ᠤᠮᠠᠷᠠᠲᠤ ᠬᠢᠯᠢ ᠶᠢᠨ ᠵᠣᠯ ᠵᠢᠷᠭᠠᠯᠲᠤ ᠬᠡᠷ ᠣᠷᠣᠨ ᠢ ᠰᠠᠬᠢᠨ ᠪᠠᠷᠠᠯᠠᠨ᠎ᠠ — ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠤᠨ ᠦᠨᠳᠦᠰᠦᠲᠡᠨ ᠤ ᠬᠥᠭᠵᠢᠮ ᠤᠨ ᠪᠦᠯᠬᠦᠮ ᠤᠨ ᠳᠠᠭᠤᠤ ᠬᠥᠭᠵᠢᠮ ᠤᠨ ᠲᠤᠰᠬᠠᠶ  ᠦᠳᠡᠰᠢᠯᠡᠭᠡ
ᠨᠡᠶᠢᠲᠡᠯᠡᠭᠰᠡᠨ ᠴᠠᠭ᠄
2022/7/1
     ᠵᠣᠨ ᠤ ᠤᠯᠠᠷᠢᠯ ᠪᠣᠯ ᠥᠪᠥᠷ ᠮᠣᠩᠭᠤᠯ ᠤᠨ ᠬᠠᠮᠤᠭ ᠤᠨ ᠰᠠᠶᠢᠬᠠᠨ ᠤᠯᠠᠷᠢᠯ ᠪᠣᠯᠤᠨ᠎ᠠ᠂ ᠪᠥᠬᠦ ᠤᠯᠤᠰ  ᠤᠨ ᠡᠯ᠎ᠡ ᠭᠠᠵᠠᠷ ᠤᠨ ᠨᠠᠶᠢᠵᠠ ᠨᠠᠷ  ᠬᠦᠷᠦᠯᠴᠡᠨ ᠢᠷᠡᠵᠡᠭᠡᠵᠦ ᠥᠪᠥᠷ ᠮᠣᠩᠭᠤᠯ ᠤᠨ ᠦᠵᠡᠰᠬᠦᠯᠡᠩᠲᠦ ᠰᠠᠶᠢᠬᠠᠨ ᠴᠤᠭ ᠵᠢᠪᠬᠤᠭ᠎ᠠ ᠶᠢ ᠤᠶᠢᠯᠠᠭᠠᠬᠤ ᠪᠤᠯᠤᠨ᠎ᠠ᠃ 6 ᠳ᠋ᠤᠭᠠᠷ ᠰᠠᠷ᠎ᠠ ᠶᠢᠨ 24 ᠤ ᠡᠳᠦᠷ ᠠᠴᠠ 26 ᠤ ᠡᠳᠦᠷ ᠨᠢ ᠶᠠᠭ ᠰᠠᠶᠢᠬᠠᠨ ᠭᠠᠷᠠᠭ ᠤᠨ ᠰᠡᠭᠦᠯᠴᠢ ᠲᠠᠭᠠᠷᠠᠯᠳᠤᠵᠤ᠂ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠤᠨ ᠦᠨᠳᠦᠰᠦᠲᠡᠨ ᠤ ᠬᠥᠭᠵᠢᠮ ᠤᠨ ᠪᠦᠯᠬᠦᠮ ᠨᠢ ᠥᠯᠢᠭᠡᠷ ᠤᠷᠠᠯᠢᠭ ᠤᠨ ᠣᠷᠳᠣᠨ ᠳᠤ ᠦᠨᠳᠦᠰᠦᠲᠡᠨ ᠤ ᠨᠠᠶᠢᠷᠠᠯ ᠬᠦᠭᠵᠢᠮ ᠢ ᠬᠥᠭᠵᠢᠮᠳᠡᠵᠦ᠂ 《 ᠨᠠᠮ ᠤᠨ ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠬᠤ ᠰᠢᠯᠢᠳᠡᠭ ᠵᠦᠴᠦᠭᠡ ᠶᠢᠨ ᠲᠣᠭᠯᠠᠯᠲᠠ — ᠦᠨᠳᠦᠰᠦᠲᠡᠨ ᠤ ᠬᠥᠭᠵᠢᠮ ᠤᠨ ᠪᠦᠯᠬᠦᠮ ᠤᠨ ᠳᠠᠭᠤᠤ ᠬᠥᠭᠵᠢᠮ ᠤᠨ ᠲᠤᠰᠬᠠᠶ ᠦᠳᠡᠰᠢᠯᠡᠭᠡ 》 ᠭᠠᠷᠭᠠᠪᠠ  ᠃
      ᠳᠠᠭᠤᠤ ᠬᠥᠭᠵᠢᠮ ᠤᠨ ᠦᠳᠡᠰᠢᠯᠡᠭᠡ ᠨᠢ ᠠᠷᠠᠳ ᠤᠨ  ᠨᠠᠶᠢᠷᠠᠯ ᠬᠥᠭᠵᠢᠮ 《 ᠢᠲᠡᠭᠡᠯ ᠪᠢᠰᠢᠷᠡᠯ 》  ᠢᠶᠠᠷ ᠬᠥᠰᠢᠭᠡ ᠪᠠᠨ ᠨᠡᠭᠡᠭᠡᠵᠦ᠂ ᠬᠥᠭᠵᠢᠮ ᠤᠨ ᠳᠠᠭᠤᠨ ᠦᠵᠡᠭᠴᠢᠳ ᠢ ᠥᠷᠭᠡᠨ ᠠᠭᠤᠳᠠᠮ ᠰᠠᠨᠠᠭ᠎ᠠ ᠠᠬᠤᠶ ᠳᠤ ᠤᠷᠤᠭᠤᠯᠵᠠᠢ᠃  ᠤᠷᠭᠤᠬᠤ ᠨᠠᠷᠠᠨ ᠤ ᠤᠯᠠᠪᠤᠷ ᠲᠤᠶᠠᠭ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠮᠤᠭ ᠤᠨ ᠵᠡᠭᠦᠨ ᠵᠠᠬ᠎ᠠ ᠳᠤ ᠬᠢ ᠶᠡᠭᠡ ᠬᠢᠩᠭᠠᠨ ᠳᠠᠪᠠᠭ᠎ᠠ ᠳᠤ ᠲᠤᠰᠬᠤ ᠳᠤ ᠬᠠᠮᠤᠭ ᠤᠨ ᠪᠠᠷᠠᠭᠤᠨ ᠵᠠᠬ᠎ᠠ  ᠳᠤ  ᠬᠢ ᠡᠵᠡᠨ᠎ᠡ ᠶᠢᠨ ᠲᠣᠤᠷᠠᠶ ᠶᠢᠨ ᠣᠶ ᠬᠠᠷᠢᠨ ᠭᠦᠨ ᠨᠣᠶᠢᠷᠰᠤᠭᠰᠠᠭᠠᠷ ᠪᠠᠶᠢᠯ᠎ᠠ᠃ ᠬᠢᠯᠢ ᠶᠢᠨ ᠱᠤᠭᠤᠮ ᠨᠢ 4200 ᠭᠠᠷᠤᠢ ᠺᠢᠯᠣᠮᠧᠲᠷ ᠦᠷᠭᠦᠯᠵᠢᠯᠡᠵᠦ ᠪᠠᠶᠢᠭ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠡᠭᠡ ᠤᠯᠤᠰ  ᠤᠨ ᠤᠮᠠᠷᠠᠲᠤ ᠬᠢᠯᠢ ᠶᠢ ᠰᠠᠬᠢᠨ ᠪᠠᠷᠠᠯᠠᠵᠤ ᠣᠮᠤᠭ ᠲᠡᠭᠦᠯᠳᠡᠷ ᠠᠵᠢᠨᠠᠢ ᠬᠦᠯᠦᠭ ᠰᠢᠭ ᠬᠠᠷᠠᠭᠳᠠᠨ᠎ᠠ  ᠃
      118 ᠲᠦᠮᠡ ᠭᠠᠷᠤᠢ ᠲᠡᠭᠰᠢ ᠳᠥᠷᠪᠡᠯᠵᠢᠨ ᠺᠢᠯᠣᠮᠧᠲᠷ ᠪᠦᠬᠦᠢ ᠥᠷᠭᠡᠨ ᠠᠭᠤᠳᠠᠮ ᠤᠮᠠᠷᠠᠲᠤ ᠬᠢᠯᠢ ᠪᠣᠯ ᠥᠨᠥᠳᠦᠷ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2400 ᠭᠠᠷᠤᠢ ᠲᠦᠮᠡᠨ ᠦᠨᠳᠦᠰᠦᠲᠡᠨ  ᠨᠦᠭᠦᠳ ᠤᠨ ᠠᠬ᠎ᠠ ᠳᠡᠭᠦᠦ ᠨᠡᠷ ᠤᠨ ᠮᠥᠷᠥ ᠵᠡᠷᠭᠡᠴᠡᠨ ᠲᠡᠮᠡᠴᠡᠭᠰᠡᠨ ᠬᠠᠯᠠᠭᠤᠨ ᠬᠥᠷᠥᠰᠥ ᠪᠣᠯᠤᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠰᠡᠳᠬᠢᠯ ᠳᠤ᠂ ᠡᠨᠡ ᠬᠦ ᠬᠠᠯᠠᠭᠤᠨ  ᠬᠥᠷᠥᠰᠦ ᠨᠢ ᠦᠵᠡᠰᠬᠦᠯᠡᠩᠲᠦ ᠰᠠᠶᠢᠬᠠᠨ ᠠᠮᠢ ᠠᠬᠤᠢ ᠶᠢ ᠪᠠᠲᠤᠯᠠᠬᠤ ᠪᠠᠷ ᠪᠠᠷᠠᠬᠤ ᠦᠭᠡᠢ ᠪᠠᠰᠠ ᠵᠣᠯ ᠵᠢᠷᠭᠠᠯᠲᠤ ᠭᠡᠷ ᠣᠷᠣᠨ  ᠢ ᠪᠦᠳᠦᠭᠡᠨ ᠪᠠᠶᠢᠭᠤᠯᠬᠤ ᠬᠡᠷᠡᠭᠲᠡᠢ  ᠃
       ᠳᠠᠭᠤᠤ ᠬᠥᠭᠵᠢᠮ ᠤᠨ ᠦᠳᠡᠰᠢᠯᠡᠭᠡ ᠨᠢ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠬᠥᠪᠡᠭᠦᠳ ᠥᠬᠢᠳ ᠤᠨ ᠠᠭᠤᠤ ᠶᠡᠭᠡ ᠡᠬᠡ ᠤᠯᠤᠰ ᠢᠶᠠᠨ ᠬᠠᠮᠲᠤ ᠪᠠᠷ ᠪᠥᠲᠥᠭᠡᠨ ᠪᠠᠶᠢᠭᠤᠯᠬᠤ᠂ ᠰᠠᠶᠢᠨ ᠰᠠᠶᠢᠬᠠᠨ ᠠᠮᠢᠳᠤᠷᠠᠯ  ᠢᠶᠠᠨ ᠬᠠᠮᠲᠤ ᠪᠠᠷ ᠴᠣᠭᠴᠠᠯᠠᠬᠤ ᠬᠦᠰᠡᠯᠡᠩ ᠪᠠ ᠢᠲᠡᠭᠡᠯ ᠪᠢᠰᠢᠷᠡᠯ ᠢ ᠪᠢᠴᠢᠭᠯᠡᠭᠰᠡᠨ ᠪᠠᠶᠢᠨ᠎ᠠ  ᠃ ᠡᠬᠡ ᠤᠯᠤᠰ ᠤᠨ ᠤᠮᠠᠷᠠᠲᠤ  ᠬᠢᠯᠢ ᠶᠢᠨ ᠡᠨᠡ ᠬᠦ ᠦᠵᠡᠮᠵᠢ ᠶᠢᠨ ᠣᠷᠣᠨ ᠢᠶᠠᠨ ᠨᠠᠩ ᠦᠵᠡᠰᠬᠦᠯᠡᠩᠲᠦ ᠰᠠᠶᠢᠬᠠᠨ ᠪᠣᠯᠭᠠᠨ ᠪᠥᠲᠥᠭᠡᠨ ᠪᠠᠶᠢᠭᠤᠯᠬᠤ ᠪᠣᠯ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ ᠳᠣᠲᠣᠨᠣ ᠬᠦᠰᠡᠯ ᠨᠠᠶᠢᠳᠠᠯᠭ᠎ᠠ ᠮᠥᠨ᠂ ᠨᠢᠭᠡᠨᠲᠡ ᠲᠠᠯ᠎ᠠ ᠨᠤᠲᠤᠭ ᠤᠨ ᠬᠥᠪᠡᠭᠦᠳ ᠥᠬᠢᠳ ᠤᠨ ᠬᠠᠮᠲᠤ ᠶᠢᠨ ᠬᠦᠰᠡᠯ ᠡᠷᠡᠮᠡᠯᠵᠡᠯ ᠪᠠ ᠬᠥᠭᠵᠢᠯᠲᠡ ᠶᠢᠨ ᠬᠥᠳᠡᠯᠭᠡᠬᠦ ᠬᠦᠴᠦᠨ ᠤ ᠡᠬᠢ ᠰᠤᠷᠪᠤᠯᠵᠢ ᠪᠣᠯᠵᠠᠶ  ᠃
 
ᠢᠷᠡᠯᠲᠡ᠄ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号