ᠠᠯᠠᠱᠠ ᠠᠶᠢᠮᠠᠭ ᠤᠨ ᠰᠣᠶᠣᠯ ᠵᠢᠭᠤᠯᠴᠢᠯᠠᠯ ᠤᠨ ᠡᠬᠢ ᠪᠠᠶᠠᠯᠢᠭ 2022 ᠣᠨ ᠤ ᠬᠤᠯᠠᠨᠳ᠋ ᠤᠨ ᠠᠯᠮᠧᠷᠧ ᠶᠢᠨ ᠳᠡᠯᠡᠬᠡᠢ ᠶᠢᠨ ᠴᠡᠴᠡᠷᠯᠢᠭ ᠤᠨ ᠦᠵᠡᠰᠬᠦᠯᠡᠩ ᠤᠨ ᠴᠤᠭᠯᠠᠭᠠᠨ ᠳᠤ ᠣᠷᠣᠯᠴᠠᠪᠠ
ᠨᠡᠶᠢᠲᠡᠯᠡᠭᠰᠡᠨ ᠴᠠᠭ᠄
2022/8/11
     8 ᠳ᠋ᠤᠭᠠᠷ ᠰᠠᠷ᠎ᠠ ᠶᠢᠨ 6 ᠤ ᠡᠳᠦᠷ᠂ 2022 ᠣᠨ ᠤ ᠬᠤᠯᠠᠨᠳ᠋ ᠤᠨ ᠠᠯᠮᠧᠷᠧ ᠶᠢᠨ ᠳᠡᠯᠡᠬᠡᠢ ᠶᠢᠨ ᠴᠡᠴᠡᠷᠯᠢᠭ ᠤᠨ ᠦᠵᠡᠰᠬᠦᠯᠡᠩ ᠤᠨ ᠴᠤᠭᠯᠠᠭᠠᠨ ᠤ ︽ᠠᠯᠠᠱᠠ ᠶᠢᠨ ᠠᠵᠢᠯᠯᠠᠭᠠᠨ ᠤ ᠡᠳᠦᠷ︾ ᠦᠪᠡᠳᠡᠭᠰᠢ ᠶᠡᠭᠡ ᠪᠠᠷ ᠡᠬᠢᠯᠡᠪᠡ᠃ ᠲᠤᠰ ᠤᠳᠠᠭ᠎ᠠ ᠶᠢᠨ ᠠᠵᠢᠯᠯᠠᠭ᠎ᠠ ᠶᠢ ᠭᠤᠣᠯᠳᠠᠭᠤ ᠰᠦᠯᠵᠢᠶᠡᠨ ᠳᠡᠭᠡᠷᠡᠬᠢ ᠰᠢᠭᠤᠳ ᠨᠡᠪᠲᠡᠷᠡᠭᠦᠯᠭᠡ ᠶᠢᠨ ᠬᠡᠯᠪᠡᠷᠢ ᠪᠠᠷ ᠶᠠᠪᠤᠭᠳᠠᠭᠤᠯᠵᠤ᠂ ᠳᠡᠯᠡᠬᠡᠢ ᠶᠢᠨ ᠡᠯ᠎ᠡ ᠤᠯᠤᠰ ᠤᠨ ᠬᠤᠷᠢ ᠭᠠᠷᠤᠢ ᠺᠣᠮᠫᠠᠨᠢ ᠶᠢᠨ ᠶᠡᠷᠦᠩᠬᠡᠢ ᠵᠠᠬᠢᠷᠤᠭᠴᠢ᠂ ᠵᠥᠭᠡᠭᠡᠪᠦᠷᠢ ᠶᠢᠨ ᠺᠣᠮᠫᠠᠨᠢ ᠶᠢᠨ ᠳᠠᠷᠤᠭ᠎ᠠ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠯᠪᠣᠭᠳᠠᠯ ᠪᠦᠬᠦᠢ ᠬᠤᠳᠠᠯᠳᠤᠭᠠᠴᠢᠳ ᠤᠨ ᠡᠪᠯᠡᠯ ᠤᠨ ᠵᠣᠬᠢᠶᠠᠨ ᠪᠠᠶᠢᠭᠤᠯᠤᠯᠲᠠ᠂ ᠠᠵᠤ ᠠᠬᠤᠶᠢᠯᠠᠯ ᠵᠢᠴᠢ ᠠᠯᠠᠱᠠ ᠠᠶᠢᠮᠠᠭ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ︽ᠡᠭᠦᠯᠡᠨ ᠲᠠᠪᠴᠠᠩ︾ ᠳᠤ ᠴᠤᠭᠯᠠᠷᠠᠵᠤ᠂ ᠬᠠᠮᠲᠤᠷᠠᠯᠴᠠᠨ ᠠᠵᠢᠯᠯᠠᠬᠤ ᠶᠢ ᠵᠦᠪᠳᠡᠯᠴᠡᠪᠡ᠃      ᠠᠵᠢᠯᠯᠠᠭ᠎ᠠ ᠳᠤ᠂ ᠠᠯᠠᠱᠠ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠯᠢ ᠵᠥᠩ ᠽᠧᠩ ᠬᠤᠷᠠᠯ ᠳᠤ ᠣᠷᠣᠯᠴᠠᠭᠰᠠᠨ ᠵᠣᠴᠢᠳ ᠲᠤ ᠪᠠᠶᠠᠷ ᠤᠨ ᠦᠭᠡ ᠬᠡᠯᠡᠭᠰᠡᠨ ᠪᠥᠭᠡᠳ ᠪᠥᠬᠦ ᠳᠡᠯᠡᠬᠡᠢ ᠳᠤ ᠰᠣᠶᠣᠯ ᠵᠢᠭᠤᠯᠴᠢᠯᠠᠯ ᠤᠨ ᠲᠠᠨᠢᠯᠴᠠᠭᠤᠯᠭ᠎ᠠ ᠬᠢᠵᠡᠢ᠃ ᠲᠡᠷᠡ᠂ ᠨᠡᠩ ᠶᠡᠭᠡ ᠲᠠᠲᠠᠬᠤ ᠬᠦᠴᠦᠨ ᠲᠠᠢ ᠰᠣᠶᠣᠯ ᠵᠢᠭᠤᠯᠴᠢᠯᠠᠯ ᠤᠨ ᠨᠡᠷ᠎ᠡ ᠶᠢᠨ ᠬᠠᠭᠤᠳᠠᠰᠤ ᠶᠢ ᠡᠭᠦᠳᠬᠦ ᠬᠡᠷᠡᠭᠲᠡᠢ᠃ ᠪᠣᠬᠢᠷᠳᠤᠯ ᠦᠭᠡᠢ ᠬᠥᠭᠵᠢᠯᠲᠡ ᠶᠢ ᠪᠠᠷᠢᠮᠲᠠᠯᠠᠵᠤ ᠂ ᠡᠯᠡᠰᠦᠨ ᠴᠥᠯ᠂ ᠲᠣᠣᠷᠠᠢ᠂ ᠰᠠᠨᠰᠠᠷ ᠤᠨ ᠠᠶᠠᠯᠠᠯ᠂ ᠮᠠᠰᠢᠨ ᠲᠡᠷᠭᠡᠨ ᠤ ᠲᠠᠮᠢᠷ ᠤᠨ ᠬᠥᠳᠡᠯᠭᠡᠭᠡᠨ ᠵᠡᠷᠭᠡ ᠭᠤᠣᠯ ᠰᠡᠳᠦᠪᠲᠦ ᠡᠯᠧᠮᠧᠨ᠋ᠲ ᠢ ᠳᠣᠪᠤᠶᠢᠯᠭᠠᠵᠤ᠂ ᠬᠦᠰᠡᠯᠡᠩ ᠤᠨ ᠡᠯᠡᠰᠦᠨ ᠴᠥᠯ ᠤᠨ ᠮᠠᠰᠢᠨ ᠲᠡᠷᠭᠡ ᠠᠭᠠᠷ ᠤᠨ ᠠᠶᠠᠯᠠᠯ ᠤᠨ ᠭᠤᠣᠯ ᠰᠡᠳᠦᠪᠲᠦ ᠴᠡᠩᠭᠡᠯ ᠤᠨ ᠬᠦᠷᠢᠶᠡᠯᠡᠩ᠂ ᠪᠠᠳᠠᠢ ᠶᠢᠨ ᠵᠢᠷᠠᠨ ᠤ ᠡᠯᠡᠰᠦᠨ ᠴᠥᠯ ᠤᠨ ᠤᠯᠤᠰ ᠤᠨ 5A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠵᠡᠷᠭᠡ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠲᠥᠷᠥᠯ ᠵᠦᠢᠯ ᠢ ᠶᠡᠬᠡᠪᠡᠷ ᠬᠡᠷᠡᠭᠵᠢᠭᠦᠯᠵᠦ᠂ ᠳᠡᠯᠡᠬᠡᠢ ᠳᠤ ᠠᠯᠳᠠᠷᠲᠠᠢ ᠵᠢᠭᠤᠯᠴᠢᠯᠠᠯ ᠤᠨ ᠵᠤᠷᠢᠯᠲᠠ ᠶᠢᠨ ᠭᠠᠵᠠᠷ᠂ ᠠᠷᠠᠳ ᠢᠷᠭᠡᠳ ᠤᠨ ᠵᠢᠭᠤᠯᠴᠢᠯᠠᠯ ᠤᠨ ᠵᠠᠪᠠᠯ ᠢᠷᠡᠬᠦ ᠭᠠᠵᠠᠷ᠂ ᠳᠡᠯᠡᠬᠡᠢ ᠶᠢᠨ ᠲᠠᠰ ᠤᠨ ᠵᠢᠭᠤᠯᠴᠢᠯᠠᠯ ᠤᠨ ᠭᠡᠷᠡᠯ ᠵᠢᠷᠤᠭ ᠵᠢᠷᠤᠭᠯᠠᠬᠤ ᠰᠠᠭᠤᠷᠢᠨ ᠭᠠᠵᠠᠷ᠂ ᠳᠡᠭᠡᠳᠦ ᠲᠠᠰ ᠤᠨ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠡᠷᠭᠢᠯᠡᠬᠦ ᠭᠠᠵᠠᠷ ᠪᠠ ᠥᠪᠡᠷᠮᠢᠴᠡ ᠣᠨᠴᠠᠯᠢᠭ ᠲᠠᠢ ᠠᠷᠠᠳ ᠤᠨ ᠣᠷᠣᠨ ᠰᠠᠭᠤᠴᠠ ᠶᠢᠨ ᠺᠠᠷᠲ ᠪᠦᠷᠢᠳᠭᠡᠭᠦᠯᠬᠦ ᠭᠠᠵᠠᠷ ᠢ ᠴᠣᠭᠴᠠᠯᠠᠵᠤ᠂ ︽ᠬᠠᠨ ᠲᠡᠭᠷᠢ ᠠᠯᠠᠱᠠ︾ ᠶᠢ ᠦᠨᠡᠨ ᠬᠦ ᠳᠡᠯᠡᠬᠡᠢ ᠳ᠋ᠠᠬᠢᠨ ᠳᠤ ᠠᠯᠳᠠᠷᠰᠢᠭᠤᠯᠤᠨ᠎ᠠ ᠭᠡᠵᠦ ᠵᠢᠭᠠᠵᠤ ᠭᠠᠷᠭᠠᠪᠠ᠃ ᠳᠠᠷᠠᠭᠠᠴᠢ ᠶᠢᠨ ᠶᠠᠪᠤᠴᠠ ᠳᠤ᠂ ᠡᠵᠡᠨ᠎ᠡ ᠶᠢᠨ ᠲᠣᠣᠷᠠᠢ ᠶᠢᠨ ᠤᠢ᠂ ᠠᠯᠠᠱᠠ ᠶᠢᠨ ᠣᠨᠴᠠᠯᠢᠭᠲᠤ ᠪᠦᠲᠦᠭᠡᠭᠳᠡᠬᠦᠨ ᠵᠡᠷᠭᠡ 14 ᠬᠢᠲᠠᠳ ᠠᠩᠭ᠍ᠯᠢ ᠬᠡᠯᠡᠨ ᠤ ᠭᠤᠶᠢᠳᠠ ᠰᠠᠶᠢᠬᠠᠨ ᠤᠬᠠᠭᠤᠯᠭ᠎ᠠ ᠶᠢᠨ ᠹᠢᠯᠢᠮ ᠢ ᠵᠠᠯᠭᠠᠭ᠎ᠠ ᠪᠠᠷ ᠨᠡᠪᠲᠡᠷᠡᠭᠦᠯᠵᠡᠢ᠃ ᠪᠠᠶᠢᠭᠠᠯᠢ ᠶᠢᠨ ᠦᠵᠡᠰᠬᠦᠯᠡᠩᠲᠦ ᠰᠠᠶᠢᠬᠠᠨ ᠦᠵᠡᠮᠵᠢ ᠠᠴᠠ ᠰᠢᠨ᠎ᠡ ᠶᠢ ᠡᠭᠦᠳᠬᠦ ᠦᠢᠯᠡᠰ ᠬᠦᠷᠲᠡᠯ᠎ᠡ᠂ ᠵᠢᠷᠤᠭᠯᠠᠭᠳᠠᠬᠤᠨ ᠤ ᠬᠡᠯᠡ ᠪᠠᠷ ᠬᠤᠷᠠᠯ ᠳᠤ ᠣᠷᠣᠯᠴᠠᠭᠰᠠᠨ ᠵᠣᠴᠢᠳ ᠢ ᠳᠠᠭᠠᠭᠤᠯᠤᠨ ᠠᠯᠠᠱᠠ ᠶᠢᠨ  ᠭᠤᠶᠢᠲᠠ ᠰᠠᠶᠢᠬᠠᠨ ᠦᠵᠡᠮᠵᠢ ᠶᠢ ᠰᠣᠨᠢᠷᠬᠠᠭᠤᠯᠵᠤ᠂ ᠠᠯᠠᠱᠠ ᠶᠢᠨ ᠥᠪᠡᠷᠮᠢᠴᠡ ᠣᠨᠴᠠᠯᠢᠭ ᠪᠦᠬᠦᠢ ᠷᠢᠳᠢ ᠰᠢᠳᠢ ᠶᠢ ᠮᠡᠳᠡᠷᠡᠭᠦᠯᠪᠡ᠃
 
ᠢᠷᠡᠯᠲᠡ᠄ ᠠᠯᠠᠱᠠ ᠠᠶᠢᠮᠠᠭ ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号