ᠰᠢᠯᠢ ᠶᠢᠨ ᠭᠤᠣᠯ ᠠᠶᠢᠮᠠᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠵᠢᠴᠢ ᠣᠳᠣᠨ ᠲᠠᠰ ᠤᠨ ᠬᠥᠳᠡᠭᠡ ᠲᠣᠰᠬᠤᠨ ︵ᠮᠠᠯᠵᠢᠬᠤ ᠣᠷᠣᠨ︶ ᠤ ᠵᠢᠭᠤᠯᠴᠢᠯᠠᠯ ᠤᠨ ᠭᠥᠯᠢᠶᠡᠨ ᠠᠪᠬᠤ ᠡᠷᠦᠬᠡ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠴᠢ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠰᠦᠯᠵᠢᠶᠡᠨ ᠳᠡᠭᠡᠷᠡᠬᠢ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/8/12
     ᠣᠶᠢᠷ᠎ᠠ ᠳᠤ᠂ ᠰᠢᠯᠢ ᠶᠢᠨ ᠭᠤᠣᠯ ᠠᠶᠢᠮᠠᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠤᠪᠴᠢᠶᠠᠨ ᠤ ᠳᠡᠳ᠋ ᠳᠠᠷᠤᠭ᠎ᠠ ᠠᠯᠲᠠᠨᠨᠠᠪᠴᠢ A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠵᠢᠴᠢ ᠣᠳᠣᠨ ᠲᠠᠰ ᠤᠨ ᠬᠥᠳᠡᠭᠡ ᠲᠣᠰᠬᠤᠨ ︵ᠮᠠᠯᠵᠢᠬᠤ ᠣᠷᠣᠨ︶ ᠤ ᠵᠢᠭᠤᠯᠴᠢᠯᠠᠯ ᠤᠨ ᠭᠥᠯᠢᠶᠡᠨ ᠠᠪᠬᠤ ᠡᠷᠦᠬᠡ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠴᠢ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠰᠦᠯᠵᠢᠶᠡᠨ ᠳᠡᠭᠡᠷᠡᠬᠢ ᠬᠤᠷᠠᠯ ᠢ ᠡᠷᠭᠢᠯᠡᠨ ᠬᠤᠷᠠᠯᠳᠤᠭᠤᠯᠵᠤ᠂ ᠣᠶᠢᠷ᠎ᠠ ᠶᠢᠨ ᠡᠲᠦᠷ ᠰᠢᠯᠢ ᠶᠢᠨ ᠭᠤᠣᠯ ᠠᠶᠢᠮᠠᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠠᠮᠤᠭ ᠤᠨ ᠰᠢᠨ᠎ᠡ ᠪᠠᠶᠢᠳᠠᠯ ᠢ ᠵᠠᠷᠯᠠᠨ ᠮᠡᠳᠡᠭᠳᠡᠵᠦ᠂ ᠣᠳᠣᠬᠠᠨ ᠤ ᠪᠠᠶᠢᠳᠠᠯ ᠢ ᠵᠠᠳᠠᠯᠤᠨ ᠰᠤᠳᠤᠯᠤᠨ ᠮᠠᠭᠠᠳᠯᠠᠵᠤ᠂ ᠰᠢᠯᠢ ᠶᠢᠨ ᠭᠤᠣᠯ ᠠᠶᠢᠮᠠᠭ ᠤᠨ ᠡᠯ᠎ᠡ ᠭᠠᠵᠠᠷ ᠤᠨ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠵᠢᠴᠢ ᠡᠯ᠎ᠡ A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ᠂ ᠣᠳᠣᠨ ᠲᠠᠰ ᠤᠨ ᠬᠥᠳᠡᠭᠡ ᠲᠣᠰᠬᠤᠨ ︵ᠮᠠᠯᠵᠢᠬᠤ ᠣᠷᠣᠨ︶ ᠤ ᠵᠢᠭᠤᠯᠴᠢᠯᠠᠯ ᠤᠨ ᠭᠥᠯᠢᠶᠡᠨ ᠠᠪᠬᠤ ᠡᠷᠦᠬᠡ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠴᠢ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠳᠠᠬᠢᠨ ᠲᠣᠬᠢᠷᠠᠭᠤᠯᠵᠤ ᠳᠠᠬᠢᠨ ᠪᠠᠶᠢᠷᠢᠯᠠᠭᠤᠯᠪᠠ᠃ ᠡᠯ᠎ᠡ ᠬᠤᠰᠢᠭᠤ ᠰᠢᠶᠠᠨ ᠬᠤᠲᠠ ︵ᠲᠣᠭᠤᠷᠢᠭ︶ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠳᠠᠷᠤᠭ᠎ᠠ᠂ ᠬᠤᠪᠢᠳᠠᠨ ᠬᠠᠮᠢᠶᠠᠷᠴᠤ ᠪᠠᠶᠢᠭ᠎ᠠ ᠲᠣᠪᠴᠢᠶᠠᠨ ᠳᠠᠷᠤᠭ᠎ᠠ᠂ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠤᠨ ᠲᠠᠰᠤᠭ ᠤᠨ ᠬᠠᠷᠢᠭᠤᠴᠠᠯᠭᠠᠲᠠᠨ᠂ A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠵᠢᠴᠢ ᠣᠳᠣᠨ ᠲᠠᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠥᠯᠢᠶᠡᠨ ᠠᠪᠬᠤ ᠡᠷᠦᠬᠡ ᠶᠢᠨ ᠬᠠᠷᠢᠭᠤᠴᠠᠯᠭᠠᠲᠠᠨ ᠲᠣᠰ ᠤᠳᠠᠭᠠᠨ ᠤ ᠬᠤᠷᠠᠯ ᠳᠤ ᠣᠷᠣᠯᠴᠠᠪᠠ᠃      ᠬᠤᠷᠠᠯ   ᠠᠴᠠ ᠴᠢᠬᠤᠯᠠᠴᠢᠯᠠᠭᠰᠠᠨ ᠨᠢ᠂ ᠨᠢᠭᠡ ᠳᠤ᠂ ᠰᠢᠯᠢ ᠶᠢᠨ ᠭᠤᠣᠯ ᠠᠶᠢᠮᠠᠭ ᠤᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ 254 ᠳ᠋ᠦ᠋ᠭᠡᠷ ᠲᠣᠭᠠᠲᠤ ᠪᠢᠴᠢᠭ ᠮᠠᠲ᠋ᠧᠷᠢᠶᠠᠯ ︽ᠮᠠᠨ ᠤ ᠠᠶᠢᠮᠠᠭ ᠲᠤ ᠢᠷᠡᠬᠦ ︵ᠪᠤᠴᠠᠬᠤ︶ ᠬᠥᠮᠥᠰ ᠢ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠶᠢ ᠴᠢᠩᠭᠠᠳᠬᠠᠬᠤ ᠲᠤᠬᠠᠢ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠪᠦᠲᠦᠮᠵᠢᠲᠡᠶ ᠭᠡᠷᠡᠴᠢ ᠶᠢ ᠪᠠᠶᠢᠴᠠᠭᠠᠨ ᠰᠢᠯᠭᠠᠬᠤ ᠶᠢ ᠰᠠᠶᠢᠲᠤᠷ ᠬᠢᠵᠦ᠂ ︽ᠲᠠᠯᠠᠪᠤᠷ ᠭᠠᠵᠠᠷ ᠤᠨ ᠺᠣᠳ᠋︾ ᠢ ᠰᠢᠷᠪᠢᠵᠦ ᠲᠡᠮᠳᠡᠭᠯᠡᠬᠦ ᠪᠠ ᠡᠷᠡᠭᠦᠯ ᠮᠡᠨᠳᠦ ᠶᠢᠨ ᠺᠣᠳ᠋᠂ ᠠᠶᠠᠯᠠᠯ ᠤᠨ ᠺᠣᠳ᠋ ᠢ ᠪᠠᠶᠢᠴᠠᠭᠠᠨ ᠰᠢᠯᠭᠠᠬᠤ᠂ ᠪᠡᠶ᠎ᠡ ᠶᠢᠨ ᠳᠤᠯᠠᠭᠠᠨ ᠢ ᠪᠠᠶᠢᠴᠠᠭᠠᠨ ᠰᠢᠯᠭᠠᠬᠤ ᠵᠡᠷᠭᠡ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠬᠤᠶᠠᠷ ᠲᠤ᠂ ᠡᠯ᠎ᠡ ᠰᠣᠶᠣᠯ ᠪᠡᠶ᠎ᠡ ᠶᠢᠨ ᠲᠠᠮᠢᠷ  ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠵᠢᠴᠢ ᠡᠯ᠎ᠡ ᠦᠵᠡᠮᠵᠢ ᠶᠢᠨ ᠣᠷᠣᠨ᠂ ᠬᠥᠳᠡᠭᠡ ᠲᠣᠰᠬᠤᠨ ᠤ ᠵᠢᠭᠤᠯᠴᠢᠯᠠᠯ ᠤᠨ ᠭᠥᠯᠢᠶᠡᠨ ᠠᠪᠬᠤ ᠡᠷᠦᠬᠡ ᠨᠦᠭᠦᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠣᠯ ᠴᠣᠭᠴᠠ ᠶᠢᠨ ᠬᠠᠷᠢᠭᠤᠴᠠᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠨᠢᠭᠲᠠ ᠠᠩᠬᠠᠷᠴᠤ᠂ ᠵᠢᠯᠣᠭᠤᠳᠤᠯᠭ᠎ᠠ ᠶᠢ ᠳᠠᠭᠠᠵᠤ᠂ ᠬᠠᠤᠯᠢ ᠶᠣᠰᠣᠭᠠᠷ ᠡᠵᠡᠩᠨᠡᠬᠦ ᠬᠡᠷᠡᠭᠲᠠᠢ᠃ ᠭᠤᠷᠪᠠ ᠳᠤ᠂ ᠡᠯ᠎ᠡ ᠦᠵᠡᠮᠵᠢ ᠶᠢᠨ ᠣᠷᠣᠨ ︵ᠴᠡᠭ︶ ᠨᠢ ᠣᠷᠣᠬᠤ ᠡᠭᠦᠲᠡ ᠶᠢᠨ ᠪᠠᠶᠢᠴᠠᠭᠠᠯᠲᠠ ᠳᠤ ᠬᠦᠮᠦᠰ  ᠢ ᠪᠦᠯᠦᠭ ᠬᠤᠪᠢᠶᠠᠨ ᠲᠣᠬᠢᠷᠠᠭᠤᠯᠬᠤ ᠠᠵᠢᠯ ᠢ ᠰᠠᠶᠢᠲᠤᠷ ᠬᠢᠵᠦ᠂ ᠲᠦᠭᠵᠢᠷᠡᠬᠦ ᠵᠡᠷᠭᠡ ᠪᠠᠶᠢᠳᠠᠯ ᠭᠠᠷᠬᠤ ᠠᠴᠠ ᠵᠠᠶᠢᠯᠠᠰᠬᠢᠵᠦ᠂ ᠲᠦᠭᠰᠢᠭᠦᠷᠢ ᠶᠢ ᠰᠠᠨᠠᠭᠤᠯᠬᠤ᠂ ᠪᠦᠯᠦᠭ ᠬᠤᠪᠢᠶᠠᠨ ᠲᠣᠬᠢᠷᠠᠭᠤᠯᠬᠤ  ᠶᠢ ᠵᠢᠯᠤᠭᠤᠳᠬᠤ ᠵᠡᠷᠭᠡ ᠬᠠᠨᠲᠤᠯᠭᠠᠲᠤ ᠴᠢᠨᠠᠷᠲᠠᠢ ᠠᠷᠭ᠎ᠠ ᠬᠡᠮᠵᠢᠶ᠎ᠡ ᠠᠪᠴᠤ᠂ ᠪᠠᠶᠢᠴᠠᠭᠠᠨ ᠬᠠᠷᠭᠤᠭᠤᠯᠬᠤ ᠬᠤᠷᠳᠤᠴᠠ ᠶᠢ ᠲᠦᠷᠭᠡᠳᠬᠡᠨ᠂ ᠣᠷᠣᠬᠤ ᠡᠭᠦᠲᠡ  ᠶᠢᠨ ᠬᠦᠮᠦᠰ ᠰᠢᠬᠠᠯᠳᠤᠬᠤ ᠪᠠ ᠲᠦᠭᠵᠢᠷᠡᠬᠦ ᠠᠴᠠ ᠵᠠᠶᠢᠯᠠᠰᠬᠢᠵᠦ᠂ ᠬᠦᠮᠦᠰ ᠶᠡᠭᠡ ᠬᠡᠮᠵᠢᠶ᠎ᠡ ᠪᠠᠷ ᠴᠤᠭᠯᠠᠷᠠᠬᠤ ᠶᠢ  ᠰᠡᠷᠭᠡᠶᠢᠯᠡᠬᠦ ᠬᠡᠷᠡᠭᠲᠠᠢ᠃ ᠳᠥᠷᠪᠡ ᠳᠤ᠂ ᠡᠯ᠎ᠡ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ  ᠷᠠᠳᠢᠣ᠋ ᠲᠧᠯᠸᠢᠰ ᠤᠨ ᠲᠣᠪᠴᠢᠶ᠎ᠠ᠂ ᠦᠵᠡᠮᠵᠢ ᠶᠢᠨ ᠣᠷᠣᠨ ᠵᠢᠴᠢ ᠬᠥᠳᠡᠭᠡ ᠲᠣᠰᠬᠤᠨ ᠤ ᠵᠢᠭᠤᠯᠴᠢᠯᠠᠯ ᠤᠨ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠦᠵᠡᠯ ᠰᠠᠨᠠᠭᠠᠨ ᠤ ᠲᠠᠯ᠎ᠠ ᠪᠠᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠵᠠᠰᠠᠬᠤ ᠠᠵᠢᠯ ᠢ ᠭᠦᠨᠵᠡᠭᠡᠢ ᠥᠷᠨᠢᠭᠦᠯᠦᠨ᠂ ᠦᠶᠡᠷ ᠤᠨ ᠬᠤᠭᠤᠴᠠᠭᠠᠨ ᠤ ᠲᠦᠭᠰᠢᠭᠦᠷᠢ ᠶᠢ ᠰᠡᠷᠭᠡᠶᠢᠯᠡᠬᠦ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠬᠥᠳᠡᠭᠡ ᠲᠣᠰᠬᠤᠨ ᠤ ᠵᠢᠭᠤᠯᠴᠢᠯᠠᠯ ᠤᠨ ᠦᠢᠯᠡᠳᠪᠦᠷᠢᠯᠡᠯ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠡᠵᠡᠩᠨᠡᠯᠲᠡ ᠶᠢᠨ ᠭᠤᠣᠯ ᠴᠣᠭᠴᠠ ᠶᠢ ᠵᠢᠯᠣᠭᠤᠳᠤᠨ ᠠᠮᠤᠷ ᠲᠦᠪᠰᠢᠨ ᠤ ᠰᠠᠨᠠᠭᠤᠯᠤᠮᠵᠢ᠂ ᠰᠡᠷᠡᠮᠵᠢ ᠶᠢᠨ ᠲᠡᠮᠳᠡᠭ ᠪᠠ ᠠᠮᠤᠷ ᠲᠦᠪᠰᠢᠨ ᠤ ᠬᠠᠮᠠᠭᠠᠯᠠᠯᠲᠠ ᠶᠢᠨ ᠪᠡᠯᠡᠳᠬᠡᠮᠵᠢ ᠶᠢ ᠲᠡᠭᠦᠯᠳᠡᠷᠵᠢᠭᠦᠯᠵᠦ᠂ ᠠᠮᠤᠷ ᠲᠦᠪᠰᠢᠨ ᠤ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠵᠦ᠂ ᠵᠢᠭᠤᠯᠴᠢᠯᠠᠭᠴᠢᠳ ᠲᠤ ᠠᠮᠤᠷ ᠲᠦᠪᠰᠢᠨ ᠤ ᠬᠠᠮᠠᠭᠠᠯᠠᠯᠲᠠ ᠶᠢ ᠰᠠᠶᠢᠲᠤᠷ ᠬᠢᠬᠦ ᠶᠢ ᠰᠠᠨᠠᠭᠤᠯᠵᠤ᠂ ᠬᠥᠳᠡᠭᠡ ᠲᠣᠰᠬᠤᠨ ᠤ ᠵᠢᠭᠤᠯᠴᠢᠯᠠᠯ ᠤᠨ ᠡᠵᠡᠩᠨᠡᠯᠲᠡ ᠶᠢᠨ ᠭᠤᠣᠯ ᠴᠣᠭᠴᠠ ᠪᠠ ᠵᠢᠭᠤᠯᠴᠢᠯᠠᠭᠴᠢᠳ ᠢ ᠵᠢᠯᠣᠭᠤᠳᠤᠨ ᠡᠷᠡᠭᠦᠯ ᠮᠡᠨᠳᠦ ᠶᠢᠨ ᠬᠠᠮᠠᠭᠠᠯᠠᠯᠲᠠ ᠶᠢ ᠰᠠᠶᠢᠲᠤᠷ    ᠬᠢᠯᠭᠡᠬᠦ ᠬᠡᠷᠡᠭᠲᠠᠢ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号