ᠬᠤᠩᠱᠠᠨ ᠲᠣᠭᠤᠷᠢᠭ ᠤᠨ ᠨᠣᠮ ᠤᠨ ᠰᠠᠩ ᠨᠣᠮ ᠤᠨ ᠴᠠᠭᠠᠨ ᠪᠤᠶᠠᠨ ᠢᠪᠡᠭᠡᠵᠦ ᠤᠶᠤᠨ ᠰᠠᠨᠠᠭᠠᠨ ᠤ ᠭᠡᠷ ᠣᠷᠣᠨ ᠢ ᠴᠣᠭᠴᠠᠯᠠᠨ ᠪᠠᠶᠢᠭᠤᠯᠪᠠ
ᠨᠡᠶᠢᠲᠡᠯᠡᠭᠰᠡᠨ ᠴᠠᠭ᠄
2023/1/19
     ᠨᠣᠮ ᠭᠡᠭᠴᠢ ᠲᠡᠦᠬᠡ ᠶᠢᠨ ᠭᠡᠷᠡᠴᠢᠯᠡᠭᠴᠢ᠂ ᠦᠵᠡᠯ ᠰᠠᠨᠠᠭᠠᠨ ᠤ ᠤᠯᠠᠮᠵᠢᠯᠠᠭᠴᠢ᠂ ᠬᠠᠶᠢᠷ᠎ᠠ ᠰᠡᠳᠬᠢᠯᠭᠡ ᠶᠢᠨ ᠢᠯᠡᠳᠬᠡᠭᠴᠢ᠂ ᠳᠤᠮᠳᠠᠳᠤ ᠶᠢᠨ ᠰᠣᠶᠣᠯ ᠢ ᠤᠯᠠᠮᠵᠢᠯᠠᠨ ᠵᠠᠯᠭᠠᠮᠵᠢᠯᠠᠬᠤ ᠠᠴᠢᠶᠠᠯᠠᠭᠴᠢ ᠪᠣᠯᠳᠠᠭ᠃ ᠣᠶᠢᠷ᠎ᠠ ᠶᠢᠨ ᠵᠢᠯ ᠠᠴᠠ ᠨᠠᠭᠠᠰᠢ᠂ ᠬᠤᠩᠱᠠᠨ ᠲᠣᠭᠤᠷᠢᠭ ᠤᠨ ᠨᠣᠮ ᠤᠨ ᠰᠠᠩ ᠤᠩᠰᠢᠭᠤ ᠶᠢᠨ ᠦᠢᠯᠡᠴᠢᠯᠡᠭᠡᠨ ᠤ ᠠᠭᠤᠯᠭ᠎ᠠ ᠶᠢ ᠲᠡᠭᠦᠯᠳᠡᠷᠵᠢᠭᠦᠯᠬᠦ᠂ ᠤᠩᠰᠢᠭᠤ ᠶᠢ ᠳᠡᠯᠭᠡᠷᠡᠭᠦᠯᠬᠦ ᠠᠷᠭ᠎ᠠ ᠵᠠᠮ ᠢ ᠥᠷᠭᠡᠳᠬᠡᠬᠦ᠂ ᠤᠩᠰᠢᠭᠤ ᠶᠢ ᠳᠡᠯᠭᠡᠷᠡᠭᠦᠯᠬᠦ ᠰᠢᠨ᠎ᠡ ᠵᠠᠭᠪᠤᠷ ᠢ ᠰᠦᠪᠡᠭᠴᠢᠯᠡᠬᠦ ᠵᠡᠷᠭᠡ ᠠᠵᠢᠯ ᠳᠤ ᠲᠠᠰᠤᠷᠠᠯᠲᠠ ᠦᠭᠡᠢ ᠬᠦᠴᠦᠯᠡᠵᠦ᠂ ᠤᠯᠠᠨ ᠲᠦᠮᠡᠨ ᠤ ᠤᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠬᠠᠮᠲᠤ ᠠᠮᠢᠳᠤᠷᠠᠯ ᠢ ᠨᠡᠩ ᠰᠢᠯᠦᠭᠯᠢᠭ ᠪᠣᠯᠭᠠᠨ᠂ ᠡᠭᠦᠨ ᠤ ᠤᠯᠠᠮ ᠠᠴᠠ ᠰᠣᠶᠣᠯ ᠤᠨ ᠬᠦᠷᠲᠡᠮᠵᠢᠲᠦ ᠲᠥᠷᠥᠭᠳᠡᠯ ᠪᠠ ᠵᠣᠯ ᠵᠢᠷᠭᠠᠯᠲᠤ ᠲᠥᠷᠥᠭᠳᠡᠯ ᠢ ᠨᠡᠮᠡᠭᠳᠡᠭᠦᠯᠪᠡ᠃      2017 ᠣᠨ ᠳᠤ᠂ ᠬᠤᠩᠱᠠᠨ ᠲᠣᠭᠤᠷᠢᠭ ᠤᠨ ᠨᠣᠮ ᠤᠨ ᠰᠠᠩ ᠬᠤᠩᠱᠠᠨ ᠲᠣᠭᠤᠷᠢᠭ ᠤᠨ ᠬᠠᠳᠠᠭ ᠵᠡᠭᠡᠯᠢ ᠶᠢᠨ ᠳᠤᠮᠳᠠ ᠬᠡᠰᠡᠭ ᠲᠤ ᠨᠡᠭᠦᠵᠦ᠂ ᠪᠥᠬᠦ ᠵᠢᠯ ᠢᠶᠠᠷ ᠲᠦᠯᠦᠪᠦᠷᠢ ᠦᠭᠡᠢ ᠪᠠᠷ ᠨᠡᠭᠡᠭᠡᠬᠦ ᠳᠦᠷᠢᠮ ᠢ ᠬᠡᠷᠡᠭᠵᠢᠭᠦᠯᠵᠡᠢ᠃ ᠨᠣᠮ ᠤᠨ ᠰᠠᠩ ᠳᠤ ᠨᠣᠮ ᠵᠢᠭᠡᠯᠡᠭᠦᠯᠬᠦ ᠲᠠᠰᠤᠭ᠂ ᠤᠩᠰᠢᠬᠤ ᠲᠠᠰᠤᠭ᠂ ᠡᠯᠧᠺᠲᠷᠣᠨ ᠢᠶᠠᠷ ᠤᠩᠰᠢᠬᠤ ᠲᠠᠰᠤᠭ᠂ ᠡᠷᠲᠡᠨ ᠤ ᠨᠣᠮ ᠪᠢᠴᠢᠭ ᠤᠨ ᠲᠠᠰᠤᠭ᠂ ᠣᠷᠣᠨ ᠨᠤᠲᠤᠭ ᠤᠨ ᠰᠤᠷᠪᠤᠯᠵᠢ ᠪᠢᠴᠢᠭ ᠤᠨ ᠲᠠᠰᠤᠭ᠂ ᠮᠡᠳᠡᠭᠦᠯᠦᠯᠲᠡ ᠶᠢᠨ ᠲᠠᠩᠭᠢᠮ᠂ ᠲᠣᠭᠠᠵᠢᠭᠤᠯᠤᠭᠰᠠᠨ ᠰᠣᠭᠲᠤᠭᠤᠷᠠᠬᠤᠶᠢᠴᠠ ᠪᠡᠶᠡᠴᠢᠯᠡᠨ ᠣᠶᠢᠯᠠᠭᠠᠬᠤ ᠣᠷᠳᠣᠨ ᠵᠡᠷᠭᠡ ᠦᠢᠯᠡᠴᠢᠯᠡᠭᠡᠨ ᠤ ᠲᠦᠷᠦᠯ ᠵᠦᠢᠯ ᠪᠠᠶᠢᠳᠠᠭ᠃ ᠴᠢᠯᠦᠭᠡᠲᠦ ᠠᠰᠢᠭᠯᠠᠬᠤ ᠨᠣᠮ ᠪᠢᠴᠢᠭ᠂ ᠬᠤᠭᠤᠴᠠᠭᠠᠲᠤ ᠰᠡᠳᠬᠦᠯ 3 ᠲᠦᠮᠡ ᠭᠠᠷᠤᠢ ᠳᠡᠪᠲᠡᠷ᠂ ᠬᠠᠳᠠᠭᠠᠯᠠᠵᠤ ᠪᠠᠶᠢᠭ᠎ᠠ ᠴᠠᠭᠠᠰᠤᠨ ᠰᠤᠷᠪᠤᠯᠵᠢ ᠪᠢᠴᠢᠭ 28 ᠲᠦᠮᠡ ᠭᠠᠷᠤᠢ ᠳᠡᠪᠲᠡᠷ ︵ᠮᠠᠲ᠋ᠧᠷᠢᠶᠠᠯ︶ ᠪᠤᠢ᠂ ᠡᠭᠦᠨ ᠳᠤ ᠡᠷᠲᠡᠨ ᠤ ᠨᠣᠮ ᠪᠢᠴᠢᠭ ᠤᠨ ᠤᠲᠠᠰᠤ ᠪᠠᠷ ᠳᠡᠪᠲᠡᠷᠯᠡᠭᠰᠡᠨ ᠨᠣᠮ 6500 ᠳᠡᠪᠲᠡᠷ᠂ ᠬᠤᠭᠤᠴᠠᠭᠠᠲᠤ ᠰᠡᠳᠬᠦᠯ 120 ᠭᠠᠷᠤᠢ ᠵᠦᠢᠯ᠂ ᠰᠣᠨᠢᠨ 11 ᠵᠦᠢᠯ᠂ ᠡᠯᠧᠺᠲᠷᠣᠨ ᠰᠤᠷᠪᠤᠯᠵᠢ ᠪᠢᠴᠢᠭ 5 ᠲᠦᠮᠡᠨ ᠳᠡᠪᠲᠡᠷ᠂ ᠰᠣᠨᠤᠰᠳᠠᠭ ᠨᠣᠮ ᠪᠠ ᠸᠢᠳᠢᠤ᠋ ᠶᠢᠨ ᠲᠣᠭᠠᠲᠤ ᠡᠬᠢ ᠪᠠᠶᠠᠯᠢᠭ ᠤᠨ ᠳ᠋ᠠᠶᠢᠲ᠋ᠠ ᠶᠢᠨ ᠬᠡᠮᠵᠢᠶ᠎ᠡ 50TB ᠪᠣᠶ᠃      ᠨᠣᠮ ᠤᠨ ᠰᠠᠩ ᠪᠣᠯ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠴᠣᠩᠬᠤ ᠪᠣᠯᠳᠠᠭ᠂ ᠨᠡᠩ ᠴᠤ ᠲᠤᠬᠠᠢ ᠶᠢᠨ ᠭᠠᠵᠠᠷ ᠤᠨ ᠪᠣᠯᠪᠠᠰᠤᠨ ᠤ ᠪᠠᠶᠢᠭᠤᠯᠤᠯᠲᠠ ᠶᠢᠨ ᠭᠤᠣᠯ ᠵᠢᠭᠰᠠᠭᠠᠯ ᠤᠨ ᠭᠠᠵᠠᠷ ᠪᠣᠯᠳᠠᠭ᠃ ᠬᠤᠩᠱᠠᠨ ᠲᠣᠭᠤᠷᠢᠭ ᠤᠨ ᠨᠣᠮ ᠤᠨ ᠰᠠᠩ ᠤᠨ ᠥᠷᠨᠢᠭᠦᠯᠦᠭᠰᠡᠨ      ︽ᠴᠠᠭᠠᠨ ᠰᠠᠷ᠎ᠠ ᠶᠢᠨ ᠬᠤᠣᠰ ᠤᠶᠠᠩᠭ᠎ᠠ︾ ᠶᠢᠨ ᠱᠠᠩᠨᠠᠯᠲᠤ ᠣᠨᠢᠰᠤᠭ᠎ᠠ ᠲᠠᠭᠠᠬᠤ ᠠᠵᠢᠯᠯᠠᠭ᠎ᠠ᠂ ︽ᠢᠩᠭᠡᠨ ᠭᠤᠣᠯ ᠦᠩᠭᠡ ᠪᠠᠳᠠᠷᠠᠨ  ᠴᠠᠭ ᠦᠶ᠎ᠡ ᠪᠠᠨ ᠮᠠᠭᠲᠠᠨ ᠳᠠᠭᠤᠯᠠᠨ᠎ᠠ︾ ᠤᠯᠠᠭᠠᠨᠬᠠᠳᠠ ᠣᠷᠣᠨ ᠤ ᠠᠩᠬ᠎ᠠ ᠪᠦᠲᠦᠭᠡᠭᠰᠡᠨ ᠣᠲᠣ ᠦᠶ᠎ᠡ ᠶᠢᠨ ᠰᠢᠯᠦᠭ ᠤᠨ ᠵᠣᠬᠢᠶᠠᠯ ᠡᠯᠰᠡᠬᠦ ᠤᠷᠤᠯᠳᠤᠭᠠᠨ᠂    ︽ᠰᠣᠶᠣᠯ ᠤᠨ ᠶᠡᠭᠡ ᠬᠢᠴᠢᠶᠡᠯ ᠤᠨ ᠲᠠᠩᠬᠢᠮ︾ ᠵᠡᠷᠭᠡ ᠰᠣᠶᠣᠯ ᠤᠨ ᠠᠵᠢᠯᠯᠠᠭ᠎ᠠ ᠨᠢ ᠨᠢᠭᠡᠨᠲᠡ ᠬᠤᠩᠱᠠᠨ ᠣᠷᠣᠨ ᠤ ᠭᠤᠶᠢᠲᠠ ᠰᠠᠶᠢᠬᠠᠨ ᠰᠣᠶᠣᠯ ᠤᠨ ᠨᠡᠷ᠎ᠡ ᠶᠢᠨ ᠬᠠᠭᠤᠳᠠᠰᠤ ᠪᠤᠯᠵᠠᠢ᠃      ᠬᠤᠩᠱᠠᠨ ᠲᠣᠭᠤᠷᠢᠭ ᠤᠨ ᠨᠣᠮ ᠤᠨ ᠰᠠᠩ ᠤᠩᠰᠢᠭᠴᠢᠳ ᠲᠤ ᠰᠠᠶᠢᠲᠤᠷ ᠦᠢᠯᠡᠴᠢᠯᠡᠬᠦ ᠶᠢᠨ ᠬᠠᠮᠲᠤ᠂ ᠤᠯᠠᠨ ᠠᠷᠭ᠎ᠠ ᠵᠠᠮ ᠢᠶᠠᠷ  ᠤᠩᠰᠢᠬᠤ ᠶᠢ ᠳᠡᠯᠭᠡᠷᠡᠭᠦᠯᠬᠦ ᠠᠵᠢᠯ ᠢ ᠦᠷᠨᠢᠭᠦᠯᠪᠡ᠃ ᠬᠤᠩᠱᠠᠨ ᠲᠣᠭᠤᠷᠢᠭ ᠤᠨ ᠨᠣᠮ ᠤᠨ ᠰᠠᠩ ᠵᠢᠯ ᠪᠦᠷᠢ ᠶᠢᠨ ︽ᠳᠡᠯᠡᠬᠡᠢ ᠶᠢᠨ ᠨᠣᠮ ᠤᠩᠰᠢᠬᠤ ᠡᠳᠦᠷ︾ ᠲᠤ ︽ᠨᠣᠮ ᠤᠨ ᠰᠠᠩ + ᠰᠢᠨᠬᠤᠸᠠ ᠨᠣᠮ ᠤᠨ ᠳᠡᠯᠭᠡᠭᠦᠷ︾ ᠪᠦᠬᠦ ᠠᠷᠠᠳ ᠢᠶᠠᠷ ᠢᠶᠠᠨ ᠤᠩᠰᠢᠬᠤ ᠬᠡᠯᠪᠡᠷᠢ ᠪᠠᠷ ᠳᠡᠯᠡᠬᠡᠢ ᠶᠢᠨ ᠨᠣᠮ ᠤᠩᠰᠢᠬᠤ ᠡᠳᠦᠷ ᠤᠨ ︽ᠲᠠ ᠤᠩᠰᠢᠪᠠᠯ ᠪᠢ ᠲᠣᠭᠠᠴᠠᠭ᠎ᠠ ᠬᠢᠬᠦ︾ ᠠᠵᠢᠯᠯᠠᠭ᠎ᠠ ᠥᠷᠨᠢᠭᠦᠯᠵᠦ᠂  ᠪᠦᠬᠦ ᠠᠷᠠᠳ ᠢᠶᠠᠷ ᠢᠶᠠᠨ ᠨᠣᠮ ᠤᠩᠰᠢᠬᠤ᠂ ᠪᠦᠬᠦ ᠠᠷᠠᠳ ᠢᠶᠠᠷ ᠢᠶᠠᠨ ᠣᠷᠤᠯᠴᠠᠬᠤ᠂ ᠪᠦᠬᠦ ᠠᠷᠠᠳ ᠢᠶᠠᠷ ᠢᠶᠠᠨ ᠠᠰᠢᠭ ᠬᠦᠷᠳᠡᠬᠦ ᠥᠳᠬᠡᠨ ᠵᠤᠵᠠᠭᠠᠨ ᠠᠭᠤᠷ ᠠᠮᠢᠰᠬᠤᠯ ᠢ ᠢᠳᠡᠪᠬᠢᠲᠡᠢ ᠪᠤᠢ ᠪᠣᠯᠭᠠᠨ᠂ ︽ᠨᠣᠮ ᠤᠨ ᠴᠠᠭᠠᠨ ᠪᠤᠶᠠᠨᠲᠤ ᠤᠯᠠᠭᠠᠨᠬᠠᠳᠠ︾ ᠶᠢ ᠪᠦᠲᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ  ᠨᠡᠮᠡᠷᠢᠯᠡᠵᠡᠢ᠃ ᠡᠭᠦᠨ ᠤ ᠬᠠᠮᠲᠤ᠂           ︽ᠰᠣᠶᠣᠯ ᠤᠨ ᠶᠡᠭᠡ ᠬᠢᠴᠢᠶᠡᠯ ᠤᠨ ᠲᠠᠩᠬᠢᠮ︾ ᠤᠨ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠤᠯᠠᠭᠠᠨᠬᠠᠳᠠ ᠣᠷᠣᠨ ᠤ ᠨᠠᠷᠠᠲᠤ ᠡᠷᠳᠡᠮᠲᠡᠨ᠂ ᠵᠣᠬᠢᠶᠠᠯᠴᠢᠳ ᠢ ᠤᠷᠢᠵᠤ ᠥᠷᠭᠡᠨ ᠣᠯᠠᠨ ᠬᠤᠲᠠ ᠶᠢᠨ ᠠᠷᠠᠳ ᠲᠤ ᠦᠪᠡᠷ ᠤᠨ ᠪᠦᠲᠦᠭᠡᠯ᠂ ᠵᠣᠬᠢᠶᠠᠨ ᠪᠦᠲᠦᠭᠡᠭᠰᠡᠨ ᠥᠩᠭᠡᠷᠡᠯᠲᠡ ᠶᠢ ᠬᠤᠪᠢᠶᠠᠯᠴᠠᠨ ᠡᠳ᠋ᠯᠡᠭᠦᠯᠵᠦ᠂ ᠥᠷᠭᠡᠨ ᠣᠯᠠᠨ ᠬᠤᠲᠠ ᠶᠢᠨ ᠠᠷᠠᠳ ᠤᠨ ᠥᠪᠡᠷ ᠢᠶᠠᠨ ᠵᠣᠬᠢᠶᠠᠨ ᠪᠦᠲᠦᠭᠡᠬᠦ ᠶᠢ ᠵᠣᠷᠢᠭᠵᠢᠭᠤᠯᠤᠨ᠂ ᠣᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠶᠡᠷᠦᠩᠬᠡᠢ ᠬᠡᠪ ᠴᠢᠨᠠᠷ ᠢ ᠨᠢ  ᠳᠡᠭᠡᠭᠰᠢᠯᠡᠭᠦᠯᠪᠡ᠃      ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠰᠠᠭᠤᠷᠢᠨ ᠭᠠᠵᠠᠷ ᠪᠣᠯᠤᠭᠰᠠᠨ ᠢᠶᠠᠷ ᠢᠶᠠᠨ ᠬᠤᠩᠱᠠᠨ ᠲᠣᠭᠤᠷᠢᠭ ᠤᠨ ᠨᠣᠮ ᠤᠨ ᠰᠠᠩ ᠰᠦᠯᠵᠢᠶᠡᠨ ᠳᠡᠭᠡᠷ᠎ᠡ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠭᠤᠣᠯ ᠰᠡᠳᠦᠪᠲᠦ ᠠᠵᠢᠯᠯᠠᠭ᠎ᠠ᠂ ᠦᠵᠡᠭᠦᠯᠭᠡ ᠵᠡᠷᠭᠡ ᠶᠢ ᠥᠷᠨᠢᠭᠦᠯᠦᠭᠰᠡᠨ ᠢᠶᠠᠷ ᠪᠠᠷᠠᠬᠤ ᠦᠭᠡᠢ ᠪᠠᠰᠠ ᠲᠣᠭᠠᠵᠢᠭᠤᠯᠤᠭᠰᠠᠨ ᠡᠬᠢ ᠪᠠᠶᠠᠯᠢᠭ ᠤᠨ ᠲᠠᠪᠴᠠᠩ ᠢ ᠠᠰᠢᠭᠯᠠᠵᠤ᠂ ᠡᠯ᠎ᠡ ᠤᠯᠠᠮᠵᠢᠯᠠᠯᠲᠤ ᠪᠠᠶᠠᠷ ᠤᠨ ᠡᠳᠦᠷ ᠲᠤ ᠰᠦᠯᠵᠢᠶᠡᠨ ᠳᠡᠭᠡᠷᠡᠬᠢ ᠣᠨᠴᠠᠯᠢᠭᠲᠤ ᠲᠤᠰᠬᠠᠢ ᠰᠡᠳᠦᠪᠲᠦ ᠠᠵᠢᠯᠯᠠᠭ᠎ᠠ ᠦᠷᠨᠢᠭᠦᠯᠦᠨ᠂ ︽ᠬᠤᠪᠢᠰᠬᠠᠯ ᠤᠨ ᠦᠯᠢᠭᠡᠷ ᠤᠨ ᠡᠮᠬᠢᠳᠬᠡᠯ︾ ᠤᠨ ᠨᠣᠮ ᠪᠢᠴᠢᠭ ᠤᠨ ᠲᠠᠨᠢᠯᠴᠠᠭᠤᠯᠭ᠎ᠠ ᠶᠢ ᠥᠷᠨᠢᠭᠦᠯᠵᠦ᠂ ︽ᠬᠤᠶᠠᠷ ᠢ ᠴᠣᠭᠴᠠᠯᠠᠬᠤ ︾ ᠳᠤ ᠠᠩᠬᠠᠷᠤᠯ ᠢᠶᠠᠨ ᠲᠥᠪᠯᠡᠷᠡᠭᠦᠯᠵᠦ᠂ ᠳᠤᠮᠳᠠᠳᠤ ᠶᠢᠨ ᠰᠣᠶᠣᠯ ᠤᠨ ᠲᠡᠮᠳᠡᠭ ᠪᠣᠯᠣᠨ ᠳᠤᠮᠳᠠᠳᠤ ᠶᠢᠨ ᠦᠨᠳᠦᠰᠦᠲᠡᠨ ᠤ ᠳᠦᠷᠢ ᠲᠥᠷᠬᠦ ᠶᠢ ᠭᠦᠢᠴᠡᠳ ᠳᠡᠯᠭᠡᠨ ᠦᠵᠡᠭᠦᠯᠵᠡᠢ᠃      ᠬᠤᠲᠠ ᠬᠥᠳᠡᠭᠡ ᠶᠢᠨ ᠰᠠᠭᠤᠭᠠᠯᠢ ᠠᠷᠠᠳ ᠢ ᠰᠣᠶᠣᠯ ᠤᠨ ᠠᠵᠢᠯᠯᠠᠭ᠎ᠠ ᠳᠤ ᠨᠡᠩ ᠰᠠᠶᠢᠨ ᠣᠷᠤᠯᠴᠠᠭᠤᠯᠵᠤ᠂ ᠣᠶᠤᠨ ᠰᠠᠨᠠᠭᠠᠨ ᠤ ᠬᠦᠴᠦᠨ ᠴᠢᠳᠠᠯ ᠢᠶᠠᠨ ᠨᠡᠮᠡᠭᠳᠡᠭᠦᠯᠦᠨ᠂ ᠨᠡᠶᠢᠭᠡᠮ ᠤᠨ ᠪᠣᠯᠪᠠᠰᠤᠨ ᠤ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠥᠯᠥᠭᠡ᠂ ᠬᠤᠩᠱᠠᠨ ᠲᠣᠭᠤᠷᠢᠭ ᠤᠨ ᠨᠣᠮ ᠤᠨ ᠰᠠᠩ ᠤᠯᠠᠨ ᠨᠡᠶᠢᠲᠡ ᠶᠢᠨ ᠨᠣᠮ ᠤᠨ ᠰᠠᠩ ᠤᠨ ᠶᠡᠷᠦᠩᠬᠡᠢ ᠬᠤᠪᠢᠶᠠᠷᠢ ᠨᠣᠮ ᠤᠨ ᠰᠠᠩ ᠤᠨ ᠳᠦᠷᠢᠮ ᠤᠨ ᠪᠦᠲᠦᠭᠡᠨ ᠪᠠᠶᠢᠭᠤᠯᠤᠯᠲᠠ ᠶᠢᠨ ᠲᠣᠭᠤᠷᠢᠨ ᠳᠤ ᠂ 13 ᠪᠠᠯᠭᠠᠰᠤ ᠵᠡᠭᠡᠯᠢ ᠶᠢᠨ ᠬᠤᠪᠢᠶᠠᠷᠢ ᠨᠣᠮ ᠤᠨ ᠰᠠᠩ ᠤᠨ ᠪᠦᠲᠦᠭᠡᠨ ᠪᠠᠶᠢᠭᠤᠯᠤᠯᠲᠠ ᠶᠢᠨ ᠪᠦᠬᠦᠨ ᠢ ᠪᠦᠷᠬᠦᠬᠦᠯᠬᠦ ᠠᠵᠢᠯ ᠢ ᠪᠡᠶᠡᠯᠡᠭᠦᠯᠵᠦ᠂ ᠨᠣᠮ ᠪᠢᠴᠢᠭ ᠤᠨ ᠬᠤᠪᠢᠶᠠᠷᠢ ᠨᠣᠮ ᠤᠨ ᠰᠠᠩ ᠳᠤ ᠦᠪᠡᠷᠲᠡᠭᠡᠨ ᠨᠣᠮ ᠵᠢᠭᠡᠯᠡᠵᠦ ᠪᠤᠴᠠᠭᠠᠬᠤ ᠠᠪᠳᠠᠷ᠎ᠠ᠂ ᠤᠯᠠᠨ ᠨᠡᠶᠢᠲᠡ ᠶᠢᠨ ᠰᠣᠶᠣᠯ ᠤᠨ ᠨᠢᠭᠡ ᠴᠣᠭᠴᠠᠵᠢᠭᠤᠯᠤᠭᠰᠠᠨ ᠮᠠᠰᠢᠨ ᠵᠡᠷᠭᠡ ᠲᠣᠭᠠᠵᠢᠭᠤᠯᠤᠭᠰᠠᠨ ᠣᠶᠤᠨᠲᠤ ᠲᠥᠬᠦᠭᠡᠷᠦᠮᠵᠢ ᠶᠢ ᠲᠣᠬᠢᠷᠠᠭᠤᠯᠤᠨ᠂ ᠲᠣᠭᠲᠠᠮᠠᠯ ᠬᠤᠭᠤᠴᠠᠭ᠎ᠠ ᠲᠠᠢ ᠪᠠᠷ ᠨᠣᠮ ᠢ ᠬᠥᠳᠡᠭᠡ ᠳᠤ ᠬᠦᠷᠭᠡᠬᠦ ᠠᠵᠢᠯᠯᠠᠭ᠎ᠠ ᠶᠢ ᠡᠷᠬᠢᠯᠡᠵᠦ᠂ ᠳᠥᠭᠦᠮ ᠳᠥᠲᠡ ᠥᠨᠳᠥᠷ ᠪᠦᠲᠦᠮᠵᠢᠲᠡᠢ ᠬᠤᠳᠠ ᠬᠥᠳᠡᠭᠡ ᠶᠢᠨ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠴᠠᠭᠠᠷᠢᠭ ᠢ ᠪᠦᠷᠢᠯᠳᠦᠭᠦᠯᠦᠨ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ︽ᠬᠠᠮᠤᠭ ᠡᠴᠦᠰ ᠤᠨ ᠨᠢᠭᠡ ᠺᠢᠯᠣᠮᠧᠲᠷ︾  ᠢ ᠨᠡᠪᠲᠡᠷᠡᠭᠦᠯᠵᠡᠢ᠃      ᠬᠤᠩᠱᠠᠨ ᠲᠣᠭᠤᠷᠢᠭ ᠤᠨ ᠨᠣᠮ ᠤᠨ ᠰᠠᠩ ᠤᠨ ᠳᠠᠷᠤᠭ᠎ᠠ ᠢᠦᠢ ᠰᠢᠶᠣᠣ ᠯᠢᠩ ᠢᠯᠡᠷᠬᠡᠶᠢᠯᠡᠭᠰᠡᠨ ᠨᠢ᠂ ᠰᠣᠶᠣᠯ ᠢᠶᠠᠷ ᠠᠷᠠᠳ ᠤᠨ ᠰᠡᠳᠬᠢᠯ ᠢ ᠬᠤᠯᠪᠣᠵᠤ᠂ ᠦᠢᠯᠡᠴᠢᠯᠡᠭᠡ ᠪᠠᠨ ᠵᠣᠭᠰᠤᠰᠢ ᠦᠭᠡᠢ ᠬᠢᠨ᠎ᠡ᠃ ᠬᠤᠩᠱᠠᠨ ᠲᠣᠭᠤᠷᠢᠭ ᠤᠨ ᠨᠣᠮ ᠤᠨ ᠰᠠᠩ ︽ᠤᠩᠰᠢᠭᠴᠢᠳ ᠢ ᠳᠡᠭᠡᠳᠦᠯᠡᠬᠦ︾ ᠬᠥᠭᠵᠢᠯᠲᠡ ᠶᠢᠨ ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠨ᠂ ᠦᠨᠳᠦᠰᠦᠨ ᠱᠠᠲᠤᠨ ᠳᠤ ᠦᠨᠳᠦᠰᠦᠯᠡᠵᠦ᠂ ᠠᠷᠠᠳ ᠲᠦᠮᠡᠨ ᠳᠤ ᠬᠠᠨᠳᠤᠭᠤᠯᠤᠨ᠂ ᠨᠠᠷᠢᠨ ᠨᠢᠮᠪᠠᠢ ᠦᠢᠯᠡᠴᠢᠯᠡᠵᠦ᠂ ᠥᠷᠭᠡᠨ ᠣᠯᠠᠨ ᠤᠩᠰᠢᠭᠴᠢᠳ ᠤᠨ ᠤᠩᠰᠢᠬᠤ ᠰᠢᠨ᠎ᠡ ᠱᠠᠭᠠᠷᠳᠠᠯᠭ᠎ᠠ᠂ ᠰᠢᠨ᠎ᠡ ᠬᠦᠰᠡᠯ ᠡᠷᠡᠮᠡᠯᠵᠡᠯ ᠢ ᠲᠠᠰᠤᠷᠠᠯᠲᠠ ᠦᠭᠡᠢ ᠬᠠᠩᠭᠠᠵᠤ᠂ ᠤᠩᠰᠢᠬᠤ ᠶᠢ ᠨᠢᠭᠡᠨ ᠰᠠᠶᠢᠨ ᠰᠠᠶᠢᠬᠠᠨ ᠠᠮᠢᠳᠤᠷᠠᠯ ᠤᠨ ᠠᠷᠭ᠎ᠠ ᠮᠠᠶ᠋ᠢᠭ ᠪᠣᠯᠭᠠᠨ᠎ᠠ ᠭᠡᠪᠡ᠃
 
ᠢᠷᠡᠯᠲᠡ᠄ ‍ᠯᠠᠭᠠᠨᠬᠠᠳᠠ ᠶᠢᠨ ᠡᠳᠦᠷ ᠤᠨ ᠰᠣᠨᠢᠨ ᠤ ᠬᠤᠷᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号