ᠠᠯᠠᠱᠠ ᠠᠶᠢᠮᠠᠭ ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠬᠠᠲᠤᠨ ᠭᠤᠣᠯ ᠤᠨ ᠰᠠᠪᠠ ᠭᠠᠵᠠᠷ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠪᠠᠶᠢᠴᠠᠭᠠᠯᠲᠠ ᠶᠢᠨ ᠠᠵᠢᠯ ᠢ ᠦᠷᠨᠢᠭᠦᠯᠪᠡ
ᠨᠡᠶᠢᠲᠡᠯᠡᠭᠰᠡᠨ ᠴᠠᠭ᠄
2022/8/3
     7 ᠳ᠋ᠤᠭᠠᠷ ᠰᠠᠷ᠎ᠠ ᠶᠢᠨ 28 ᠠᠴᠠ 29 ᠤ ᠡᠳᠦᠷ ᠤᠨ ᠬᠤᠭᠤᠷᠤᠨᠳᠤ᠂ ᠠᠯᠠᠱᠠ ᠠᠶᠢᠮᠠᠭ ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠮᠠᠨᠳᠠᠷᠸ᠎ᠠ᠂ ᠠᠯᠠᠱᠠ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ᠂ ᠤᠯᠠᠭᠠᠨᠪᠤᠬ᠎ᠠ ᠠᠮᠢ ᠠᠬᠤᠢ ᠶᠢᠨ ᠡᠯᠡᠰᠦᠨ ᠤ ᠠᠵᠤ ᠦᠢᠯᠡᠰ ᠤᠨ ᠵᠢᠱᠢᠶ᠎ᠡ ᠦᠵᠡᠭᠦᠯᠬᠦ ᠲᠣᠭᠤᠷᠢᠭ᠂ ᠣᠯᠠᠨᠪᠤᠯᠠᠭ ᠪᠠᠯᠭᠠᠰᠤ ᠵᠡᠷᠭᠡ ᠬᠠᠲᠤᠨ ᠭᠤᠣᠯ ᠳᠠᠭᠠᠤ ᠣᠷᠣᠨ ᠳᠤ ᠭᠦᠨᠵᠡᠭᠡᠶᠢᠷᠡᠵᠦ᠂ ᠡᠯ᠎ᠡ ᠱᠠᠲᠤᠨ ᠤ ᠭᠤᠣᠯᠳᠠᠯᠭ᠎ᠠ ᠲᠠᠢ ᠬᠠᠮᠠᠭᠠᠯᠠᠬᠤ ᠨᠢᠭᠡᠴᠢ ᠪᠣᠯᠣᠨ ᠤᠷᠲᠤ ᠴᠠᠭᠠᠨ ᠬᠡᠷᠡᠮ ᠤᠨ ᠭᠤᠣᠯ ᠪᠣᠯᠬᠤ ᠬᠡᠰᠡᠭ ᠤᠨ ᠲᠡᠦᠬᠡ ᠶᠢᠨ ᠳᠤᠷᠠᠰᠬᠠᠯᠲᠤ ᠵᠦᠢᠯ ᠤᠨ ᠠᠮᠤᠷ ᠲᠦᠪᠰᠢᠨ ᠤ ᠪᠠᠶᠢᠴᠠᠭᠠᠯᠲᠠ ᠶᠢᠨ ᠠᠵᠢᠯ ᠢ ᠦᠷᠨᠢᠭᠦᠯᠬᠦ ᠶᠢᠨ ᠬᠠᠮᠲᠤ ᠬᠠᠲᠤᠨ ᠭᠤᠣᠯ ᠳᠠᠭᠠᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠪᠠᠶᠢᠴᠠᠭᠠᠯᠲᠠ ᠳᠤ ᠲᠤᠬᠠᠢ ᠶᠢᠨ ᠲᠠᠯᠠᠪᠠᠢ ᠶᠢᠨ ᠪᠠᠶᠢᠴᠠᠭᠠᠨ ᠰᠤᠳᠤᠯᠤᠯᠲᠠ ᠪᠠ ᠵᠢᠯᠣᠭᠤᠳᠤᠯᠭ᠎ᠠ ᠬᠢᠵᠦ᠂ ᠬᠠᠨ ᠤᠯᠤᠰ ᠤᠨ ᠦᠶ᠎ᠡ ᠶᠢᠨ ᠲᠤᠬᠢᠶᠠᠨ ᠳᠡᠮᠳᠡᠭ᠂ ᠬᠤᠲᠠ ᠶᠢᠨ ᠬᠠᠯᠬᠠᠪᠴᠢ ᠶᠢᠨ ᠪᠠᠭᠤᠷᠢ᠂ ᠰᠦᠮ᠎ᠡ ᠬᠡᠶᠢᠳ ᠤᠨ ᠪᠠᠭᠤᠷᠢ᠂ ᠳᠠᠪᠤᠰᠤᠨ ᠤ ᠶᠠᠪᠤᠳᠠᠯ ᠤᠨ ᠭᠠᠵᠠᠷ᠂ ᠬᠠᠳᠠᠨ ᠵᠢᠷᠤᠭ ᠵᠡᠷᠭᠡ ᠠᠷᠪᠠ ᠭᠠᠷᠤᠢ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠬᠠᠮᠢᠶᠠᠷᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤ ᠨᠢ ᠪᠠᠶᠢᠴᠠᠭᠠᠨ ᠦᠵᠡᠵᠦ᠂ ᠠᠶᠢᠮᠠᠭ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠰᠤᠳᠤᠯᠭᠠᠨ ᠤ ᠲᠥᠪ ᠤᠨ ᠬᠠᠲᠤᠨ ᠭᠤᠣᠯ ᠳᠠᠭᠠᠤ ᠶᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠪᠠᠶᠢᠴᠠᠭᠠᠯᠲᠠ ᠶᠢᠨ ᠠᠵᠢᠯ ᠥᠷᠨᠢᠭᠦᠯᠦᠭᠰᠡᠨ ᠪᠠᠶᠢᠳᠠᠯ ᠢ ᠨᠠᠷᠢᠨ ᠣᠶᠢᠯᠠᠭᠠᠪᠠ᠃ ᠠᠶᠢᠮᠠᠭ ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠰᠣᠶᠣᠯ ᠤᠨ ᠥᠪ ᠤᠨ ᠰᠠᠯᠠᠭ᠎ᠠ᠂ ᠠᠶᠢᠮᠠᠭ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠰᠤᠳᠤᠯᠭᠠᠨ ᠤ ᠲᠦᠪ ᠤᠨ ᠬᠠᠷᠢᠭᠤᠴᠠᠯᠭᠠᠳᠠᠨ ᠨᠠᠷ ᠪᠠᠷ᠎ᠠ ᠪᠤᠯᠤᠨ ᠪᠠᠶᠢᠴᠠᠭᠠᠪᠠ᠃      ᠪᠠᠶᠢᠴᠠᠭᠠᠬᠤ ᠠᠵᠢᠯ ᠨᠢ ᠬᠠᠲᠤᠨ ᠭᠤᠣᠯ ᠤᠨ ᠰᠣᠶᠣᠯ ᠢ ᠰᠠᠶᠢᠲᠤᠷ ᠬᠠᠮᠠᠭᠠᠯᠠᠬᠤ ᠪᠠᠷ ᠤᠷᠢᠲᠠᠯ ᠪᠣᠯᠭᠠᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠪᠠᠷ ᠵᠣᠷᠢᠯᠭ᠎ᠠ ᠪᠣᠯᠭᠠᠨ ᠥᠷᠨᠢᠭᠦᠯᠵᠦ᠂ ᠬᠠᠲᠤᠨ ᠭᠤᠣᠯ ᠳᠠᠭᠠᠤ ᠭᠠᠵᠠᠷ ᠣᠷᠣᠨ ᠤ ᠣᠨᠴᠠᠭᠠᠶ ᠭᠠᠵᠠᠷ ᠵᠦᠢ ᠶᠢᠨ ᠣᠷᠴᠢᠨ ᠲᠣᠭᠤᠷᠢᠨ ᠪᠠ ᠬᠡᠰᠡᠭ ᠲᠡᠦᠬᠡ ᠶᠢᠨ ᠳᠤᠷᠠᠰᠬᠠᠯᠲᠤ ᠵᠦᠢᠯᠡᠰ ᠤᠨ ᠪᠠᠭᠤᠷᠢ ᠶᠢᠨ ᠬᠤᠲᠠ ᠪᠠᠯᠭᠠᠰᠤ   ᠠᠴᠠ ᠨᠡᠯᠢᠶᠡᠳ ᠣᠶᠢᠷ᠎ᠠ᠂ ᠡᠷᠬᠢᠨ ᠲᠣᠭᠤᠷᠢᠨ ᠳᠤ ᠲᠠᠷᠬᠠᠵᠤ ᠪᠠᠶᠢᠭ᠎ᠠ ᠡᠯ᠎ᠡ ᠲᠥᠷᠥᠯ ᠤᠨ ᠠᠵᠤ ᠠᠬᠤᠶᠢᠯᠠᠯ ᠨᠡᠯᠢᠶᠡᠳ ᠣᠯᠠᠨ ᠪᠠᠶᠢᠬᠤ ᠪᠠᠶᠢᠳᠠᠯ ᠳᠤ ᠴᠢᠭᠯᠡᠭᠦᠯᠦᠨ᠂ ᠮᠠᠨᠳᠠᠷᠸ᠎ᠠ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠠᠵᠢᠯ ᠤᠨ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠬᠦ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢ ᠴᠢᠩᠭᠠᠳᠬᠠᠬᠤ᠂ ᠬᠠᠮᠠᠭᠠᠯᠠᠯᠲᠠ ᠶᠢᠨ ᠡᠷᠴᠢᠮ ᠢ ᠴᠢᠩᠭᠠᠷᠠᠭᠤᠯᠬᠤ ᠵᠡᠷᠭᠡ ᠲᠠᠯ᠎ᠠ ᠶᠢᠨ ᠠᠵᠢᠯ ᠤᠨ ᠱᠠᠭᠠᠷᠳᠠᠯᠭ᠎ᠠ ᠶᠢ ᠳᠤᠷᠠᠳᠪᠠ᠃
 
ᠢᠷᠡᠯᠲᠡ᠄ ᠠᠯᠠᠱᠠ ᠠᠶᠢᠮᠠᠭ ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号