠮᠢ ᠪᠡᠶ᠎ᠡ ᠪᠠᠨ ᠵᠣᠷᠢᠭᠤᠯᠬᠤ ᠶᠠᠭᠤᠨ ᠠᠴᠠ ᠴᠤ ᠠᠶᠤᠬᠤ ᠦᠭᠡᠢ ᠵᠣᠷᠢᠭ ᠰᠠᠨᠠᠭ᠎ᠠ ᠶᠢ ᠭᠦᠨᠵᠡᠭᠡᠢ ᠮᠡᠳᠡᠷᠡᠭᠦᠯᠪᠡ  ᠃
     《 ᠵᠠᠯᠠᠭᠤ ᠨᠠᠰᠤᠨ ᠤ ᠳᠠᠭᠤᠯᠠᠯ 》
     《 ᠳᠦᠷᠡᠯᠵᠡᠭᠰᠡᠨ ᠭᠠᠯ ᠤᠨ ᠳᠤᠮᠳᠠ ᠮᠦᠩᠬᠡᠷᠡᠨᠡᠮ 》      ᠠᠬᠠᠮᠠᠳ ᠤᠷᠠᠯᠢᠭᠴᠢᠳ ᠤᠨ ᠥᠪᠡᠷᠮᠢᠴᠡ ᠳᠠᠪᠠᠭᠤᠯᠢᠭ ᠢ ᠭᠦᠶᠴᠡᠳ ᠪᠠᠳᠠᠷᠠᠭᠤᠯᠵᠤ᠂ ᠤᠷᠠᠯᠢᠭ ᠢᠶᠠᠷ ᠶᠣᠰᠣ ᠰᠤᠷᠲᠠᠬᠤᠨ ᠢ ᠠᠴᠢᠶᠠᠯᠠᠵᠤ᠂ ᠤᠷᠠᠯᠢᠭ ᠢᠶᠠᠷ ᠣᠶᠤᠨ ᠤᠬᠠᠭᠠᠨ ᠢ ᠠᠬᠢᠭᠤᠯᠵᠤ᠂ ᠤᠯᠠᠮᠵᠢᠯᠠᠬᠤ ᠬᠠᠪᠰᠤᠷᠬᠤ ᠳᠠᠭᠠᠭᠤᠯᠬᠤ ᠵᠣᠷᠢᠭ ᠰᠠᠨᠠᠭ᠎ᠠ ᠶᠢ ᠨᠠᠩ ᠰᠠᠶᠢᠲᠤᠷ ᠪᠠᠳᠠᠷᠠᠭᠤᠯᠵᠤ᠂ ᠵᠦᠴᠦᠭᠡ ᠶᠢᠨ ᠬᠦᠷᠢᠶᠡᠯᠡᠩ ᠤᠨ ᠲᠣᠭᠯᠠᠭᠴᠢ ᠵᠢᠴᠢ ᠰᠢᠨ᠎ᠡ ᠴᠠᠭ ᠦᠶ᠎ᠡ ᠶᠢᠨ ᠵᠠᠯᠠᠭᠤᠴᠤᠳ ᠪᠠᠭᠠᠴᠤᠳ ᠲᠤ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠬᠤ ᠶᠢᠨ ᠲᠥᠯᠥᠭᠡ᠂ ᠤᠯᠤᠰ ᠤᠨ ᠨᠢᠭᠡᠳᠦᠭᠡᠷ ᠳᠡᠰ ᠤᠨ ᠲᠣᠭᠯᠠᠭᠴᠢ᠂ ᠬᠤᠷᠴᠠ ᠪᠠᠭᠰᠢ  ᠶᠢ ᠣᠨᠴᠠᠭᠠᠶᠢᠯᠠᠨ ᠤᠷᠢᠵᠤ ᠰᠤᠷᠭᠠᠭᠤᠯᠢ ᠳᠤ ᠪᠠᠶᠢᠭ᠎ᠠ ᠪᠠᠭᠰᠢ ᠰᠤᠷᠤᠭᠴᠢᠳ ᠲᠤ ᠬᠤᠪᠢᠰᠬᠠᠯᠲᠤ ᠤᠷᠠᠯᠢᠭ ᠤᠨ ᠬᠢᠴᠢᠶᠡᠯ ᠤᠨ ᠲᠠᠩᠬᠢᠮ ᠤᠨ ᠠᠵᠢᠯᠯᠠᠭ᠎ᠠ ᠥᠷᠨᠢᠭᠦᠯᠪᠡ᠃
   
     ᠲᠤᠰ ᠤᠳᠠᠭ᠎ᠠ ᠶᠢᠨ ᠢᠯᠡ ᠲᠣᠳᠣ᠂ ᠲᠦᠷᠦᠭᠳᠡᠯ ᠲᠠᠢ ᠠᠵᠢᠯᠯᠠᠭ᠎ᠠ ᠶᠢᠨ ᠠᠷᠭ᠎ᠠ ᠬᠡᠯᠪᠡᠷᠢ ᠪᠠᠷ᠂ ᠵᠠᠯᠠᠭᠤ ᠨᠠᠰᠤᠨ ᠤ ᠰᠤᠷᠤᠭᠴᠢᠳ ᠲᠤ ᠨᠠᠮ ᠤᠨ ᠲᠡᠦᠬᠡ ᠶᠢ ᠤᠢᠢᠯᠠᠭᠠᠭᠤᠯᠵᠤ᠂ ᠪᠠᠭᠠᠲᠤᠷᠴᠤᠳ ᠲᠤ ᠲᠠᠯᠠᠷᠬᠠᠬᠤ᠂ ᠵᠣᠷᠢᠭ ᠰᠠᠨᠠᠭ᠎ᠠ ᠶᠢ ᠤᠢᠢᠯᠠᠭᠠᠭᠤᠯᠵᠤ᠂ ᠭᠧᠨ ᠢᠶᠠᠷ ᠬᠤᠪᠢᠰᠬᠠᠯ ᠤᠨ ᠤᠳᠤᠮᠰᠢᠯ ᠢ ᠵᠠᠯᠭᠠᠮᠵᠢᠯᠠᠵᠤ᠂ ᠬᠤᠪᠢᠰᠬᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠵᠥᠪ ᠠᠮᠢᠳᠤᠷᠠᠬᠤᠢ ᠶᠢᠨ ᠦᠵᠡᠯᠲᠡ ᠦᠷᠳᠡᠭ ᠤᠨ ᠦᠵᠡᠯᠲᠡ ᠪᠣᠯᠤᠨ ᠭᠦᠨ ᠵᠤᠵᠠᠭᠠᠨ ᠤᠯᠤᠰ ᠢᠶᠠᠨ ᠬᠠᠶᠢᠷᠠᠯᠠᠬᠤ ᠦᠵᠡᠯ ᠤᠨ ᠵᠣᠷᠢᠭ ᠰᠠᠨᠠᠭ᠎ᠠ ᠶᠢ ᠪᠠᠲᠤ ᠪᠤᠢ ᠪᠤᠯᠭᠠᠪᠠ᠃
 
ᠢᠷᠡᠯᠲᠡ᠄ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号