ᠶᠢᠰᠦᠳᠦᠭᠡᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠮᠥ᠋ᠴᠢᠷ ᠤᠨ ᠤᠷᠠᠯᠢᠭ ᠤᠨ ᠨᠠᠶᠢᠷ ᠡᠬᠢᠯᠡᠪᠡ᠂ ᠬᠤ᠋ ᠾᠧ ᠫᠢᠩ ᠬᠤᠷᠠᠯ ᠳᠤ ᠣᠷᠤᠯᠴᠠᠵᠤ᠂ ᠸᠠᠩ ᠯᠢ ᠰᠢᠶᠠ ᠪᠠᠶᠠᠷ ᠤᠨ ᠦᠭᠡ ᠬᠡᠯᠡᠪᠡ
ᠨᠡᠶᠢᠲᠡᠯᠡᠭᠰᠡᠨ ᠴᠠᠭ᠄
2022/8/11
     8 ᠳ᠋ᠤᠭᠠᠷ ᠰᠠᠷ᠎ᠠ ᠶᠢᠨ 8 ᠤ ᠡᠳᠦᠷ᠂ ᠶᠢᠰᠦᠳᠦᠭᠡᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠮᠥ᠋ᠴᠢᠷ ᠤᠨ ᠤᠷᠠᠯᠢᠭ ᠤᠨ ᠨᠠᠶᠢᠷ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠡᠬᠢᠯᠡᠪᠡ᠃
     8 ᠳ᠋ᠤᠭᠠᠷ ᠰᠠᠷ᠎ᠠ ᠶᠢᠨ 8 ᠤ ᠡᠳᠦᠷ᠂ ᠰᠣᠶᠣᠯ ᠪᠠ ᠵᠢᠭᠤᠯᠴᠢᠯᠠᠯ ᠤᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠰᠠᠶᠢᠳ ᠬᠤ᠋ ᠾᠧ ᠫᠢᠩ ᠬᠤᠷᠠᠯ ᠳᠤ ᠣᠷᠣᠯᠴᠠᠭᠰᠠᠨ ᠪᠥᠭᠡᠳ ᠶᠢᠰᠦᠳᠦᠭᠡᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠮᠥ᠋ᠴᠢᠷ ᠤᠨ ᠤᠷᠠᠯᠢᠭ ᠤᠨ ᠨᠠᠶᠢᠷ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠡᠬᠢᠯᠡᠭᠰᠡᠨ ᠢ ᠵᠠᠷᠯᠠᠪᠠ᠃
     8 ᠳ᠋ᠤᠭᠠᠷ ᠰᠠᠷ᠎ᠠ ᠶᠢᠨ 8 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠡᠬᠢᠯᠡᠯᠲᠡ ᠶᠢᠨ ᠶᠣᠰᠣᠯᠠᠯ ᠳᠡᠭᠡᠷ᠎ᠡ ᠪᠠᠶᠠᠷ ᠤᠨ ᠦᠭᠡ ᠬᠡᠯᠡᠵᠡᠢ᠃      ᠰᠣᠶᠣᠯ ᠪᠠ ᠵᠢᠭᠤᠯᠴᠢᠯᠠᠯ ᠤᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠰᠠᠶᠢᠳ ᠬᠤ᠋ ᠾᠧ ᠫᠢᠩ ᠬᠤᠷᠠᠯ ᠳᠤ ᠣᠷᠤᠯᠴᠠᠭᠰᠠᠨ ᠪᠦᠭᠡᠳ ᠬᠤᠷᠠᠯ ᠡᠬᠢᠯᠡᠭᠰᠡᠨ ᠢ ᠵᠠᠷᠯᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠳᠤ ᠣᠷᠣᠯᠴᠠᠵᠤ ᠪᠠᠶᠠᠷ ᠤᠨ ᠦᠭᠡ ᠬᠡᠯᠡᠪᠡ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠦᠦ ᠰᠢᠶᠠᠨ ᠬᠤᠸᠠ ᠡᠬᠢᠯᠡᠯᠲᠡ ᠶᠢᠨ ᠶᠣᠰᠣᠯᠠᠯ ᠢ ᠡᠷᠬᠢᠯᠡᠪᠡ᠃
     8 ᠳ᠋ᠤᠭᠠᠷ ᠰᠠᠷ᠎ᠠ ᠶᠢᠨ 8 ᠤ ᠡᠳᠦᠷ᠂ ᠶᠢᠰᠦᠳᠦᠭᠡᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠮᠥ᠋ᠴᠢᠷ ᠤᠨ ᠤᠷᠠᠯᠢᠭ ᠤᠨ ᠨᠠᠶᠢᠷ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠡᠬᠢᠯᠡᠪᠡ᠃      ᠸᠠᠩ ᠯᠢ ᠰᠢᠶᠠ᠄ 1957 ᠣᠨ ᠳᠤ ᠤᠯᠠᠭᠠᠨᠮᠥ᠋ᠴᠢᠷ ᠥᠪᠥᠷ ᠮᠣᠩᠭᠤᠯ ᠤᠨ ᠲᠠᠯ᠎ᠠ ᠨᠤᠲᠤᠭ ᠲᠤ ᠮᠡᠨᠳᠦᠯᠡᠭᠰᠡᠨ ᠠᠴᠠ ᠨᠠᠭᠠᠰᠢ᠂ ᠦᠶ᠎ᠡ ᠦᠶ᠎ᠡ ᠶᠢᠨ ᠤᠯᠠᠭᠠᠨᠮᠥ᠋ᠴᠢᠷ ᠤᠨ ᠭᠡᠰᠢᠭᠦᠳ ᠨᠡᠶᠢᠭᠡᠮ ᠵᠢᠷᠤᠮ ᠤᠨ ᠰᠣᠶᠣᠯ ᠤᠨ ᠴᠡᠴᠡᠭᠯᠡᠯ ᠬᠥᠭᠵᠢᠯ ᠢ ᠠᠬᠢᠭᠤᠯᠬᠤ᠂ ᠦᠨᠳᠦᠰᠦᠲᠡᠨ ᠨᠦᠭᠦᠳ ᠤᠨ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠣᠷᠣᠯᠠᠭᠤᠯᠵᠤ ᠪᠣᠯᠣᠰᠢ ᠦᠭᠡᠢ ᠬᠤᠪᠢ ᠨᠡᠮᠡᠷᠢ ᠦᠵᠡᠭᠦᠯᠵᠡᠢ᠃ ᠤᠯᠠᠭᠠᠨᠮᠥ᠋ᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠴᠢᠩ ᠰᠡᠳᠬᠢᠯ ᠤᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠰᠢᠯᠢᠳᠡᠭ ᠤᠯᠠᠮᠵᠢᠯᠠᠯ ᠢᠶᠠᠨ ᠶᠡᠭᠡ ᠪᠠᠷ ᠪᠠᠳᠠᠷᠠᠭᠤᠯᠵᠤ᠂ ᠠᠮᠢᠳᠤᠷᠠᠯ ᠤᠨ ᠰᠢᠮᠡᠯᠢᠭ ᠬᠥᠷᠥᠰᠥᠨ ᠳᠤ ᠭᠦᠨ ᠦᠨᠳᠦᠰᠦᠯᠡᠵᠦ᠂ ᠦᠨᠳᠦᠰᠦᠨ ᠱᠠᠲᠤᠨ ᠤ ᠤᠯᠠᠨ ᠲᠦᠮᠡᠨ ᠳᠤ ᠪᠦᠬᠦ ᠰᠡᠳᠬᠢᠯ  ᠢᠶᠠᠷ  ᠢᠶᠠᠨ ᠦᠢᠯᠡᠴᠢᠯᠡᠵᠦ᠂ ᠤᠯᠠᠨ ᠲᠦᠮᠡᠨ ᠲᠠᠢ ᠣᠶᠢᠷᠠᠲᠤᠭᠰᠠᠨ᠂  ᠤᠯᠠᠨ ᠤ ᠳᠤᠮᠳᠠ ᠳᠡᠯᠭᠡᠷᠡᠵᠦ ᠥᠷᠭᠡᠵᠢᠭᠰᠡᠨ᠂ ᠦᠯᠡᠳᠡᠵᠦ ᠳᠡᠶᠢᠯᠬᠦ ᠰᠢᠯᠢᠳᠡᠭ ᠪᠦᠲᠦᠭᠡᠯ ᠢ ᠨᠡᠩ ᠤᠯᠠᠨ ᠵᠣᠬᠢᠶᠠᠨ ᠪᠦᠲᠦᠭᠡᠵᠦ᠂ ᠨᠠᠮ ᠢᠶᠠᠨ ᠮᠠᠭᠲᠠᠨ ᠳᠠᠭᠤᠯᠠᠭᠰᠠᠨ᠂ ᠡᠬᠡ ᠤᠯᠤᠰ ᠢᠶᠠᠨ ᠮᠠᠭᠲᠠᠨ ᠳᠠᠭᠤᠯᠠᠭᠰᠠᠨ᠂ ᠠᠷᠠᠳ ᠲᠦᠮᠡᠨ ᠢᠶᠠᠨ ᠮᠠᠭᠲᠠᠨ ᠳᠠᠭᠤᠯᠠᠭᠰᠠᠨ᠂ ᠪᠠᠭᠠᠲᠤᠷᠴᠤᠳ ᠢᠶᠠᠨ ᠮᠠᠭᠲᠠᠨ ᠳᠠᠭᠤᠯᠠᠭᠰᠠᠨ᠂ ᠴᠠᠭ ᠦᠶ᠎ᠡ ᠪᠠᠨ ᠮᠠᠭᠲᠠᠨ ᠳᠠᠭᠤᠯᠠᠭᠰᠠᠨ ᠨᠡᠩ ᠤᠯᠠᠨ ᠭᠤᠶᠢᠳᠠ ᠰᠠᠶᠢᠬᠠᠨ ᠲᠣᠭᠯᠠᠯᠲᠠ ᠪᠠᠨ ᠡᠷᠭᠦᠵᠦ᠂ ︽ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ ᠭᠡᠬᠦ ᠲᠤᠭ ᠢ ᠲᠠᠯ᠎ᠠ ᠨᠤᠲᠤᠭ ᠲᠤ ᠥᠨᠳᠥᠷ ᠨᠠᠮᠢᠷᠠᠭᠤᠯᠵᠤ᠂ ᠰᠢᠨ᠎ᠡ ᠴᠠᠭ ᠦᠶ᠎ᠡ ᠳᠤ ᠭᠡᠷᠡᠯ ᠭᠢᠯᠪᠠᠭ᠎ᠠ ᠪᠠᠨ ᠰᠠᠴᠤᠷᠠᠭᠤᠯᠵᠤ᠂ ᠰᠢᠯᠢᠳᠡᠭ ᠬᠢᠷᠢ ᠪᠦᠲᠦᠮᠵᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠵᠢᠭᠠᠵᠤ ᠭᠠᠷᠭᠠᠪᠠ᠃
     ᠤᠯᠠᠭᠠᠨᠮᠥ᠋ᠴᠢᠷ ᠤᠨ ᠲᠥᠯᠥᠭᠡᠯᠡᠭᠴᠢᠳ ᠤᠨ 20 ᠲᠤᠭᠤᠶᠢᠯᠠᠩ ᠡᠬᠢᠯᠡᠯᠲᠡ ᠶᠢᠨ ᠶᠣᠰᠣᠯᠠᠯ ᠳᠡᠭᠡᠷ᠎ᠡ ᠳᠡᠰ ᠳᠠᠷᠠᠭ᠎ᠠ ᠲᠠᠢ ᠪᠠᠷ ᠲᠠᠯᠠᠪᠠᠢ ᠳᠤ ᠭᠠᠷᠴᠤ᠂ ᠡᠬᠢᠯᠡᠯᠲᠡ ᠶᠢᠨ ᠲᠣᠭᠯᠠᠯᠲᠠ ᠭᠠᠷᠭᠠᠪᠠ᠃      ᠣᠶᠢᠯᠠᠭᠠᠭᠰᠠᠨ ᠢᠶᠠᠷ᠂ ᠲᠣᠰ ᠬᠤᠭᠤᠴᠠᠭᠠᠨ ᠤ ᠤᠯᠠᠭᠠᠨᠮᠥ᠋ᠴᠢᠷ ᠤᠨ ᠤᠷᠠᠯᠢᠭ ᠤᠨ ᠨᠠᠶᠢᠷ ᠨᠢ ︽ᠰᠢᠨ᠎ᠡ ᠴᠠᠭ ᠦᠶ᠎ᠡ ᠶᠢ ᠮᠠᠭᠲᠠᠨ ᠳᠠᠭᠤᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠨ᠎ᠠ ︱ ᠥᠨᠢ ᠡᠭᠦᠷᠢᠳᠡ ᠲᠠᠯ᠎ᠠ ᠨᠤᠲᠤᠭ ᠤᠨ ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ ᠪᠣᠯᠣᠶ᠎ᠠ︾ ᠭᠡᠬᠦ ᠭᠤᠣᠯ ᠰᠡᠳᠦᠪ ᠢᠶᠠᠷ᠂ ᠶᠡᠷᠦᠩᠬᠡᠢ ᠱᠦᠵᠢ ᠰᠢ ᠶᠢᠨ ᠫᠢᠩ ᠤᠯᠠᠭᠠᠨᠮᠥ᠋ᠴᠢᠷ ᠤᠨ ᠭᠡᠰᠢᠭᠦᠳ ᠲᠤ ᠬᠠᠷᠢᠭᠤ ᠵᠠᠬᠢᠳᠠᠯ ᠢᠯᠡᠭᠡᠭᠰᠡᠨ ᠲᠠᠪᠤᠨ ᠵᠢᠯ ᠤᠨ ᠲᠤᠷᠰᠢᠬᠢ ᠤᠯᠠᠭᠠᠨᠮᠥ᠋ᠴᠢᠷ ᠤᠨ ᠦᠢᠯᠡᠰ ᠤᠨ ᠬᠥᠭᠵᠢᠯᠲᠡ ᠶᠢᠨ ᠦᠷ᠎ᠡ ᠪᠦᠲᠦᠭᠡᠯ ᠢ ᠪᠥᠬᠦ ᠲᠠᠯ᠎ᠠ ᠪᠠᠷ ᠡᠷᠭᠢᠴᠡᠭᠦᠯᠵᠦ᠂ ᠭᠦᠢᠴᠡᠳ ᠬᠠᠷᠠᠭᠤᠯᠪᠠ᠃ ᠤᠷᠠᠯᠢᠭ ᠤᠨ ᠨᠠᠶᠢᠷ ᠤᠨ ᠬᠤᠭᠤᠴᠠᠭᠠᠨ ᠳᠤ᠂ ᠤᠯᠠᠭᠠᠨᠮᠥ᠋ᠴᠢᠷ ᠤᠨ ᠲᠥᠯᠥᠭᠡᠯᠡᠭᠴᠢᠳ ᠤᠨ 20 ᠠᠩᠭᠢ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠳᠤ ᠣᠷᠤᠯᠴᠠᠬᠤ ᠮᠦᠷᠲᠡᠭᠡᠨ ᠤᠯᠠᠭᠠᠨᠮᠥ᠋ᠴᠢᠷ ᠤᠨ ᠭᠡᠰᠢᠭᠦᠳ ᠪᠠᠰᠠ ᠲᠠᠷᠢᠶᠠᠨ ᠭᠠᠵᠠᠷ᠂ ᠮᠠᠯ ᠤᠨ ᠪᠡᠯᠴᠢᠭᠡᠷ᠂ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠳᠤ ᠭᠦᠨᠵᠡᠭᠡᠶᠢᠷᠡᠨ ᠲᠣᠭᠯᠠᠯᠲᠠ ᠭᠠᠷᠭᠠᠵᠤ᠂ ᠦᠨᠳᠦᠰᠦᠨ ᠱᠠᠲᠤᠨ ᠤ ᠣᠯᠠᠨ ᠲᠦᠮᠡᠨ ᠳᠤ ᠰᠣᠶᠣᠯ ᠤᠨ ᠲᠠᠩᠰᠤᠭ ᠳᠠᠶᠢᠯᠠᠯᠭ᠎ᠠ ᠬᠦᠷᠭᠡᠬᠦ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号