ᠪᠤᠭᠤᠲᠤ ᠬᠤᠳᠠ ᠶᠢᠨ ᠰᠣᠶᠣᠯ  ᠵᠢᠭᠤᠯᠴᠢᠯᠠᠯ  ᠷᠠᠳᠢᠣ᠋ ᠲᠧᠯᠸᠢᠰ ᠤᠨ ᠲᠣᠪᠴᠢᠶ᠎ᠠ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠦᠨᠡᠯᠡᠨ ᠵᠢᠱᠢᠵᠦ ᠴᠡᠭᠴᠡᠯᠡᠨ ᠰᠠᠶᠢᠵᠢᠷᠠᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/8/12
     8 ᠳ᠋ᠤᠭᠠᠷ ᠰᠠᠷ᠎ᠠ ᠶᠢᠨ 5 ᠤ ᠡᠳᠦᠷ ᠤᠨ ᠦᠳᠡ ᠶᠢᠨ ᠡᠮᠦᠨ᠎ᠡ᠂ ᠪᠤᠭᠤᠲᠤ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠵᠢᠯ ᠢ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃ ᠬᠤᠷᠠᠯ ᠳᠡᠭᠡᠷ᠎ᠡ ᠬᠤᠳᠠ ᠶᠢᠨ ᠵᠠᠰᠠᠭ ᠤᠨ ᠣᠷᠳᠣᠨ ᠤ ︽2021 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠦᠨᠡᠯᠡᠨ  ᠵᠢᠱᠢᠯᠲᠡ ᠪᠤᠭᠤᠲᠤ ᠬᠤᠳᠠ ᠶᠢᠨ ᠬᠤᠪᠢᠶᠠᠷᠢ ᠮᠡᠳᠡᠭᠦᠯᠦᠯᠲᠡ ᠳᠤ ᠣᠷᠣᠰᠢᠵᠤ ᠪᠠᠶᠢᠭ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠠᠷᠭ᠎ᠠ ᠬᠡᠮᠵᠢᠶ᠎ᠡ︾ ᠶᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ  ᠳᠠᠮᠵᠢᠭᠤᠯᠵᠦ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ  ᠤ ᠦᠨᠡᠯᠡᠨ ᠵᠢᠱᠢᠯᠲᠡ ᠪᠤᠭᠤᠲᠤ ᠬᠤᠳᠠ ᠶᠢᠨ ᠬᠤᠪᠢᠶᠠᠷᠢ ᠮᠡᠳᠡᠭᠦᠯᠦᠯᠲᠡ ᠳᠤ ᠬᠠᠷᠢᠭᠤ ᠲᠤᠰᠬᠠᠭᠰᠠᠨ ᠮᠠᠨ ᠤ  ᠲᠤᠪᠴᠢᠶᠠᠨ  ᠤ ᠬᠤᠯᠪᠣᠭᠳᠠᠯ ᠪᠦᠬᠦᠢ ᠠᠰᠠᠭᠤᠳᠠᠯ ᠢ ᠨᠠᠷᠢᠨ ᠬᠢᠨᠠᠮᠠᠭᠠᠢ ᠰᠤᠳᠤᠯᠬᠤ ᠶᠢᠨ ᠬᠠᠮᠲᠤ ᠬᠠᠷᠢᠭᠤ ᠲᠤᠰᠬᠠᠭᠰᠠᠨ ᠠᠰᠠᠭᠤᠳᠠᠯ ᠳᠤ ᠴᠢᠭᠯᠡᠭᠦᠯᠦᠨ ᠡᠭᠦᠷᠭᠡ ᠶᠢ ᠬᠤᠪᠢᠶᠠᠷᠢᠯᠠᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢᠨ ᠪᠣᠳᠠᠲᠠᠢ ᠦᠷ᠎ᠡ ᠪᠦᠲᠦᠮᠵᠢ ᠣᠯᠬᠤ ᠶᠢ ᠪᠠᠲᠤᠯᠠᠵᠠᠢ᠃      ᠬᠤᠷᠠᠯ ᠳᠡᠭᠡᠷ᠎ᠡ᠂ ᠨᠢᠭᠡ ᠳᠤ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠰᠠᠯᠠᠭ᠎ᠠ ᠲᠠᠰᠤᠭ ᠤᠨ ᠬᠢᠨ ᠡᠷᠬᠡᠪᠰᠢ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂  ᠬᠤᠳᠠᠯᠳᠤᠭ᠎ᠠ ᠡᠵᠡᠩᠨᠡᠬᠦ  ᠣᠷᠴᠢᠨ  ᠲᠤᠭᠤᠷᠢᠨ ᠤ ᠦᠨᠡᠯᠡᠯᠲᠡ ᠶᠢᠨ ᠦᠷ᠎ᠡ ᠳ᠋ᠦᠩ ᠤᠨ ᠴᠢᠬᠤᠯᠠ ᠴᠢᠨᠠᠷ ᠤᠨ ᠲᠤᠬᠠᠢ ᠲᠠᠨᠢᠯᠲᠠ ᠪᠠᠨ ᠳᠡᠭᠡᠭᠰᠢᠯᠡᠭᠦᠯᠬᠦ ᠬᠡᠷᠡᠭᠲᠡᠢ᠃ ᠵᠥᠷᠢᠶ᠎ᠡ ᠳᠤ ᠵᠥᠪ ᠢᠶᠠᠷ ᠬᠠᠨᠳᠤᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠤ ᠦᠨᠡᠯᠡᠯᠲᠡ ᠶᠢᠨ ᠬᠠᠷᠢᠭᠤᠴᠠᠯᠭ᠎ᠠ ᠶᠢᠨ ᠤᠬᠠᠮᠰᠠᠷ ᠪᠣᠯᠣᠨ ᠰᠠᠨᠠᠭᠠᠰᠢᠷᠠᠬᠤ ᠤᠬᠠᠮᠰᠠᠷ ᠢᠶᠠᠨ ᠦᠨᠡᠨ ᠬᠦ ᠴᠢᠩᠭᠠᠳᠬᠠᠬᠤ ᠬᠡᠷᠡᠭᠲᠡᠢ︔ ᠬᠤᠶᠠᠷ ᠲᠤ᠂ ᠪᠦᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠪᠤᠭᠤᠲᠤ ᠬᠤᠲᠠ ᠶᠢᠨ ᠬᠤᠪᠢᠶᠠᠷᠢ ᠮᠡᠳᠡᠭᠦᠯᠦᠯᠲᠡ ᠳᠤ ᠬᠠᠷᠢᠭᠤ ᠲᠤᠰᠬᠠᠭᠰᠠᠨ ᠬᠤᠯᠪᠣᠭᠳᠠᠯ ᠪᠦᠬᠦᠢ ᠠᠰᠠᠭᠤᠳᠠᠯ ᠳᠤ ᠣᠷᠣᠰᠢᠵᠤ ᠪᠠᠶᠢᠭ᠎ᠠ ᠰᠢᠯᠲᠠᠭᠠᠨ ᠢ ᠨᠠᠷᠢᠨ ᠨᠢᠮᠪᠠᠢ ᠵᠠᠳᠠᠯᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠬᠠᠨᠳᠤᠯᠭᠠᠲᠤ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠲᠠᠢ ᠪᠠᠶᠢᠯᠭᠠᠬᠤ ᠬᠡᠷᠡᠭᠲᠡᠢ︔ ᠭᠤᠷᠪᠠ ᠳᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ᠴᠡᠭᠴᠡᠯᠡᠨ ᠰᠠᠶᠢᠵᠢᠷᠠᠭᠤᠯᠬᠤ ᠳᠤ ᠬᠤᠯᠪᠣᠭᠳᠠᠬᠤ ᠬᠠᠮᠢᠶ᠎ᠠ ᠪᠦᠬᠦᠢ ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠪᠣᠯ ᠨᠢᠭᠡᠳᠦᠭᠡᠷ ᠬᠠᠷᠢᠭᠤᠴᠠᠯᠭᠠᠲᠠᠨ ᠮᠥᠨ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠴᠢᠳᠠᠮᠠᠭᠠᠢ ᠠᠵᠢᠯᠯᠠᠵᠤ᠂ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠯᠠᠪᠳᠠᠭᠤᠨ ᠪᠠᠲᠤᠲᠠᠢ ᠠᠬᠢᠭᠤᠯᠬᠤ ᠶᠢᠨ ᠬᠠᠮᠲᠤ ᠭᠠᠷᠠᠭ ᠤᠨ ᠲᠣᠬᠢᠷᠠᠭᠤᠯᠬᠤ ᠲᠣᠭᠲᠠᠴᠠ ᠶᠣᠰᠣᠭᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠠᠬᠢᠭᠤᠯᠤᠭᠰᠠᠨ ᠪᠠᠶᠢᠳᠠᠯ  ᠢᠶᠠᠨ ᠲᠤᠯᠤᠭᠠᠶᠢᠯᠠᠬᠤ ᠰᠠᠯᠠᠭ᠎ᠠ ᠲᠠᠰᠤᠭ ᠲᠤ ᠬᠤᠷᠢᠶᠠᠩᠭᠤᠶᠢᠯᠠᠨ ᠮᠡᠳᠡᠬᠦᠯᠬᠦ ᠬᠡᠷᠡᠭᠲᠡᠢ᠃ ᠲᠤᠯᠤᠭᠠᠶᠢᠯᠠᠬᠤ ᠰᠠᠯᠠᠭ᠎ᠠ ᠲᠠᠰᠤᠭ ᠤᠨ ᠬᠢᠨ ᠴᠡᠭᠴᠡᠯᠡᠨ ᠰᠠᠶᠢᠵᠢᠷᠠᠭᠤᠯᠬᠤ ᠠᠵᠢᠯ ᠢ ᠵᠣᠬᠢᠶᠠᠨ ᠪᠠᠶᠢᠭᠤᠯᠵᠤ ᠵᠣᠬᠢᠴᠠᠭᠤᠯᠬᠤ ᠪᠠ ᠵᠢᠯᠣᠭᠤᠳᠤᠨ ᠲᠣᠬᠢᠷᠠᠭᠤᠯᠬᠤ ᠪᠠᠨ ᠴᠢᠩᠭᠠᠳᠬᠠᠵᠤ᠂ ᠪᠣᠶ ᠪᠦᠬᠦᠢ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠠ ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ  ᠢᠶᠠᠨ ᠴᠠᠭ ᠲᠤᠬᠠᠢ  ᠳᠤ ᠨᠢ ᠴᠤᠭᠯᠠᠭᠤᠯᠤᠨ ᠬᠤᠷᠢᠶᠠᠩᠭᠤᠶᠢᠯᠠᠵᠤ ᠳᠡᠭᠡᠭᠰᠢ ᠮᠡᠳᠡᠭᠦᠯᠵᠦ᠂ ᠡᠯ᠎ᠡ ᠵᠦᠢᠯ ᠤᠨ ᠠᠵᠢᠯ ᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠬᠤ ᠬᠡᠷᠡᠭᠲᠡᠢ  ᠭᠡᠵᠦ ᠱᠠᠭᠠᠷᠳᠠᠪᠠ᠃
 
ᠢᠷᠡᠯᠲᠡ᠄ ᠪᠤᠭᠤᠲᠤ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号