ᠬᠤ᠋ ᠾᠧ ᠫᠢᠩ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠬᠦᠷᠴᠦ ᠰᠣᠶᠣᠯ ᠪᠠ ᠵᠢᠭᠤᠯᠴᠢᠯᠠᠯ ᠵᠢᠴᠢ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/8/11
     8 ᠳ᠋ᠤᠭᠠᠷ ᠰᠠᠷ᠎ᠠ ᠶᠢᠨ 7 ᠤ ᠡᠳᠦᠷ ᠠᠴᠠ 9 ᠤ ᠡᠳᠦᠷ ᠤᠨ ᠬᠤᠭᠤᠷᠤᠨᠳᠤ᠂ ᠰᠣᠶᠣᠯ ᠪᠠ ᠵᠢᠭᠤᠯᠴᠢᠯᠠᠯ ᠤᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠰᠠᠶᠢᠳ ᠬᠤ᠋ ᠾᠧ ᠫᠢᠩ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠬᠦᠷᠴᠦ ᠰᠣᠶᠣᠯ ᠪᠠ ᠵᠢᠭᠤᠯᠴᠢᠯᠠᠯ ᠤᠨ ᠬᠥᠭᠵᠢᠯᠲᠡ ᠶᠢᠨ ᠪᠠᠶᠢᠳᠠᠯ ᠵᠢᠴᠢ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠢ ᠪᠠᠶᠢᠴᠠᠭᠠᠨ ᠰᠤᠳᠤᠯᠪᠠ᠃ ᠲᠡᠷᠡ ᠪᠠᠷ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠠᠵᠢᠯ᠂ ᠰᠣᠶᠣᠯ ᠪᠠ ᠵᠢᠭᠤᠯᠴᠢᠯᠠᠯ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠪᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠳᠡᠮᠵᠢᠬᠦ ᠪᠠ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠢ ᠦᠨᠡᠨ ᠬᠦ ᠰᠠᠶᠢᠲᠤᠷ ᠬᠢᠵᠦ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠢ ᠴᠣᠭᠴᠠᠯᠠᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠡᠬᠡ ᠤᠯᠤᠰ ᠤᠨ ᠤᠮᠠᠷᠠᠲᠤ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠴᠣᠭᠴᠠᠯᠠᠨ ᠪᠠᠶᠢᠭᠤᠯᠬᠤ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠪᠠᠶᠢᠴᠠᠭᠠᠨ ᠰᠤᠳᠤᠯᠤᠯᠲᠠ ᠶᠢᠨ ᠬᠤᠭᠤᠴᠠᠭᠠᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠣᠸ ᠴᠧᠩ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠲᠣᠰ ᠲᠣᠰ ᠬᠤ᠋ ᠾᠧ ᠫᠢᠩ ᠨᠠᠷ ᠲᠠᠢ ᠠᠭᠤᠯᠵᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠧᠩ ᠬᠤᠩ ᠹᠠᠨ᠂ ᠳᠡᠳ᠋ ᠲᠡᠷᠢᠭᠦᠯᠡᠭᠴᠢ ᠪᠦᠦ ᠰᠢᠶᠠᠨ ᠬᠤᠸᠠ ᠬᠤᠯᠪᠣᠭᠳᠠᠯ ᠪᠦᠬᠦᠢ ᠪᠠᠶᠢᠴᠠᠭᠠᠨ ᠰᠤᠳᠤᠯᠤᠯᠲᠠ ᠳᠤ ᠣᠷᠤᠯᠴᠠᠪᠠ᠃      ᠥᠪᠥᠷ ᠮᠣᠩᠭᠤᠯ ᠳᠤ ᠪᠠᠶᠢᠬᠤ ᠬᠤᠭᠤᠴᠠᠭᠠᠨ ᠳᠤ ᠪᠠᠨ᠂ ᠬᠤ᠋ ᠾᠧ ᠫᠢᠩ ᠶᠢᠰᠦᠳᠦᠭᠡᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠮᠥ᠋ᠴᠢᠷ ᠤᠨ ᠤᠷᠠᠯᠢᠭ ᠤᠨ ᠨᠠᠶᠢᠷ ᠵᠢᠴᠢ 2022 ᠣᠨ ᠤ ᠬᠢᠩᠭᠠᠨ ᠠᠶᠢᠮᠠᠭ ᠤᠨ ᠨᠠᠭᠠᠳᠤᠮ ᠤᠨ ᠡᠬᠢᠯᠡᠯᠲᠡ ᠶᠢᠨ ᠠᠵᠢᠯᠯᠠᠭ᠎ᠠ ᠳᠤ ᠣᠷᠣᠯᠴᠠᠵᠤ᠂ ᠥᠪᠥᠷ ᠮᠣᠩᠭᠤᠯ ᠮᠦᠽᠧᠢ᠂ ᠥᠪᠥᠷ ᠮᠣᠩᠭᠤᠯ ᠤᠨ ᠦᠨᠳᠦᠰᠦᠲᠡᠨ ᠤ ᠴᠢᠯᠦᠭᠡᠯᠡᠯᠲᠡ ᠶᠢᠨ ᠳᠤᠷᠠᠰᠬᠠᠯ ᠤᠨ ᠣᠷᠳᠣᠨ᠂ ᠤᠯᠠᠭᠠᠨᠬᠤᠲᠠ ᠶᠢᠨ ᠢᠯᠠᠯᠲᠠ ᠪᠠᠯᠭᠠᠰᠤ ᠶᠢᠨ ᠰᠣᠶᠣᠯ ᠤᠨ ᠦᠷᠲᠡᠭᠡ ᠪᠣᠯᠣᠨ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠰᠠᠨ ᠱᠦᠨ ᠳ᠋ᠢᠶᠠᠨ ᠨᠡᠶᠢᠭᠡᠮ ᠲᠣᠭᠤᠷᠢᠭ ᠤᠨ ᠶᠡᠷᠦᠩᠬᠡᠶᠢᠯᠡᠭᠰᠡᠨ ᠰᠣᠶᠣᠯ ᠤᠨ ᠦᠢᠯᠡᠴᠢᠯᠡᠭᠡᠨ ᠤ ᠲᠥᠪ ᠲᠤ ᠪᠠᠶᠢᠴᠠᠭᠠᠨ ᠰᠤᠳᠤᠯᠤᠯᠲᠠ ᠬᠢᠪᠡ᠃ ᠴᠡᠭ ᠲᠣᠭᠲᠠᠭᠠᠨ ᠬᠠᠪᠰᠤᠷᠤᠨ ᠲᠡᠳᠬᠦᠬᠦ ᠭᠠᠵᠠᠷ ᠣᠷᠣᠨ ᠷᠠᠰᠢᠶᠠᠨ ᠬᠤᠳᠠ ᠳᠤ᠂ ᠲᠦᠷ ᠴᠠᠭ ᠲᠤᠰᠢᠶᠠᠯ  ᠡᠭᠦᠷᠭᠡᠯᠡᠵᠦ ᠪᠠᠶᠢᠭ᠎ᠠ ᠺᠠᠳ᠋ᠷᠴᠤᠳ ᠢ ᠲᠣᠬᠤᠨᠢᠭᠤᠯᠵᠤ᠂ ᠲᠤᠬᠠᠢ ᠶᠢᠨ ᠭᠠᠵᠠᠷ ᠤᠨ ᠬᠡᠰᠡᠭ ᠨᠡᠶᠢᠭᠡᠮ ᠤᠨ ᠪᠠᠲᠤᠯᠠᠪᠤᠷᠢ ᠶᠢᠨ ᠨᠢᠭᠡᠴᠢ ᠪᠣᠯᠣᠨ ᠦᠨᠳᠦᠰᠦᠨ ᠱᠠᠲᠤᠨ ᠤ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠲᠥᠬᠦᠭᠡᠷᠦᠮᠵᠢ ᠶᠢ ᠪᠠᠶᠢᠴᠠᠭᠠᠨ ᠰᠤᠳᠤᠯᠵᠤ ᠰᠢᠨᠵᠢᠯᠡᠨ ᠪᠠᠶᠢᠴᠠᠭᠠᠪᠠ᠃ ᠬᠤ᠋ ᠾᠧ ᠫᠢᠩ ᠪᠠᠰᠠ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠤᠯᠠᠭᠠᠨᠮᠥ᠋ᠴᠢᠷ ᠪᠣᠯᠣᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠯᠠᠭᠠᠨᠮᠥ᠋ᠴᠢᠷ ᠲᠤ ᠬᠦᠷᠴᠦ᠂ ᠵᠣᠬᠢᠶᠠᠨ ᠪᠦᠲᠦᠭᠡᠯᠭᠡ ᠲᠤᠭᠯᠠᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠤᠭᠰᠠᠨ ᠪᠥᠭᠡᠳ ᠤᠯᠠᠭᠠᠨᠮᠦ᠋ᠴᠢᠷ ᠤᠨ ᠭᠡᠰᠢᠭᠦᠳ ᠲᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃     ᠰᠣᠶᠣᠯ ᠪᠠ ᠵᠢᠭᠤᠯᠴᠢᠯᠠᠯ ᠤᠨ ᠶᠠᠮᠤᠨ ᠤ ᠬᠤᠯᠪᠣᠭᠳᠠᠯ ᠪᠦᠬᠦᠢ ᠵᠤᠷᠭᠠᠨ ᠲᠣᠪᠴᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ᠂ ᠬᠥᠬᠡᠬᠤᠲᠠ᠂ ᠬᠢᠩᠭᠠᠨ ᠠᠶᠢᠮᠠᠭ ᠤᠨ ᠬᠠᠷᠢᠭᠤᠴᠠᠯᠭᠠᠲᠠᠨ ᠨᠥᠬᠦᠳ ᠬᠤᠯᠪᠣᠭᠳᠠᠯ ᠪᠦᠬᠦᠢ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠰᠣᠶᠣᠯ ᠪᠠ ᠵᠢᠭᠤᠯᠴᠢᠯᠠᠯ ᠤᠨ ᠶᠠᠮᠤᠨ ᠤ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号