ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠬᠠᠭᠤᠴᠢ ᠰᠤᠳᠤᠯᠤᠯ ᠤᠨ ᠰᠤᠳᠤᠯᠭᠠᠨ ᠤ ᠬᠦᠷᠢᠶᠡᠯᠡᠩ ᠤᠨ ᠨᠠᠮ ᠤᠨ ᠡᠭᠦᠷ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ 2023 ᠣᠨ ᠤ ᠪᠥᠬᠦ ᠤᠯᠤᠰ ᠤᠨ ᠰᠣᠶᠣᠯ ᠪᠠ ᠵᠢᠭᠤᠯᠴᠢᠯᠠᠯ ᠤᠨ ᠲᠢᠩᠬᠢᠮ ᠲᠣᠪᠴᠢᠶ᠎ᠠ  ᠶᠢᠨ ᠳᠠᠷᠤᠭ᠎ᠠ ᠵᠢᠴᠢ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠶᠢᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ
ᠨᠡᠶᠢᠲᠡᠯᠡᠭᠰᠡᠨ ᠴᠠᠭ᠄
2023/1/13
     1 ᠳ᠋ᠦ᠋ᠭᠡᠷ ᠰᠠᠷ᠎ᠠ ᠶᠢᠨ 6 ᠤ ᠡᠳᠦᠷ ᠤᠨ ᠦᠳᠡ ᠶᠢᠨ ᠡᠮᠦᠨ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠬᠠᠭᠤᠴᠢ ᠰᠤᠳᠤᠯᠤᠯ ᠤᠨ ᠰᠤᠳᠤᠯᠭᠠᠨ ᠤ ᠬᠦᠷᠢᠶᠡᠯᠡᠩ ᠤᠨ ᠨᠠᠮ ᠤᠨ ᠡᠭᠦᠷ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ᠂ 2023 ᠣᠨ ᠤ ᠪᠥᠬᠦ ᠤᠯᠤᠰ ᠤᠨ ᠰᠣᠶᠣᠯ ᠪᠠ ᠵᠢᠭᠤᠯᠴᠢᠯᠠᠯ ᠤᠨ ᠲᠢᠩᠬᠢᠮ ᠲᠣᠪᠴᠢᠶ᠎ᠠ ᠶᠢᠨ ᠳᠠᠷᠤᠭ᠎ᠠ᠂ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠶᠢᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠵᠢᠴᠢ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠤᠣᠯᠳᠠᠯᠭ᠎ᠠ ᠲᠠᠢ ᠤᠯᠠᠮᠵᠢᠯᠠᠨ ᠰᠤᠷᠤᠯᠴᠠᠪᠠ᠃ ᠬᠦᠷᠢᠶᠡᠯᠡᠩ ᠤᠨ ᠤᠳᠤᠷᠢᠳᠤᠯᠭ᠎ᠠ᠂ ᠨᠠᠮ ᠤᠨ ᠡᠭᠦᠷ ᠤᠨ ᠭᠡᠰᠢᠭᠦᠨ᠂ ᠵᠠᠩᠭᠢᠯᠠᠭ᠎ᠠ ᠶᠢᠨ ᠺᠠᠳ᠋ᠷᠴᠤᠳ ᠰᠦᠯᠵᠢᠶᠡᠨ ᠳᠡᠭᠡᠷ᠎ᠡ ᠪᠠ ᠰᠦᠯᠵᠢᠶᠡᠨ ᠤ ᠭᠠᠳᠠᠨᠠᠬᠢ ᠶᠢ ᠤᠶᠠᠯᠳᠤᠭᠤᠯᠤᠭᠰᠠᠨ ᠠᠷᠭ᠎ᠠ ᠮᠠᠶ᠋ᠢᠭ ᠢᠶᠠᠷ ᠬᠤᠷᠠᠯ ᠳᠤ ᠣᠷᠣᠯᠴᠠᠵᠠᠢ᠃
     ᠬᠤᠷᠠᠯ ᠠᠴᠠ ᠪᠦᠬᠦ ᠤᠯᠤᠰ ᠤᠨ ᠰᠣᠶᠣᠯ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠤᠷᠠᠯ ᠵᠢᠴᠢ ᠬᠠᠮᠢᠶ᠎ᠠ ᠪᠦᠬᠦᠢ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠤᠯᠠᠮᠵᠢᠯᠠᠪᠠ᠃ ᠡᠭᠦᠨ ᠤ ᠬᠠᠮᠲᠤ᠂ ︽ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠬᠠᠮᠢᠶᠠᠷᠤᠯᠲᠠ ᠶᠢ ᠴᠢᠩᠭᠠᠳᠬᠠᠬᠤ᠂ ᠦᠨ᠎ᠡ ᠥᠷᠲᠡᠭ ᠢ ᠠᠭᠤᠳᠠᠯᠬᠤ᠂ ᠪᠦᠲᠦᠮᠵᠢᠲᠡᠶ ᠠᠰᠢᠭᠯᠠᠬᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠠᠮᠢᠯᠠᠭᠤᠯᠬᠤ︾ ᠰᠢᠨ᠎ᠡ ᠴᠠᠭ ᠦᠶ᠎ᠡ ᠶᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠠᠵᠢᠯ ᠤᠨ ᠴᠢᠭᠯᠡᠯᠲᠡ ᠶᠢᠨ ᠲᠣᠭᠤᠷᠢᠨ ᠳᠤ᠂ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠬᠠᠭᠤᠴᠢ ᠰᠤᠳᠤᠯᠤᠯ ᠤᠨ ᠰᠤᠳᠤᠯᠭᠠᠨ ᠤ ᠬᠦᠷᠢᠶᠡᠯᠡᠩ ᠤᠨ 2023 ᠣᠨ ᠤ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠵᠢᠴᠢ ᠰᠢ ᠶᠢᠨ ᠫᠢᠩ ᠶᠡᠷᠦᠩᠬᠡᠢ ᠱᠦᠵᠢ ᠶᠢᠨ ᠲᠡᠦᠬᠡ ᠶᠢᠨ ᠳᠤᠷᠠᠰᠬᠠᠯᠲᠤ ᠵᠦᠢᠯᠡᠰ ᠬᠠᠭᠤᠴᠢ ᠰᠤᠳᠤᠯᠤᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠰᠠᠶᠢᠲᠤᠷ ᠤᠬᠠᠭᠤᠯᠵᠤ᠂ ᠰᠠᠶᠢᠲᠤᠷ ᠲᠤᠭᠤᠰᠢᠯᠠᠭᠤᠯᠤᠨ᠂ ᠰᠠᠶᠢᠲᠤᠷ ᠨᠠᠶᠢᠳᠠᠪᠤᠷᠢᠵᠢᠭᠤᠯᠬᠤ ᠳᠤ ᠰᠢᠨ᠎ᠡ ᠠᠷᠭ᠎ᠠ ᠬᠡᠮᠵᠢᠶ᠎ᠡ ᠰᠢᠨ᠎ᠡ ᠠᠮᠵᠢᠯᠲᠠ ᠪᠦᠲᠦᠮᠵᠢ ᠪᠣᠯᠣᠨ ᠰᠢᠨ᠎ᠡ ᠠᠷᠭ᠎ᠠ ᠪᠠᠷᠢᠯ ᠲᠠᠢ ᠪᠠᠶᠢᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠠᠵᠢᠯ ᠤᠨ ᠴᠢᠭᠯᠡᠯᠲᠡ ᠶᠢ ᠨᠠᠷᠢᠨ ᠬᠢᠨᠠᠮᠠᠭᠠᠢ ᠬᠡᠷᠡᠭᠵᠢᠭᠦᠯᠵᠦ᠂ ᠬᠠᠭᠤᠴᠢ ᠰᠤᠳᠤᠯᠤᠯ ᠤᠨ ᠰᠤᠳᠤᠯᠭᠠᠨ ᠪᠣᠯᠣᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠦᠢᠯᠡᠰ ᠤᠨ ᠢᠮᠠᠭᠲᠠ ᠵᠥᠪ ᠴᠢᠭᠯᠡᠯ ᠢᠶᠠᠷ ᠤᠷᠤᠭᠰᠢᠯᠠᠬᠤ ᠶᠢ ᠪᠠᠲᠤᠯᠠᠬᠤ ᠬᠡᠷᠡᠭᠲᠡᠢ︔ ᠲᠡᠦᠬᠡ ᠶᠢᠨ ᠢᠲᠡᠭᠡᠯ᠂ ᠰᠣᠶᠣᠯ ᠤᠨ ᠢᠲᠡᠭᠡᠯ ᠢᠶᠠᠨ ᠤᠯᠠᠮ ᠴᠢᠨᠠᠭᠰᠢᠳᠠ ᠪᠠᠲᠤᠳᠬᠠᠵᠤ᠂ ᠬᠠᠭᠤᠴᠢ ᠰᠤᠳᠤᠯᠤᠯ ᠤᠨ ᠰᠤᠳᠤᠯᠭᠠᠨ ᠤ ᠠᠵᠢᠯ ᠢᠶᠠᠷ ᠳᠠᠮᠵᠢᠭᠠᠳ ᠮᠠᠯᠲᠠᠵᠤ ᠭᠠᠷᠭᠠᠭᠰᠠᠨ ᠲᠡᠦᠬᠡ ᠶᠢᠨ ᠳᠤᠷᠠᠰᠬᠠᠯᠲᠤ ᠵᠦᠢᠯᠡᠰ ᠤᠨ ᠥᠪᠡᠷᠮᠢᠴᠡ ᠲᠡᠦᠬᠡ ᠶᠢᠨ ᠭᠡᠷᠡᠴᠢᠯᠡᠯᠲᠡ ᠶᠢᠨ ᠴᠢᠨᠠᠷ ᠪᠣᠯᠣᠨ ᠦᠷᠳᠡᠭ ᠤᠨ ᠪᠠᠶᠠᠯᠢᠭ ᠴᠢᠨᠠᠷ ᠢ ᠦᠷᠭᠦᠯᠵᠢᠯᠡᠨ ᠠᠭᠤᠳᠠᠯᠵᠤ᠂ ᠦᠨᠳᠦᠰᠦᠲᠡᠨ ᠤ ᠢᠲᠡᠭᠡᠯ ᠪᠣᠯᠣᠨ ᠣᠮᠣᠭᠰᠢᠯᠲᠤ ᠰᠡᠳᠬᠢᠯᠭᠡ ᠶᠢ ᠨᠡᠮᠡᠭᠳᠡᠭᠦᠯᠬᠦ ᠬᠡᠷᠡᠭᠲᠡᠢ︔ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠢᠶᠠᠨ ᠡᠷᠴᠢᠮᠵᠢᠭᠦᠯᠵᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠠᠶᠤᠯ ᠦᠭᠡᠢ ᠶᠢᠨ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ ᠭᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠢᠮᠠᠭᠲᠠ ᠪᠠᠷᠢᠮᠲᠠᠯᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ ᠬᠡᠷᠡᠭᠲᠡᠢ᠃ ᠬᠠᠭᠤᠴᠢ ᠰᠤᠳᠤᠯᠤᠯ ᠤᠨ ᠴᠢᠳᠠᠪᠤᠷᠢ ᠶᠢᠨ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ᠂ ᠳᠡᠭᠡᠳᠦ ᠰᠤᠷᠭᠠᠭᠤᠯᠢ ᠶᠢᠨ ᠬᠠᠮᠢᠶ᠎ᠠ ᠪᠦᠬᠦᠢ ᠰᠢᠨᠵᠢᠯᠡᠭᠡᠨ ᠤ ᠰᠠᠯᠠᠭ᠎ᠠ ᠲᠠᠢ ᠬᠠᠮᠲᠤᠷᠠᠨ ᠪᠣᠭᠤᠮᠲᠠ ᠰᠢᠪᠲᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠭᠤᠴᠢ ᠰᠤᠳᠤᠯᠤᠯ ᠤᠨ ᠬᠡᠷᠡᠭᠯᠡᠭᠡ᠂ ᠴᠢᠳᠠᠪᠤᠷᠢᠲᠠᠨ ᠢ ᠬᠥᠮᠥᠵᠢᠭᠦᠯᠬᠦ ᠶᠢ ᠲᠦᠷᠭᠡᠳᠬᠡᠵᠦ᠂ ᠳᠤᠲᠠᠭᠤᠳᠠᠯ ᠢ ᠠᠯᠢ ᠲᠦᠷᠭᠡᠨ ᠢᠶᠠᠷ ᠨᠥᠬᠦᠪᠦᠷᠢᠯᠡᠬᠦ ᠬᠡᠷᠡᠭᠲᠡᠢ︔ ︽ᠬᠠᠭᠤᠴᠢ ᠰᠤᠳᠤᠯᠤᠯ ᠤᠨ ᠳᠤᠮᠳᠠᠳᠤ ᠤᠯᠤᠰ︾ ᠤᠨ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠ ᠪᠣᠶᠢᠵᠢᠭᠤᠯᠤᠯᠲᠠ ᠶᠢ ᠲᠦᠯᠬᠢᠨ ᠠᠬᠢᠭᠤᠯᠬᠤ ᠶᠢ ᠥᠨᠳᠥᠷ ᠪᠠᠷᠢᠮᠵᠢᠶ᠎ᠠ ᠪᠠᠷ ᠴᠢᠩᠭ᠎ᠠ ᠱᠠᠭᠠᠷᠳᠠᠵᠤ᠂ ᠬᠢᠯᠢ ᠬᠢᠵᠠᠭᠠᠷ ᠣᠷᠣᠨ ᠤ ᠳᠤᠮᠳᠠᠳᠤ ᠶᠢᠨ ᠪᠣᠯᠪᠠᠰᠤᠨ ᠤ ᠨᠢᠭᠡ ᠴᠣᠭᠴᠠᠵᠢᠯᠲᠠ ᠶᠢᠨ ᠠᠬᠢᠴᠠ ᠳᠤ ᠦᠵᠡᠭᠦᠯᠦᠭᠰᠡᠨ ᠥᠪᠡᠷᠮᠢᠴᠡ ᠦᠢᠯᠡᠳᠦᠯ ᠢ ᠢᠯᠡᠷᠡᠭᠦᠯᠬᠦ ᠬᠡᠷᠡᠭᠲᠡᠢ︔ ᠮᠣᠩᠭᠤᠯ ᠤᠯᠤᠰ᠂ ᠤᠷᠤᠰ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠲᠠᠬᠢᠨ ᠡᠬᠢᠯᠡᠭᠦᠯᠵᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠭᠡᠭᠡᠯᠲᠡᠯᠢᠭ ᠰᠢᠨ᠎ᠡ ᠪᠠᠶᠢᠷᠢᠰᠢᠯ ᠢ ᠪᠤᠢ ᠪᠣᠯᠭᠠᠬᠤ ᠬᠡᠷᠡᠭᠲᠡᠢ︔ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠵᠥᠪ ᠣᠶᠢᠯᠠᠭᠠᠭᠳᠠᠬᠤᠨ ᠢ ᠪᠠᠷᠢᠮᠲᠠᠯᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠦᠨ᠎ᠡ ᠦᠷᠳᠡᠭ ᠤᠨ ᠲᠤᠬᠠᠢ ᠰᠤᠳᠤᠯᠭᠠᠨ ᠪᠠ ᠲᠠᠶᠢᠯᠪᠤᠷᠢᠯᠠᠯᠲᠠ ᠶᠢ ᠴᠢᠩᠭᠠᠳᠬᠠᠨ᠂ ︽ᠬᠠᠮᠠᠭᠠᠯᠠᠬᠤ ᠶᠢ ᠲᠡᠷᠢᠭᠦᠨ ᠳᠤ ᠲᠠᠯᠪᠢᠬᠤ︾ ᠤᠷᠢᠲᠠᠯ ᠳᠣᠣᠷ᠎ᠠ ︽ᠪᠦᠲᠦᠮᠵᠢᠲᠡᠢ ᠠᠰᠢᠭᠯᠠᠵᠤ︾ ᠂ ︽ᠲᠡᠦᠬᠡ ᠶᠢᠨ ᠳᠤᠷᠠᠰᠬᠠᠯᠲᠤ ᠵᠦᠢᠯᠡᠰ ᠢ ᠠᠮᠢᠯᠠᠭᠤᠯᠬᠤ︾ ᠪᠠᠷ ᠳᠠᠮᠵᠢᠭᠤᠯᠤᠨ ᠬᠠᠮᠠᠭᠠᠯᠠᠬᠤ ᠪᠠ ᠬᠥᠭᠵᠢᠭᠦᠯᠬᠦ ᠶᠢᠨ ︽ᠬᠤᠣᠰ ᠢᠯᠠᠯᠲᠠ︾ ᠶᠢ ᠪᠡᠶᠡᠯᠡᠭᠦᠯᠬᠦ ᠬᠡᠷᠡᠭᠲᠡᠢ ᠭᠡᠪᠡ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠬᠠᠭᠤᠴᠢ ᠰᠤᠳᠤᠯᠤᠯ ᠤᠨ ᠰᠤᠳᠤᠯᠭᠠᠨ ᠤ ᠬᠦᠷ᠊
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号