ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠬᠤᠷᠠᠯ ᠬᠤᠷᠠᠯᠳᠤᠭᠤᠯᠵᠤ ᠰᠢ ᠶᠢᠨ ᠫᠢᠩ ᠶᠡᠷᠦᠩᠬᠡᠢ ᠱᠦᠵᠢ ᠶᠢᠨ ᠬᠠᠷᠢᠭᠤ ᠵᠠᠬᠢᠳᠠᠯ ᠳᠤ ᠬᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠪᠠ
ᠨᠡᠶᠢᠲᠡᠯᠡᠭᠰᠡᠨ ᠴᠠᠭ᠄
2022/8/3
    7 ᠳ᠋ᠤᠭᠠᠷ ᠰᠠᠷ᠎ᠠ ᠶᠢᠨ 28 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠣᠷᠣᠨ ᠤ ᠰᠢᠭᠤᠳ ᠬᠠᠷᠢᠶ᠎ᠠ ᠰᠣᠶᠣᠯ ᠦᠵᠡᠰᠬᠦᠯᠡᠩ ᠤᠨ ᠰᠢᠰᠲ᠋ᠧᠮ ᠤᠨ ᠬᠤᠷᠠᠯ ᠵᠢᠴᠢ 23 ᠳ᠋ᠤᠭᠠᠷ ᠤᠳᠠᠭ᠎ᠠ ᠶᠢᠨ ᠨᠠᠮ ᠤᠨ ᠡᠭᠦᠷ ᠤᠨ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠳᠤᠮᠳᠠᠳᠤ ᠤᠯᠤᠰ ᠤᠨ ᠤᠯᠤᠰ ᠤᠨ ᠮᠦᠽᠧᠢ ᠶᠢᠨ ᠠᠬᠠᠮᠠᠳ ᠲᠤᠰᠬᠠᠢ ᠮᠡᠷᠭᠡᠵᠢᠯᠲᠡᠳ ᠲᠤ ᠬᠠᠷᠢᠭᠤ ᠵᠠᠬᠢᠳᠠᠯ ᠢᠯᠡᠭᠡᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠣᠯᠢᠯᠴᠠᠭ᠎ᠠ ᠥᠷᠨᠢᠭᠦᠯᠵᠦ᠂ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠬᠤ ᠶᠢᠨ ᠬᠠᠮᠲᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠳᠤ ᠪᠣᠳᠠᠲᠠᠢ ᠲᠣᠬᠢᠷᠠᠭᠤᠯᠤᠯᠲᠠ ᠬᠢᠪᠡ᠃ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠶᠢᠨ ᠳᠠᠷᠤᠭ᠎ᠠ ᠼᠤᠤ ᠵᠢᠶᠠᠨ ᠧᠨ ᠨᠥᠬᠦᠷ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠲᠣᠪᠴᠢᠶ᠎ᠠ ᠶᠢᠨ ᠪᠠᠶᠢᠭᠤᠯᠭ᠎ᠠ ᠶᠢᠨ ᠪᠦᠬᠦ ᠠᠵᠢᠯᠲᠠᠨ ᠵᠢᠴᠢ ᠰᠢᠭᠤᠳ ᠬᠠᠷᠢᠶ᠎ᠠ ᠨᠢᠭᠡᠴᠢ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠲᠤᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号