ᠬᠠᠲᠤᠨ ᠭᠤᠤᠯ ᠤᠨ ︽几︾ ᠦᠰᠦᠭ ᠤᠨ ᠬᠡᠯᠪᠡᠷᠢᠲᠦ ᠲᠤᠬᠤᠢ ᠶᠢᠨ ᠥᠪᠥᠷ ᠮᠣᠩᠭᠤᠯ ᠤᠨ ᠰᠣᠶᠣᠯ ᠵᠢᠭᠤᠯᠴᠢᠯᠠᠯ ᠤᠨ ᠲᠠᠸᠠᠷ ᠤᠨ ᠪᠦᠲᠦᠭᠡᠯᠴᠢ ᠲᠥᠰᠦᠪᠯᠡᠯ ᠤᠨ ᠤᠷᠤᠯᠳᠤᠭᠠᠨ ᠪᠤᠭᠤᠲᠤ ᠬᠤᠲᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2022/8/10
     7 ᠳ᠋ᠤᠭᠠᠷ ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠭᠤᠤᠯᠯᠠᠨ ᠡᠷᠭᠢᠯᠡᠵᠦ᠂ ᠬᠠᠲᠤᠨ ᠭᠤᠤᠯ ᠤᠨ ︽几︾ ᠦᠰᠦᠭ ᠤᠨ ᠬᠡᠯᠪᠡᠷᠢᠲᠦ ᠲᠤᠬᠤᠢ ᠶᠢᠨ 7 ᠠᠶᠢᠮᠠᠭ ᠬᠤᠲᠠ ᠶᠢᠨ ᠰᠣᠶᠣᠯ ᠵᠢᠭᠤᠯᠴᠢᠯᠠᠯ ᠤᠨ ᠲᠣᠪᠴᠢᠶ᠎ᠠ ᠬᠠᠮᠵᠢᠯᠴᠠᠨ ᠬᠢᠵᠦ᠂ ᠪᠤᠭᠤᠲᠤ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠳᠠᠭᠠᠭᠠᠴᠢᠯᠠᠭᠰᠠᠨ ᠬᠠᠲᠤᠨ ᠭᠤᠤᠯ ᠤᠨ ︽几︾ ᠦᠰᠦᠭ ᠤᠨ ᠬᠡᠯᠪᠡᠷᠢᠲᠦ ᠲᠤᠬᠤᠢ ᠶᠢᠨ ᠥᠪᠥᠷ ᠮᠣᠩᠭᠤᠯ ᠤᠨ ᠰᠣᠶᠣᠯ ᠵᠢᠭᠤᠯᠴᠢᠯᠠᠯ ᠤᠨ ᠲᠠᠸᠠᠷ ᠤᠨ ᠪᠦᠲᠦᠭᠡᠯᠴᠢ ᠲᠥᠰᠦᠪᠯᠡᠯ  ᠤᠨ ᠤᠷᠤᠯᠳᠤᠭᠠᠨ ᠵᠢᠴᠢ ᠪᠤᠭᠤᠲᠤ ᠬᠤᠲᠠ ᠶᠢᠨ ᠭᠤᠷᠪᠠᠳᠤᠭᠠᠷ ᠬᠤᠭᠤᠴᠠᠭᠠᠨ ᠤ ᠰᠣᠶᠣᠯ ᠵᠢᠭᠤᠯᠴᠢᠯᠠᠯ ᠤᠨ ᠪᠦᠲᠦᠭᠡᠯᠴᠢ ᠪᠦᠲᠦᠭᠡᠯ ᠤᠨ ᠤᠷᠤᠯᠳᠤᠭᠠᠨ ᠭᠦᠶᠡᠩ ᠰᠢᠶᠠᠨ ᠤ ᠴᠦᠨ ᠺᠦᠨ ᠱᠠᠨ ᠳᠤ ᠵᠢᠩᠬᠢᠨᠢ ᠪᠠᠷ ᠡᠬᠢᠯᠡᠪᠡ᠃ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠢᠦᠢ ᡁᠢ ᠭᠦᠸᠧ᠂ ᠠᠵᠤ ᠦᠶᠯᠡᠰ ᠤᠨ ᠬᠥᠭᠵᠢᠯᠲᠡ ᠶᠢᠨ ᠭᠠᠵᠠᠷ ᠤᠨ ᠳᠠᠷᠤᠭ᠎ᠠ ᠮᠥ ᠸᠧᠶ᠂ ᠪᠤᠭᠤᠲᠤ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠹᠦ᠋ ᠮᠢᠨ᠂ ᠥᠪᠥᠷ ᠮᠣᠩᠭᠤᠯ ᠤᠨ ᠵᠢᠭᠤᠯᠴᠢᠯᠠᠯ ᠤᠨ ᠨᠡᠶᠢᠭᠡᠮᠯᠢᠭ ᠤᠨ ᠨᠠᠷᠢᠨ ᠪᠢᠴᠢᠭ ᠤᠨ ᠳᠡᠳ᠋ ᠳᠠᠷᠤᠭ᠎ᠠ ᠸᠧᠶ ᠸᠧᠶ ᠵᠢᠴᠢ ᠬᠠᠲᠤᠨ ᠭᠤᠤᠯ ᠳᠠᠭᠠᠤ ᠶᠢᠨ 7 ᠠᠶᠢᠮᠠᠭ ᠬᠤᠲᠠ ᠶᠢᠨ ᠰᠣᠶᠣᠯ ᠵᠢᠭᠤᠯᠴᠢᠯᠠᠯ ᠤᠨ ᠲᠣᠪᠴᠢᠶᠠᠨ ᠤ ᠤᠳᠤᠷᠢᠳᠤᠯᠭ᠎ᠠ ᠠᠵᠢᠯᠯᠠᠭ᠎ᠠ ᠳᠤ ᠣᠷᠣᠯᠴᠠᠵᠠᠶ᠃ ᠡᠬᠢᠯᠡᠯᠲᠡ ᠶᠢᠨ ᠶᠣᠰᠣᠯᠠᠯ ᠳᠡᠭᠡᠷ᠎ᠡ᠂ ᠪᠤᠭᠤᠲᠤ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠹᠦ᠋ ᠮᠢᠨ ᠪᠠᠶᠠᠷ ᠤᠨ ᠦᠭᠡ ᠬᠡᠯᠡᠵᠦ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠢᠦᠢ ᡁᠢ ᠭᠦᠸᠧ ᠶᠠᠷᠢᠶ᠎ᠠ ᠲᠠᠯᠪᠢᠪᠠ᠃      ᠢᠥᠢ ᡁᠢ ᠭᠦᠸᠧ ᠵᠢᠭᠠᠵᠤ ᠭᠠᠷᠭᠠᠭᠰᠠᠨ ᠨᠢ᠂ᠬᠠᠲᠤᠨ ᠭᠤᠤᠯ ᠤᠨ ︽几︾ ᠦᠰᠦᠭ ᠤᠨ ᠬᠡᠯᠪᠡᠷᠢᠲᠦ ᠲᠤᠬᠤᠢ ᠶᠢᠨ ᠥᠪᠥᠷ ᠮᠣᠩᠭᠤᠯ ᠤᠨ ᠰᠣᠶᠣᠯ ᠵᠢᠭᠤᠯᠴᠢᠯᠠᠯ ᠤᠨ ᠲᠠᠸᠠᠷ ᠤᠨ ᠪᠦᠲᠦᠭᠡᠯᠴᠢ ᠲᠥᠰᠦᠪᠯᠡᠯ ᠤᠨ ᠤᠷᠤᠯᠳᠤᠭᠠᠨ ᠤ ᠠᠵᠢᠯᠯᠠᠭ᠎ᠠ ᠪᠣᠯ 2022 ᠣᠨ ᠤ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ  ᠤᠨ ᠲᠢᠩᠬᠢᠮ ᠤᠨ ᠰᠣᠶᠣᠯ ᠵᠢᠭᠤᠯᠴᠢᠯᠠᠯ ᠤᠨ ᠠᠵᠤ ᠦᠶᠯᠡᠰ ᠤᠨ ᠭᠤᠤᠯᠳᠠᠯᠭ᠎ᠠ ᠲᠠᠢ ᠠᠵᠢᠯ ᠤᠨ ᠨᠢᠭᠡ ᠨᠢ ᠪᠣᠯᠤᠨ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠳᠤᠷᠠᠳᠤᠭᠰᠠᠨ ︽ᠬᠤᠶᠠᠷ  ᠢ ᠴᠣᠭᠴᠠᠯᠠᠬᠤ︾ ᠡᠭᠦᠷᠭᠡ ᠶᠢ ᠨᠠᠶᠢᠳᠠᠪᠤᠷᠢᠵᠢᠭᠤᠯᠬᠤ ᠪᠣᠳᠠᠲᠠᠶ ᠠᠷᠭ᠎ᠠ ᠬᠡᠮᠵᠢᠶ᠎ᠡ ᠪᠣᠯᠤᠨ᠎ᠠ᠃ ᠤᠷᠤᠯᠳᠤᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠨᠠᠩ ᠣᠯᠠᠨ ᠤᠯᠤᠰ ᠲᠥᠷᠥ ᠶᠢᠨ ᠴᠢᠨᠠᠷ ᠢᠶᠠᠷ ᠴᠢᠩᠭ᠎ᠠ᠂ ᠠᠭᠤᠯᠤᠭᠳᠠᠬᠤᠨ ᠢᠶᠠᠷ ᠪᠠᠶᠠᠯᠢᠭ᠂ ᠤᠳᠬ᠎ᠠ ᠠᠭᠤᠯᠭ᠎ᠠ ᠪᠠᠷ ᠵᠤᠵᠠᠭᠠᠨ᠂ ᠭᠥᠯᠢᠶᠡᠨ ᠠᠪᠬᠤ ᠬᠡᠮᠵᠢᠶ᠎ᠡ ᠪᠠᠷ ᠥᠨᠳᠥᠷ ᠳᠤᠮᠳᠠᠳᠤ ᠶᠢᠨ ᠰᠣᠶᠣᠯ  ᠤᠨ ᠲᠡᠮᠳᠡᠭ ᠪᠠ ᠳᠤᠮᠳᠠᠳᠤ ᠶᠢᠨ ᠦᠨᠳᠦᠰᠦᠲᠡᠨ ᠤ ᠳᠦᠷᠢ ᠲᠥᠷᠬᠦ ᠶᠢ ᠪᠣᠰᠬᠠᠵᠤ᠂ ᠪᠥᠬᠦ ᠣᠷᠣᠨ ᠤ ᠰᠣᠶᠣᠯ ᠪᠠ ᠵᠢᠭᠤᠯᠴᠢᠯᠠᠯ ᠤᠨ ᠠᠵᠤ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠳᠡᠮᠵᠢᠵᠦ ᠲᠦᠯᠬᠢᠨ ᠠᠬᠢᠭᠤᠯᠬᠤ ᠬᠡᠷᠡᠭᠲᠡᠶ ᠭᠡᠪᠡ᠃      ᠢᠦᠢ ᡁᠢ ᠭᠦᠸᠧ ᠴᠢᠬᠤᠯᠠᠴᠢᠯᠠᠭᠰᠠᠨ ᠨᠢ᠂ ᠲᠤᠰ ᠤᠳᠠᠭᠠᠨ ᠤ ᠤᠷᠤᠯᠳᠤᠭᠠᠨ ᠤ ᠠᠵᠢᠯᠯᠠᠭ᠎ᠠ ᠨᠢ ᠨᠢᠭᠡ  ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠢᠶᠠᠨ ᠪᠣᠯᠭᠠᠵᠤ᠂ ᠰᠣᠶᠣᠯ ᠤᠨ ᠢᠲᠡᠭᠡᠯ ᠢᠶᠠᠨ ᠪᠠᠲᠤᠳᠬᠠᠬᠤ ᠬᠡᠷᠡᠭᠲᠡᠢ᠃ ᠬᠤᠶᠠᠷ ᠲᠤ᠂ ︽ᠬᠤᠶᠠᠷ ᠢ ᠴᠣᠭᠴᠠᠯᠠᠬᠤ︾ ᠶᠢᠨ ᠲᠣᠭᠤᠷᠢᠨ ᠳᠤ᠂ ᠬᠠᠳᠤᠨ ᠭᠤᠣᠯ ᠤᠨ ᠰᠣᠶᠣᠯ ᠢ ᠪᠦᠲᠦᠭᠡᠯᠴᠢ ᠪᠠᠷ  ᠤᠯᠠᠷᠢᠭᠤᠯᠬᠤ᠂ ᠰᠢᠨ᠎ᠡ ᠶᠢ ᠡᠭᠦᠳᠬᠦ ᠴᠢᠨᠠᠷᠲᠠᠢ ᠪᠠᠷ ᠬᠥᠭᠵᠢᠭᠦᠯᠬᠦ ᠶᠢ ᠠᠬᠢᠭᠤᠯᠬᠤ ᠬᠡᠷᠡᠭᠲᠡᠢ᠃ ᠭᠤᠷᠪᠠ ᠳᠤ᠂ ᠴᠢᠩᠭ᠎ᠠ ᠨᠢᠮᠪᠠᠢ ᠵᠣᠬᠢᠶᠠᠨ ᠪᠠᠶᠢᠭᠤᠯᠵᠤ᠂ ᠤᠷᠤᠯᠳᠤᠭᠠᠨ ᠤ ᠠᠵᠢᠯᠯᠠᠭ᠎ᠠ ᠲᠡᠭᠦᠰ ᠠᠮᠵᠢᠯᠲᠠ ᠤᠯᠬᠤ ᠶᠢ ᠪᠠᠲᠤᠯᠠᠬᠤ ᠬᠡᠷᠡᠭᠲᠡᠢ ᠭᠡᠪᠡ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号