ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠪᠥᠬᠦ ᠣᠷᠣᠨ ᠤ ᠨᠠᠰᠤᠵᠢᠯ ᠤᠨ ᠮᠡᠬᠡᠯᠡᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ ᠲᠣᠬᠢᠷᠠᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/8/12
     8 ᠳ᠋ᠤᠭᠠᠷ ᠰᠠᠷ᠎ᠠ ᠶᠢᠨ 4 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠪᠥᠬᠦ ᠣᠷᠣᠨ ᠤ ᠨᠠᠰᠤᠵᠢᠯ ᠤᠨ ᠮᠡᠬᠡᠯᠡᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ ᠲᠣᠬᠢᠷᠠᠭᠤᠯᠬᠤ ᠬᠤᠷᠠᠯ ᠬᠤᠷᠠᠯᠳᠤᠭᠤᠯᠪᠠ᠃ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠤᠨ ᠳᠡᠳ᠋ ᠳᠠᠷᠤᠭ᠎ᠠ ᠵᠠᠩ ᠸᠧᠨ ᠵᠢᠶᠦ᠋ᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠷᠠᠯ  ᠳᠡᠭᠡᠷ᠎ᠡ ᠡᠯ᠎ᠡ ᠠᠶᠢᠮᠠᠭ ᠬᠤᠳᠠ ᠶᠢᠨ ᠲᠤᠰᠬᠠᠢ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠭᠠᠰᠢᠬᠢ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠪᠦᠬᠦ ᠣᠷᠣᠨ ᠤ ᠨᠠᠰᠤᠵᠢᠯ ᠤᠨ ᠮᠡᠬᠡᠯᠡᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠢ  ᠠᠵᠢᠯᠯᠠᠭᠠᠨ  ᠤ ᠠᠬᠢᠴᠠ ᠶᠢᠨ ᠪᠠᠶᠢᠳᠠᠯ ᠢ ᠨᠡᠶᠢᠲᠡᠯᠡᠵᠡᠢ᠃ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠵᠠᠩ ᠶᠠᠨ ᠷᠤ᠋᠂ ᠲᠢᠩᠬᠢᠮ ᠤᠨ ᠨᠠᠰᠤᠵᠢᠯ ᠤᠨ ᠮᠡᠬᠡᠯᠡᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠢ ᠠᠵᠢᠯᠯᠠᠭᠠᠨ  ᠤ ᠠᠵᠢᠯ ᠤᠨ ᠲᠤᠰᠬᠠᠢ ᠠᠩᠭᠢ ᠶᠢᠨ ᠪᠦᠷᠢᠯᠳᠦᠭᠦᠨ ᠂ ᠡᠯ᠎ᠡ ᠠᠶᠢᠮᠠᠭ ᠬᠤᠳᠠ ᠶᠢᠨ ᠰᠣᠶᠣᠯ ᠪᠠ  ᠵᠢᠭᠤᠯᠴᠢᠯᠠᠯ ᠤᠨ ᠲᠣᠪᠴᠢᠶ᠎ᠠ ᠵᠢᠴᠢ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ  ᠲᠤᠪᠴᠢᠶᠠᠨ  ᠤ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃
     ᠬᠤᠷᠠᠯ ᠳᠡᠭᠡᠷ᠎ᠡ᠂ ᠨᠠᠰᠤᠵᠢᠯ ᠤᠨ ᠮᠡᠬᠡᠯᠡᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠪᠣᠯ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠣᠳᠣᠬᠠᠨ ᠤ ᠠᠵᠢᠯ ᠤᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠣᠨ᠎ᠠ᠃ ᠪᠥᠬᠦ ᠣᠷᠣᠨ ᠤ ᠡᠯ᠎ᠡ ᠱᠠᠲᠤᠨ ᠤ ᠰᠣᠶᠣᠯ ᠪᠠ ᠵᠢᠭᠤᠯᠴᠢᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠢ ᠪᠠᠶᠢᠷᠢᠯᠠᠭᠤᠯᠤᠯᠲᠠ ᠶᠢ ᠴᠢᠩᠭ᠎ᠠ ᠵᠢᠷᠤᠮᠯᠠᠨ᠂ ᠨᠠᠰᠤᠵᠢᠯ ᠤᠨ ᠮᠡᠬᠡᠯᠡᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠶᠡᠷᠦᠩᠬᠡᠶᠢᠯᠡᠭᠰᠡᠨ ᠰᠤᠳᠤᠯᠤᠨ ᠮᠠᠭᠠᠳᠯᠠᠯ ᠢ ᠴᠢᠩᠭᠠᠳᠬᠠᠨ᠂ ᠲᠤᠰᠬᠠᠢ ᠠᠵᠢᠯᠠᠭᠠᠨ  ᠤ ᠪᠣᠳᠠᠲᠤ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠳᠡᠭᠡᠷ᠎ᠡ᠂ ᠨᠢᠭᠡ ᠳᠤ᠂ ᠰᠦᠪᠡᠭᠴᠢ ᠶᠢ ᠣᠶᠢᠯᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠡᠷᠡᠭᠦᠦ ᠰᠢᠢᠳᠬᠡᠯ ᠬᠡᠷᠡᠭᠵᠢᠭᠦᠯᠬᠦ ᠶᠢ ᠵᠣᠯᠭᠠᠭᠤᠯᠬᠤ ᠠᠵᠢᠯ ᠢ ᠴᠢᠨᠠᠭᠰᠢᠳᠠ ᠴᠢᠩᠭᠠᠳᠬᠠᠬᠤ ᠪᠠᠷ ᠳᠠᠮᠵᠢᠭᠤᠯᠵᠤ ᠠᠵᠢᠯ ᠲᠦᠷᠦᠯ ᠤᠨ ᠳᠣᠲᠣᠭᠠᠳᠤ ᠶᠢᠨ ︽ᠭᠤᠷᠪᠠᠨ ᠪᠢᠴᠢᠭ ᠨᠢᠭᠡ ᠵᠠᠬᠢᠳᠠᠯ︾  ᠢ ᠰᠢᠭᠰᠢᠨ ᠪᠠᠶᠢᠴᠠᠭᠠᠬᠤ ᠶᠢᠨ ᠬᠠᠮᠲᠤ ᠰᠠᠨᠠᠭᠠᠴᠢᠯᠠᠭ᠎ᠠ ᠠᠴᠠ ᠪᠠᠨ ᠵᠠᠳᠠᠯᠤᠨ ᠰᠤᠳᠤᠯᠵᠤ ᠮᠠᠭᠠᠳᠯᠠᠬᠤ ᠬᠡᠷᠡᠭᠲᠡᠢ︔ ᠬᠤᠶᠠᠷ ᠲᠤ᠂ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠵᠢᠭᠤᠯᠴᠢᠯᠠᠯ ᠬᠢᠭᠡᠳ ᠤᠷᠠᠯᠢᠭ ᠤᠨ ᠪᠦᠲᠦᠭᠡᠯ ᠤᠨ ᠬᠦᠷᠢᠶᠡᠨ ᠳᠤ ᠬᠢ ᠰᠦᠪᠡᠭᠴᠢ ᠢᠯᠡᠷᠡᠭᠦᠯᠦᠭᠰᠡᠨ ᠬᠡᠷᠡᠭ ᠢ ᠴᠠᠭ ᠲᠤᠬᠠᠢ  ᠳᠤ ᠨᠢ ᠰᠢᠪᠠᠳᠠᠨ ᠰᠢᠢᠳᠪᠦᠷᠢᠯᠡᠭᠦᠯᠵᠦ᠂ ᠰᠢᠢᠳᠪᠦᠷᠢᠯᠡᠬᠦ ᠠᠬᠢᠴᠠ ᠶᠢ ᠲᠦᠷᠭᠡᠳᠬᠡᠨ᠂ ᠴᠡᠭᠴᠡᠯᠡᠨ ᠵᠠᠰᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ︔ ᠭᠤᠷᠪᠠ ᠳᠤ᠂ ᠤᠬᠠᠭᠤᠯᠤᠨ ᠳᠠᠶᠢᠴᠢᠯᠠᠬᠤ ᠡᠷᠴᠢᠮ ᠢᠶᠠᠨ ᠴᠢᠩᠭᠠᠷᠠᠭᠤᠯᠵᠤ᠂ ᠰᠢᠨ᠎ᠡ ᠨᠢᠭᠡ ᠡᠭᠡᠯᠵᠢ ᠶᠢᠨ ᠤᠬᠠᠭᠤᠯᠭ᠎ᠠ ᠶᠢᠨ ᠠᠵᠢᠯ ᠢ ᠡᠬᠢᠯᠡᠬᠦᠯᠦᠨ ᠤᠬᠠᠭᠤᠯᠭ᠎ᠠ ᠶᠢᠨ ᠬᠡᠯᠪᠡᠷᠢ ᠶᠢ ᠰᠢᠨᠡᠴᠢᠯᠡᠵᠦ᠂ ᠠᠵᠢᠯ ᠤᠨ ᠳᠤᠮᠳᠠᠬᠢ ᠨᠡᠶᠢᠲᠡᠯᠢᠭ ᠭᠢᠯᠠᠰ ᠴᠡᠭ ᠢᠶᠠᠨ ᠴᠠᠭ ᠲᠤᠬᠠᠢ  ᠳᠤ ᠨᠢ ᠳᠡᠭᠡᠭᠰᠢ ᠮᠡᠳᠡᠭᠦᠯᠵᠦ ᠰᠣᠶᠣᠯ  ᠵᠢᠭᠤᠯᠴᠢᠯᠠᠯ  ᠤᠨ ᠰᠢᠰᠲ᠋ᠧᠮ ᠤᠨ ᠤᠬᠠᠭᠤᠯᠭ᠎ᠠ ᠶᠢᠨ ᠳᠠᠪᠠᠭᠤᠯᠢᠭ ᠢ ᠰᠠᠶᠢᠲᠤᠷ ᠪᠠᠳᠠᠷᠠᠭᠤᠯᠬᠤ ᠬᠡᠷᠡᠭᠲᠡᠢ︔ ᠳᠥᠷᠪᠡ ᠳᠤ᠂ ᠳᠦᠷᠢᠮ ᠲᠣᠭᠲᠠᠭᠠᠯ ᠲᠣᠭᠲᠠᠭᠠᠬᠤ ᠶᠢ ᠴᠢᠩᠭᠠᠳᠬᠠᠵᠤ᠂ ᠴᠣᠬᠢᠯᠲᠠ ᠥᠭᠴᠦ ᠴᠡᠭᠴᠡᠯᠡᠨ ᠵᠠᠰᠠᠬᠤ ᠶᠠᠪᠤᠴᠠ ᠳᠤ ᠴᠡᠭᠴᠡᠯᠡᠨ ᠵᠠᠰᠠᠬᠤ ᠲᠥᠰᠥᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠴᠡᠭᠴᠡᠯᠡᠨ ᠵᠠᠰᠠᠬᠤ ᠶᠢᠨ ᠵᠡᠷᠭᠡ ᠳᠤ ᠪᠠᠰᠠ ᠳ᠋ᠦᠩᠨᠡᠨ ᠪᠣᠯᠪᠠᠰᠤᠷᠠᠭᠤᠯᠬᠤ ᠠᠷᠭ᠎ᠠ ᠬᠡᠮᠵᠢᠶ᠎ᠡ ᠠᠪᠴᠤ᠂ ᠨᠠᠰᠤᠵᠢᠯ ᠤᠨ ᠮᠡᠬᠡᠯᠡᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠢ ᠠᠵᠢᠯᠯᠠᠭᠠᠨ ᠤ ᠭᠦᠨᠵᠡᠭᠡᠶᠢᠷᠡᠨ ᠬᠥᠭᠵᠢᠬᠦ ᠶᠢ ᠲᠦᠯᠬᠢᠨ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃      ᠬᠤᠷᠠᠯ ᠳᠡᠭᠡᠷ᠎ᠡ᠂ ᠨᠠᠰᠤᠵᠢᠯ ᠤᠨ ᠮᠡᠬᠡᠯᠡᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠲᠤᠶᠢᠯ ᠤᠨ ᠴᠢᠬᠤᠯᠠ᠂ ᠡᠯ᠎ᠡ ᠠᠶᠢᠮᠠᠭ ᠬᠤᠳᠠ ᠶᠢᠨ ᠰᠣᠶᠣᠯ  ᠵᠢᠭᠤᠯᠴᠢᠯᠠᠯ ᠤᠨ ᠰᠢᠰᠲ᠋ᠧᠮ ᠤᠨ ᠬᠢᠨ ᠬᠠᠯᠠᠭᠤᠨ ᠰᠡᠳᠬᠢᠯᠭᠡ᠂ ᠢᠳᠡᠪᠬᠢᠲᠡᠢ ᠠᠵᠢᠯᠯᠠᠭ᠎ᠠ ᠪᠠᠷ ᠪᠦᠬᠦ ᠣᠷᠣᠨ ᠢᠶᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠠᠮᠲᠤ ᠪᠠᠷ ᠴᠢᠷᠮᠠᠶᠢᠵᠤ ᠪᠠᠶᠢᠭᠠᠳ ᠡᠨᠡ ᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠳᠤ ᠰᠠᠶᠢᠨ ᠰᠠᠶᠢᠬᠠᠨ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ ᠭᠡᠵᠦ ᠵᠢᠭᠠᠨ ᠭᠠᠷᠭᠠᠪᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号