︽ᠳᠤᠮᠳᠠᠳᠤ ᠶᠢᠨ ᠰᠣᠶᠣᠯ ᠢ ᠣᠶᠢᠯᠠᠭᠠᠵᠤ᠂ ᠡᠬᠡ ᠤᠯᠤᠰ ᠤᠨ ᠤᠮᠠᠷᠠᠲᠤ ᠬᠢᠯᠢ ᠪᠠᠷ ᠵᠤᠭᠠᠴᠠᠶ᠎ᠠ︾ ᠭᠡᠬᠦ ᠲᠠᠯ᠎ᠠ ᠨᠤᠲᠤᠭ ᠤᠨ ᠭᠤᠣᠯ ᠰᠡᠳᠦᠪᠲᠦ ᠰᠢᠷᠢᠰ ᠠᠵᠢᠯᠯᠠᠭ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 32 ᠳ᠋ᠤᠭᠠᠷ ᠬᠤᠭᠤᠴᠠᠭᠠᠨ ᠤ ᠵᠢᠭᠤᠯᠴᠢᠯᠠᠯ ᠤᠨ ᠨᠠᠭᠠᠳᠤᠮ ᠰᠢᠯᠢᠩᠬᠤᠲᠠ ᠳᠤ ᠦᠪᠡᠳᠡᠭᠰᠢ ᠶᠡᠭᠡ ᠪᠠᠷ ᠡᠬᠢᠯᠡᠪᠡ
ᠨᠡᠶᠢᠲᠡᠯᠡᠭᠰᠡᠨ ᠴᠠᠭ᠄
2022/8/3
    7 ᠳ᠋ᠤᠭᠠᠷ ᠰᠠᠷ᠎ᠠ ᠶᠢᠨ 29 ᠤ ᠡᠳᠦᠷ ᠤᠨ ᠦᠳᠡ ᠶᠢᠨ ᠡᠮᠦᠨ᠎ᠡ᠂ ︽ᠳᠤᠮᠳᠠᠳᠤ ᠶᠢᠨ ᠰᠣᠶᠣᠯ ᠢ ᠣᠶᠢᠯᠠᠭᠠᠵᠤ · ᠡᠬᠡ ᠤᠯᠤᠰ ᠤᠨ ᠤᠮᠠᠷᠠᠲᠤ ᠬᠢᠯᠢ ᠪᠠᠷ ᠵᠤᠭᠠᠴᠠᠶ᠎ᠠ︾ ᠲᠠᠯ᠎ᠠ ᠨᠤᠲᠤᠭ ᠤᠨ ᠭᠤᠣᠯ ᠰᠡᠳᠦᠪᠲᠦ ᠰᠢᠷᠢᠰ ᠠᠵᠢᠯᠯᠠᠭ᠎ᠠ ︱ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 32 ᠳ᠋ᠤᠭᠠᠷ ᠬᠤᠭᠤᠴᠠᠭᠠᠨ ᠤ ᠵᠢᠭᠤᠯᠴᠢᠯᠠᠯ ᠤᠨ ᠨᠠᠭᠠᠳᠤᠮ ᠰᠢᠯᠢ ᠶᠢᠨ ᠭᠤᠣᠯ ᠠᠶᠢᠮᠠᠭ ᠤᠨ ᠰᠢᠯᠢᠩᠬᠤᠲᠠ ᠳᠤ ᠦᠪᠡᠳᠡᠭᠰᠢ ᠶᠡᠭᠡ ᠪᠠᠷ ᠡᠬᠢᠯᠡᠪᠡ᠃      ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠡᠷᠡᠭᠦᠯ ᠬᠠᠮᠠᠭᠠᠯᠠᠯ ᠤᠨ ᠵᠥᠪᠯᠡᠯ ᠤᠨ ᠳᠡᠳ᠋ ᠡᠷᠬᠢᠯᠡᠭᠴᠢ ᠭᠡᠰᠢᠭᠦᠨ ᠱᠢ ᠸᠠᠨ ᠵᠢᠶᠦ᠋ᠨ ᠡᠬᠢᠯᠡᠯᠲᠡ ᠶᠢᠨ ᠶᠣᠰᠣᠯᠠᠯ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠳᠡᠳ᠋ ᠳᠠᠷᠤᠭ᠎ᠠ ᠢᠦᠢ ᡁᠢ ᠭᠦᠸᠧ ᠪᠠᠶᠠᠷ ᠤᠨ ᠦᠭᠡ ᠬᠡᠯᠡᠵᠦ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠵᠧᠦ ᠪᠢᠩ ᠵᠢᠶᠠᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃
     ᠲᠣᠰ ᠬᠤᠭᠤᠴᠠᠭᠠᠨ ᠤ ᠵᠢᠭᠤᠯᠴᠢᠯᠠᠯ ᠤᠨ ᠨᠠᠭᠠᠳᠤᠮ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ᠂ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠠᠴᠠ ᠭᠤᠣᠯᠯᠠᠨ ᠡᠷᠭᠢᠯᠡᠵᠦ᠂ ᠰᠢᠯᠢ ᠶᠢᠨ ᠭᠤᠣᠯ ᠠᠶᠢᠮᠠᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠪᠠ ᠰᠢᠯᠢᠩᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠳᠠᠭᠠᠭᠠᠴᠢᠯᠠᠨ ᠡᠷᠭᠢᠯᠡᠵᠦ᠂ ᠠᠵᠢᠯᠯᠠᠭ᠎ᠠ  ᠨᠢ 1 ᠰᠠᠷ᠎ᠠ ᠦᠷᠭᠦᠯᠵᠢᠯᠡᠨ᠎ᠡ᠃ ᠡᠨᠡ ᠬᠤᠭᠤᠴᠠᠭᠠᠨ ᠳᠤ᠂ ᠮᠣᠷᠢ ᠤᠷᠤᠯᠳᠤᠬᠤ᠂ ᠪᠥᠬᠡ ᠪᠠᠷᠢᠯᠳᠤᠬᠤ᠂ ᠰᠤᠷ ᠬᠠᠷᠪᠤᠬᠤ ᠵᠡᠷᠭᠡ ᠤᠯᠠᠮᠵᠢᠯᠠᠯᠲᠤ ᠪᠡᠶ᠎ᠡ ᠶᠢᠨ ᠲᠠᠮᠢᠷ ᠤᠨ ᠤᠷᠤᠯᠳᠤᠭᠠᠨ ᠶᠠᠪᠤᠭᠳᠠᠭᠤᠯᠬᠤ ᠢᠶᠠᠷ ᠪᠠᠷᠠᠬᠤ ᠦᠭᠡᠢ᠂ ᠪᠠᠰᠠ ᠬᠥᠳᠡᠭᠡ ᠲᠣᠰᠬᠤᠨ ᠤ ᠦᠳᠡᠰᠢᠯᠡᠭᠡ ᠪᠠ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠦᠷ᠎ᠡ ᠪᠦᠲᠦᠭᠡᠯ ᠤᠨ ᠦᠵᠡᠰᠬᠦᠯᠡᠩ᠂ ᠴᠡᠴᠡᠭ ᠰᠣᠨᠢᠷᠬᠠᠬᠤ ᠨᠠᠶᠢᠷ᠂ ᠰᠣᠶᠣᠯ ᠤᠨ ᠡᠭᠦᠳᠦᠯᠲᠡ ᠶᠢᠨ ᠨᠠᠶᠢᠷ᠂ ᠰᠠᠭᠠᠷᠠᠯ ᠮᠣᠷᠢᠨ ᠤ ᠰᠣᠶᠣᠯ ᠤᠨ ᠨᠠᠶᠢᠷ᠂ ᠲᠣᠮᠣ ᠬᠡᠯᠪᠡᠷᠢ ᠶᠢᠨ ᠪᠣᠳᠠᠲᠤ ᠦᠵᠡᠮᠵᠢ ᠶᠢᠨ ᠲᠣᠭᠯᠠᠯᠲᠠ ᠵᠡᠷᠭᠡ ᠤᠶᠤᠨ ᠤ ᠰᠣᠶᠣᠯ ᠤᠨ ᠦᠪᠡᠳᠡᠭᠰᠢ ᠳᠠᠶᠢᠯᠠᠯᠭ᠎ᠠ ᠶᠢ ᠣᠨᠴᠠᠭᠠᠶᠢᠯᠠᠨ ᠪᠡᠯᠡᠳᠭᠡᠭᠰᠡᠨ ᠪᠠᠶᠢᠨ᠎ᠠ᠃  ᠵᠢᠭᠤᠯᠴᠢᠯᠠᠭᠴᠢᠳ ᠪᠠᠰᠠ ᠲᠠᠯ᠎ᠠ ᠨᠤᠲᠤᠭ ᠤᠨ ᠵᠢᠭᠤᠯᠴᠢᠯᠠᠭᠴᠢᠳ ᠤᠨ ᠭᠤᠷᠪᠠᠨ ᠲᠦᠷᠦᠯ ᠤᠨ ᠤᠷᠤᠯᠳᠤᠭᠠᠨ᠂ ᠲᠠᠯ᠎ᠠ ᠨᠤᠲᠤᠭ ᠤᠨ ᠭᠠᠯᠲᠤ ᠠᠭᠤᠯᠠ ᠪᠠᠷ ᠥᠩᠭᠡᠷᠡᠬᠦ᠂ ᠲᠤᠭᠤᠢ ᠤᠨᠤᠬᠤ᠂ ᠶᠠᠪᠠᠭᠠᠨ ᠶᠠᠪᠤᠬᠤ᠂ ᠮᠣᠷᠢᠨ ᠰᠫᠣᠷᠲ᠂ ᠰᠥᠨᠢ ᠶᠢᠨ ᠵᠤᠭᠠᠴᠠᠯ ᠵᠡᠷᠭᠡ ᠴᠠᠭ ᠤᠨ ᠤᠷᠤᠰᠬᠠᠯ ᠪᠦᠬᠦᠢ ᠪᠡᠶ᠎ᠡ ᠶᠢᠨ ᠲᠠᠮᠢᠷ ᠤᠨ ᠤᠷᠤᠯᠳᠤᠭᠠᠨ ᠳᠤ ᠣᠷᠤᠯᠴᠠᠵᠤ᠂ ᠪᠤᠬ᠎ᠠ ᠲᠡᠷᠭᠡ᠂ ᠳᠠᠭᠤᠤ ᠬᠥᠭᠵᠢᠮ᠂ ᠠᠶᠠᠯᠠᠯ ᠤᠨ ᠵᠢᠷᠤᠭᠯᠠᠯ᠂ ᠬᠡᠭᠡᠷ᠎ᠡ ᠪᠠᠭᠤᠳᠠᠯᠯᠠᠬᠤ᠂ ᠪᠢᠰᠢᠯᠠᠭ ᠤᠨ ᠢᠳᠡᠭᠡᠨ ᠢ ᠰᠢᠯᠭᠠᠬᠤ᠂ ᠥᠨᠳᠥᠷ ᠣᠭᠲᠠᠷᠭᠤᠢ ᠠᠴᠠ ᠰᠢᠬᠦᠷ ᠢᠶᠠᠷ ᠪᠠᠭᠤᠬᠤ ᠵᠡᠷᠭᠡ ᠣᠨᠴᠠᠯᠢᠭᠲᠤ ᠠᠵᠢᠯᠯᠠᠭ᠎ᠠ ᠶᠢ ᠪᠡᠶᠡᠴᠢᠯᠡᠨ ᠣᠶᠢᠯᠠᠭᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠣᠶᠢᠯᠠᠭᠠᠬᠤ ᠶᠢᠨ ᠬᠠᠮᠲᠤ ᠡᠬᠡ ᠤᠯᠤᠰ ᠤᠨ ᠤᠮᠠᠷᠠᠲᠤ ᠬᠢᠯᠢ ᠪᠠᠷ ᠵᠤᠭᠠᠴᠠᠵᠤ᠂ ᠠᠮᠲᠠᠲᠤ ᠢᠳᠡᠭᠡᠨ ᠢ ᠢᠳᠡᠵᠦ᠂ ᠭᠤᠶᠤ ᠦᠵᠡᠮᠵᠢ ᠶᠢ ᠰᠣᠨᠢᠷᠬᠠᠵᠤ᠂ ᠰᠢᠯᠢ ᠶᠢᠨ ᠭᠤᠣᠯ ᠤᠨ ᠲᠠᠯ᠎ᠠ ᠨᠤᠲᠤᠭ ᠤᠨ ᠥᠪᠡᠷᠮᠢᠴᠡ ᠷᠢᠳᠢ ᠰᠢᠳᠢ ᠶᠢ ᠤᠶᠢᠯᠠᠭᠠᠵᠤ ᠪᠤᠯᠤᠨ᠎ᠠ᠃
     ᠣᠶᠢᠯᠠᠭᠠᠭᠰᠠᠨ ᠢᠶᠠᠷ᠂ ᠲᠤᠰ ᠬᠤᠭᠤᠴᠠᠭᠠᠨ ᠤ ᠨᠠᠭᠠᠳᠤᠮ ᠨᠢ ︽ᠳᠤᠮᠳᠠᠳᠤ ᠶᠢᠨ ᠰᠣᠶᠣᠯ ᠢ ᠣᠶᠢᠯᠠᠭᠠᠵᠤ᠂ ᠡᠬᠡ ᠤᠯᠤᠰ ᠤᠨ ᠤᠮᠠᠷᠠᠲᠤ ᠬᠢᠯᠢ ᠪᠠᠷ ᠵᠤᠭᠠᠴᠠᠶ᠎ᠠ︾ ᠪᠠᠷ ᠭᠤᠣᠯ ᠰᠡᠳᠦᠪ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠶᠡᠭᠡ ᠪᠠᠷ ᠪᠠᠳᠠᠷᠠᠭᠤᠯᠵᠤ᠂ ᠰᠣᠶᠣᠯ ᠪᠠ  ᠵᠢᠭᠤᠯᠴᠢᠯᠠᠯ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠵᠤ᠂ ᠥᠷᠭᠡᠨ ᠤᠯᠠᠨ ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠪᠠᠶᠠᠷᠯᠠᠨ ᠤᠭᠲᠤᠬᠤ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠪᠠ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号