︽ᠳᠤᠮᠳᠠᠳᠤ ᠶᠢᠨ ᠦᠨᠳᠦᠰᠦᠲᠡᠨ ᠪᠣᠯ ᠨᠢᠭᠡ ᠭᠡᠷ ᠤᠨ ᠬᠥᠮᠥᠨ︾ ᠪᠥᠬᠦ ᠤᠯᠤᠰ ᠤᠨ ᠬᠡᠷᠡᠯ ᠵᠢᠷᠤᠭ ᠤᠨ  ᠲᠤᠭᠤᠷᠢᠨ ᠦᠵᠡᠭᠦᠯᠭᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠣᠷᠳᠣᠨ ᠳᠤ ᠪᠣᠯᠪᠠ
ᠨᠡᠶᠢᠲᠡᠯᠡᠭᠰᠡᠨ ᠴᠠᠭ᠄
2022/8/3
     7 ᠳ᠋ᠤᠭᠠᠷ ᠰᠠᠷ᠎ᠠ ᠶᠢᠨ 25 ᠤ ᠡᠳᠦᠷ᠂ ︽ᠳᠤᠮᠳᠠᠳᠤ ᠶᠢᠨ ᠦᠨᠳᠦᠰᠦᠲᠡᠨ ᠪᠣᠯ ᠨᠢᠭᠡ ᠭᠡᠷ ᠤᠨ ᠬᠥᠮᠥᠨ︾ ᠪᠥᠬᠦ ᠤᠯᠤᠰ ᠤᠨ ᠬᠡᠷᠡᠯ ᠵᠢᠷᠤᠭ ᠤᠨ ᠲᠣᠭᠤᠷᠢᠨ ᠦᠵᠡᠭᠦᠯᠭᠡ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠣᠷᠳᠣᠨ ᠳᠤ ᠳᠡᠯᠭᠡᠪᠡ᠃  ᠦᠵᠡᠭᠦᠯᠭᠡ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠳᠬ᠎ᠠ ᠤᠷᠠᠯᠢᠭ ᠤᠨ ᠬᠢᠨ ᠤ ᠬᠤᠯᠪᠤᠭᠠᠨ ᠠᠴᠠ ᠭᠤᠣᠯᠯᠠᠨ ᠡᠷᠬᠢᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠣᠷᠳᠣᠨ᠂ ᠥᠪᠥᠷ ᠮᠣᠩᠭᠤᠯ ᠤᠨ ᠭᠡᠷᠡᠯ ᠵᠢᠷᠤᠭᠴᠢᠳ ᠤᠨ ᠨᠡᠶᠢᠭᠡᠮᠯᠢᠭ ᠳᠠᠭᠠᠭᠠᠴᠢᠯᠠᠨ ᠬᠢᠵᠠᠢ᠃ ᠨᠡᠶᠢᠳᠡ 100 ᠭᠠᠷᠤᠢ ᠪᠦᠲᠦᠭᠡᠯ ᠢ ᠳᠡᠯᠭᠡᠨ ᠦᠵᠡᠭᠦᠯᠪᠡ᠃
     ᠳᠡᠯᠭᠡᠨ ᠦᠵᠡᠭᠦᠯᠦᠭᠰᠡᠨ ᠪᠦᠲᠦᠭᠡᠯ ᠤᠳ ᠪᠣᠯ ᠭᠡᠷᠡᠯ ᠵᠢᠷᠤᠭᠴᠢᠳ ᠤᠨ ᠦᠨᠳᠦᠰᠦᠨ ᠱᠠᠲᠤᠨ ᠳᠤ ᠭᠦᠨᠵᠡᠭᠡᠶᠢᠷᠡᠨ ᠲᠤᠬᠠᠢ ᠶᠢᠨ ᠭᠠᠵᠠᠷ ᠲᠤ ᠨᠢ ᠬᠦᠷᠴᠦ᠂ ᠠᠳᠠᠯᠢ ᠪᠤᠰᠤ ᠬᠠᠷᠠᠭᠠᠰᠤ ᠠᠴᠠ ᠵᠣᠬᠢᠶᠠᠨ ᠪᠦᠲᠦᠭᠡᠭᠰᠡᠨ ᠠᠮᠢᠳᠤᠷᠠᠯ ᠳᠤ ᠣᠶᠢᠷᠠᠲᠤᠭᠰᠠᠨ ᠪᠦᠲᠦᠭᠡᠯ ᠪᠣᠯᠬᠤ ᠶᠤᠮ᠃  ᠲᠡᠷᠡ ᠨᠢ56 ᠦᠨᠳᠦᠰᠦᠲᠡᠨ ᠤ ᠥᠨᠢ ᠤᠳᠠᠭᠠᠨ ᠲᠡᠦᠬᠡ᠂ ᠭᠡᠷᠡᠯ ᠰᠠᠴᠤᠷᠠᠩᠭᠤᠢ ᠰᠣᠶᠣᠯ᠂ ᠵᠠᠩ ᠦᠢᠯᠡ ᠣᠶᠣᠨ ᠰᠠᠨᠠᠭᠠᠨ ᠤ ᠳᠦᠷᠰᠦ ᠪᠠᠶᠢᠳᠠᠯ ᠢ  ᠳᠤᠰᠬᠠᠭᠰᠠᠨ᠂ ᠡᠯ᠎ᠡ ᠭᠠᠵᠠᠷ ᠤᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠪᠠ ᠨᠡᠶᠢᠭᠡᠮ ᠤᠨ ᠦᠢᠯᠡᠰ ᠤᠨ ᠬᠥᠭᠵᠢᠯᠲᠡ ᠶᠢᠨ ᠠᠮᠵᠢᠯᠲᠠ ᠪᠦᠲᠦᠮᠵᠢ ᠶᠢ ᠢᠯᠡᠷᠡᠭᠦᠯᠦᠭᠰᠡᠨ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠴᠥᠭᠡᠨ ᠲᠣᠭᠠᠲᠤ ᠦᠨᠳᠦᠰᠦᠲᠡᠨ ᠤ ᠭᠠᠵᠠᠷ ᠣᠷᠣᠨ ᠤ ᠪᠦᠯᠬᠦᠮᠳᠡᠯ ᠲᠠᠢ ᠲᠣᠭᠲᠠᠭᠤᠨ᠂ ᠴᠡᠴᠡᠭᠯᠡᠨ ᠬᠥᠭᠵᠢᠭᠰᠡᠨ ᠮᠠᠰᠢᠳᠠ ᠰᠠᠶᠢᠨ ᠪᠠᠶᠢᠳᠠᠯ ᠢ ᠬᠠᠷᠠᠭᠤᠯᠵᠠᠢ᠃ ᠪᠦᠲᠦᠭᠡᠯ ᠤᠳ ᠨᠢ ᠡᠬᠡ ᠤᠯᠤᠰ ᠤᠨ ᠶᠡᠭᠡ ᠭᠡᠷ ᠪᠦᠯᠢ ᠶᠢᠨ ᠬᠠᠯᠠᠭᠤᠨ ᠡᠯᠢᠭᠡᠨ ᠳᠤ ᠬᠢ 56 ᠦᠨᠳᠦᠰᠦᠲᠡᠨ ᠠᠨᠠᠷ ᠤᠨ ᠦᠷ᠎ᠡ ᠰᠢᠭ ᠨᠢᠭᠲᠡ ᠪᠦᠯᠬᠦᠮᠳᠡᠨ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠬᠠᠮᠲᠤ ᠪᠠᠷ ᠪᠠᠳᠠᠷᠠᠵᠤ ᠬᠦᠭᠵᠢᠨ᠂ ᠦᠨᠳᠦᠰᠦᠲᠡᠨ ᠤ ᠪᠦᠯᠬᠦᠮᠳᠡᠯ ᠢ ᠡᠷᠡᠰ ᠬᠠᠮᠠᠭᠠᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠬᠦᠰᠡᠯ ᠢ ᠪᠡᠶᠡᠯᠡᠭᠦᠯᠬᠦ ᠶᠢᠨ ᠲᠥᠯᠥᠭᠡ ᠪᠦᠯᠬᠦᠮᠳᠡᠵᠦ ᠲᠡᠮᠡᠴᠡᠬᠦ ᠢᠲᠡᠭᠡᠯ ᠵᠣᠷᠢᠭ ᠢ ᠭᠦᠢᠴᠡᠳ ᠢᠯᠡᠳᠭᠡᠪᠡ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号