ᠣᠷᠳᠣᠰ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ 《 ᠬᠤᠶᠠᠷ ᠢ ᠡᠭᠦᠳᠬᠦ 》 ᠠᠵᠢᠯ ᠢ ᠯᠠᠪᠳᠠᠭᠤᠨ ᠪᠠᠲᠤᠲᠠᠶ ᠠᠬᠢᠭᠤᠯᠪᠠ
ᠨᠡᠶᠢᠲᠡᠯᠡᠭᠰᠡᠨ ᠴᠠᠭ᠄
2022/7/1
    《 ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ 〈 ᠬᠤᠶᠠᠷ ᠢ  ᠡᠭᠦᠳᠬᠦ 〉 ᠠᠵᠢᠯ ᠤᠨ ᠲᠥᠰᠦᠯ 》 ᠤᠨ ᠱᠠᠭᠠᠷᠳᠠᠯᠭ᠎ᠠ ᠶᠣᠰᠣᠭᠠᠷ᠂ ᠣᠷᠳᠣᠰ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠵᠣᠬᠢᠶᠠᠨ ᠪᠠᠶᠢᠭᠤᠯᠤᠯᠲᠠ ᠤᠳᠤᠷᠢᠳᠤᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ ᠂ ᠡᠯ᠎ᠡ ᠵᠦᠶᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ 《 ᠬᠤᠶᠠᠷ ᠢ  ᠡᠭᠦᠳᠬᠦ 》 ᠠᠵᠢᠯ ᠢ ᠯᠠᠪᠳᠠᠭᠤᠨ ᠪᠠᠲᠤᠲᠠᠶ  ᠠᠬᠢᠭᠤᠯᠪᠠ᠃       ᠨᠢᠭᠡ ᠳᠤ᠂ ᠵᠣᠬᠢᠶᠠᠨ ᠪᠠᠶᠢᠭᠤᠯᠤᠯᠲᠠ ᠤᠳᠤᠷᠢᠳᠤᠯᠭ᠎ᠠ ᠪᠠᠨ ᠴᠢᠩᠭᠠᠳᠬᠠᠪᠠ᠃ ᠪᠥᠬᠦ ᠬᠤᠲᠠ ᠶᠢᠨ ᠰᠣᠶᠣᠯ ᠵᠢᠭᠤᠯᠴᠢᠯᠠᠯ ᠤᠨ ᠰᠢᠰᠲ᠋ᠧᠮ ᠤᠨ 《 ᠬᠤᠶᠠᠷ ᠢ ᠡᠭᠦᠳᠬᠦ 》 ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠠᠵᠢᠯ ᠤᠨ ᠲᠥᠰᠦᠯ ᠲᠣᠭᠲᠠᠭᠠᠵᠤ᠂ ᠲᠣᠰ ᠠᠵᠢᠯ ᠢ ᠣᠨ ᠤ ᠭᠤᠤᠯᠳᠠᠯᠭ᠎ᠠ ᠲᠠᠢ ᠠᠵᠢᠯ ᠤᠨ ᠲᠥᠯᠥᠪᠯᠡᠭᠡ ᠳᠤ ᠣᠷᠣᠭᠤᠯᠵᠤ᠂ ᠡᠭᠦᠷᠭᠡ ᠶᠢ ᠠᠬᠢᠭᠤᠯᠬᠤ ᠬᠦᠰᠦᠨᠦᠭᠲᠦ ᠵᠣᠬᠢᠶᠠᠵᠤ᠂ ᠬᠠᠭᠠᠰ ᠰᠠᠷ᠎ᠠ ᠳᠤ ᠨᠢᠭᠡ ᠤᠳᠠᠭ᠎ᠠ ᠲᠣᠬᠢᠷᠠᠭᠤᠯᠤᠯᠲᠠ  ᠬᠢᠬᠦ ᠪᠠᠷ ᠲᠤᠭᠲᠠᠪᠠ  ᠃      ᠬᠤᠶᠠᠷ ᠲᠤ᠂ ᠲᠤᠰᠬᠠᠢ ᠰᠡᠳᠦᠪ ᠢᠶᠠᠷ ᠰᠤᠳᠤᠯᠤᠨ ᠪᠠᠶᠢᠷᠢᠯᠠᠭᠤᠯᠪᠠ  ᠃ 4 ᠳ᠋ᠤᠭᠡᠷ ᠰᠠᠷ᠎ᠠ ᠠᠴᠠ ᠨᠠᠭᠠᠰᠢ᠂ ᠬᠤᠲᠠ ᠶᠢᠨ ᠰᠣᠶᠣᠯ ᠵᠢᠭᠤᠯᠴᠢᠯᠠᠯ ᠤᠨ ᠲᠣᠪᠴᠢᠶ᠎ᠠ 3 ᠤᠳᠠᠭ᠎ᠠ ᠲᠤᠰᠬᠠᠶ ᠰᠡᠳᠦᠪᠲᠦ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ 《 ᠬᠤᠶᠠᠷ ᠢ  ᠡᠭᠦᠳᠬᠦ 》 ᠠᠵᠢᠯ ᠢ ᠰᠤᠳᠤᠯᠤᠨ ᠪᠠᠶᠢᠷᠢᠯᠠᠭᠤᠯᠵᠤ᠂ 《 ᠬᠤᠶᠠᠷ  ᠢ  ᠡᠭᠦᠳᠬᠦ  》 ᠶᠢ ᠪᠥᠬᠦ ᠬᠤᠲᠠ ᠶᠢᠨ ᠰᠣᠶᠣᠯ ᠵᠢᠭᠤᠯᠴᠢᠯᠠᠯ ᠤᠨ ᠰᠢᠰᠲ᠋ᠧᠮ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ᠳᠤᠮᠳᠠᠳᠤ ᠶᠢᠨ ᠦᠨᠳᠦᠰᠦᠲᠡᠨ  ᠤ ᠬᠠᠮᠲᠤ ᠶᠢᠨ ᠣᠶᠤᠨ ᠰᠠᠨᠠᠭᠠᠨ ᠤ ᠬᠡᠷ ᠣᠷᠣᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠬᠦᠴᠦᠲᠡᠶ ᠭᠠᠷᠳᠠᠴᠠ ᠪᠠ ᠪᠦᠲᠦᠮᠵᠢᠲᠡᠶ ᠠᠴᠢᠶᠠᠯᠠᠪᠤᠷᠢ ᠪᠣᠯᠭᠠᠪᠠ  ᠃ 《 ᠬᠤᠶᠠᠷ ᠢ  ᠡᠭᠦᠳᠬᠦ 》  ᠶᠢᠨ ᠦᠷᠨᠢᠬᠦᠯᠦᠯᠲᠡ  ᠶᠢ 《 ᠨᠢᠭᠡᠳᠦᠭᠡᠷ ᠭᠠᠷ 》 ᠤᠨ ᠢᠨᠵᠧᠨᠧᠷᠢᠩ ᠪᠣᠯᠭᠠᠵᠤ᠂ ᠣᠨᠣᠯ ᠤᠨ ᠰᠤᠳᠤᠯᠭᠠᠨ ᠢ ᠭᠦᠨᠵᠡᠭᠡᠶᠢᠷᠡᠭᠦᠯᠵᠦ᠂ 《 ᠲᠥᠷᠥᠯ ᠵᠦᠢᠯᠵᠢᠭᠦᠯᠬᠦ 》 ᠪᠠᠶᠢᠭᠤᠯᠤᠯᠲᠠ ᠶᠢ  ᠠᠬᠢᠭᠤᠯᠪᠠ  ᠃      ᠭᠤᠷᠪᠠ ᠳᠤ᠂ ᠠᠵᠢᠯ ᠤᠨ ᠡᠭᠦᠷᠭᠡ ᠪᠠᠨ ᠨᠠᠷᠢᠯᠢᠭᠵᠢᠭᠤᠯᠪᠠ  ᠃ 《 ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠶᠢᠨ 〈 ᠬᠤᠶᠠᠷ ᠢ  ᠡᠭᠦᠳᠬᠦ  〉 ᠬᠡᠷᠡᠭᠵᠢᠭᠦᠯᠬᠦ ᠲᠥᠰᠦᠯ 》︵ᠤᠷᠳᠤᠰ  ᠤᠨ ᠰᠤᠶᠤᠯ ᠪᠠ  ᠵᠢᠭᠤᠯᠴᠢᠯᠠᠯ  ᠤᠨ ᠲᠤᠪᠴᠢᠶ᠎ᠠ  ᠶᠢᠨ ᠲᠠᠷᠬᠠᠭᠠᠭᠰᠠᠨ ﹇2022﹈ 33  ᠳ᠋ᠤᠭᠠᠷ ᠲᠤᠭᠠᠲᠤ︶ ᠢ ᠳᠠᠷᠤᠮᠠᠯᠯᠠᠨ ᠲᠠᠷᠬᠠᠭᠠᠵᠤ᠂  8 ᠵᠦᠢᠯ᠂ 25 ᠡᠬᠦᠷᠭᠡ  ᠶᠢ ᠳᠤᠷᠠᠳᠪᠠ᠃ ᠨᠠᠷᠢᠨ ᠡᠮᠬᠢᠯᠡᠭᠰᠡᠨ ᠤ ᠳ᠋ᠦᠩ  ᠳᠤ᠂ ᠨᠡᠶᠢᠲᠡ 79 ᠵᠤᠷᠪᠤᠰ ᠠᠷᠭ᠎ᠠ ᠬᠡᠮᠵᠢᠶ᠎ᠡ ︵ᠲᠥᠷᠥᠯ ᠵᠦᠢᠯ︶  ᠲᠤᠷᠠᠳᠴᠠᠢ᠂ ᠡᠬᠦᠨ ᠳᠤ ᠭᠤᠤᠯᠳᠠᠯᠭ᠎ᠠ ᠲᠠᠢ ᠲᠦᠯᠬᠢᠨ ᠠᠬᠢᠭᠤᠯᠬᠤ  ᠠᠷᠭ᠎ᠠ ᠬᠡᠮᠵᠢᠶ᠎ᠡ ︵ᠲᠥᠷᠥᠯ ᠵᠦᠢᠯ︶ ᠨᠡᠶᠢᠲᠡ 21 ᠪᠠᠶᠢᠨ᠎ᠠ᠃ ᠣᠳᠣᠬᠠᠨ ᠳᠤ᠂ 79 ᠠᠷᠭ᠎ᠠ ᠬᠡᠮᠵᠢᠶ᠎ᠡ ︵ᠲᠥᠷᠥᠯ ᠵᠦᠢᠯ︶  ᠠᠴᠠ 13    ᠶᠢ ᠪᠡᠶᠡᠯᠡᠭᠦᠯᠦᠭᠰᠡᠨ ᠪᠠᠶᠢᠨ᠎ᠠ᠃
 
ᠢᠷᠡᠯᠲᠡ᠄ ᠣᠷᠳᠣᠰ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号