ᠥᠪᠥᠷ ᠮᠣᠩᠭᠤᠯ ᠤᠨ ᠭᠤᠷᠪᠠᠨ ᠭᠠᠵᠠᠷ ᠤᠨ ᠬᠢᠨ ᠪᠥᠬᠦ ᠤᠯᠤᠰ ᠤᠨ ︽ᠬᠦᠳᠡᠭᠡ ᠲᠣᠰᠬᠤᠨ ᠤ ᠴᠠᠭᠠᠨ ᠰᠠᠷ᠎ᠠ ᠶᠢᠨ ᠦᠳᠡᠰᠢᠯᠡᠭᠡ︾ ᠶᠢᠨ ᠵᠢᠱᠢᠶ᠎ᠡ ᠦᠵᠡᠭᠦᠯᠬᠦ ᠦᠵᠡᠭᠦᠯᠭᠡ ᠳᠤ ᠣᠷᠣᠯᠴᠠᠪᠠ
ᠨᠡᠶᠢᠲᠡᠯᠡᠭᠰᠡᠨ ᠴᠠᠭ᠄
2023/1/19
     ᠣᠶᠢᠷ᠎ᠠ ᠳᠤ᠂ ᠰᠣᠶᠣᠯ ᠪᠠ ᠵᠢᠭᠤᠯᠴᠢᠯᠠᠯ ᠤᠨ ᠶᠠᠮᠤᠨ 2023 ᠣᠨ ᠤ ᠪᠥᠬᠦ ᠤᠯᠤᠰ ᠤᠨ ︽ᠬᠦᠳᠡᠭᠡ ᠲᠣᠰᠬᠤᠨ ᠤ ᠴᠠᠭᠠᠨ ᠰᠠᠷ᠎ᠠ ᠶᠢᠨ ᠦᠳᠡᠰᠢᠯᠡᠭᠡ︾ ᠶᠢᠨ ᠵᠢᠱᠢᠶ᠎ᠡ ᠦᠵᠡᠭᠦᠯᠬᠦ ᠦᠵᠡᠭᠦᠯᠭᠡ ᠶᠢᠨ ᠴᠡᠭ ᠤᠨ ᠨᠡᠷᠡᠰ ᠢ ᠨᠡᠶᠢᠲᠡᠯᠡᠪᠡ᠂ ᠮᠠᠨ ᠤ ᠣᠷᠣᠨ ᠤ ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠫᠢᠩ ᠳ᠋ᠢ ᠴᠢᠤᠸᠠᠨ ᠪᠠᠯᠭᠠᠰᠤᠨ ᠤ ᠡᠮᠦᠨ᠎ᠡ ᠲᠣᠰᠬᠤᠨ᠂ ᠤᠯᠠᠭᠠᠨᠬᠠᠳᠠ ᠬᠤᠲᠠ ᠶᠢᠨ ᠨᠢᠩᠴᠧᠩ ᠰᠢᠶᠠᠨ ᠤ ᠾᠧᠢ ᠯᠢ ᠾᠧ ᠪᠠᠯᠭᠠᠰᠤᠨ ᠤ ᠳ᠋ᠠ ᠬᠤ᠋ ᠱᠢ ᠲᠣᠰᠬᠤᠨ᠂ ᠲᠦᠩᠯᠢᠶᠣᠣ ᠬᠤᠲᠠ ᠶᠢᠨ ᠬᠤᠷᠴᠢᠨ ᠲᠣᠭᠤᠷᠢᠭ ᠤᠨ ᠮᠤᠷᠤᠢ  ᠶᠢᠨ ᠰᠦᠮ᠎ᠡ ᠰᠤᠮᠤ ᠶᠢᠨ ᠰᠢᠦᠢ ᠵᠢᠶᠠ ᠶᠣᠣ ᠲᠣᠰᠬᠤᠨ ᠰᠣᠩᠭᠤᠭᠳᠠᠪᠠ᠃      ᠲᠤᠰ ᠤᠳᠠᠭ᠎ᠠ ᠶᠢᠨ ᠪᠦᠬᠦ ᠤᠯᠤᠰ ᠤᠨ ︽ᠬᠦᠳᠡᠭᠡ ᠲᠣᠰᠬᠤᠨ ᠤ ᠴᠠᠭᠠᠨ ᠰᠠᠷ᠎ᠠ ᠶᠢᠨ ᠦᠳᠡᠰᠢᠯᠡᠭᠡ︾  ᠶᠢᠨ ᠵᠢᠱᠢᠶ᠎ᠡ ᠦᠵᠡᠭᠦᠯᠭᠡ ᠶᠢᠨ ᠠᠵᠢᠯᠯᠠᠭ᠎ᠠ ᠨᠢ ︽ᠰᠢᠨ᠎ᠡ ᠠᠶᠠᠨ ᠢᠶᠠᠨ ᠡᠬᠢᠯᠡᠭᠦᠯᠦᠭᠰᠡᠨ ᠵᠣᠯ ᠵᠢᠷᠭᠠᠯᠲᠤ ᠳᠤᠮᠳᠠᠳᠤ ᠤᠯᠤᠰ ᠤᠨ ᠴᠠᠭᠠᠨ ᠰᠠᠷ᠎ᠠ  ︾ ᠪᠠᠷ ᠭᠤᠣᠯ ᠰᠡᠳᠦᠪ ᠪᠣᠯᠭᠠᠵᠤ᠂ ᠲᠠᠷᠢᠶᠠᠴᠢᠳ ᠤᠨ ᠥᠪᠡᠷ ᠢᠶᠠᠨ ᠨᠠᠶᠢᠷᠠᠭᠤᠯᠵᠤ ᠥᠪᠡᠷ ᠢᠶᠠᠨ ᠵᠢᠯᠤᠭᠤᠳᠴᠤ᠂ ᠥᠪᠡᠷ ᠢᠶᠠᠨ ᠲᠣᠭᠯᠠᠵᠤ ᠥᠪᠡᠷ ᠢᠶᠠᠨ ᠰᠤᠨᠢᠷᠬᠠᠬᠤ ︽ᠬᠦᠳᠡᠭᠡ ᠲᠣᠰᠬᠤᠨ ᠤ ᠴᠠᠭᠠᠨ ᠰᠠᠷ᠎ᠠ ᠶᠢᠨ ᠦᠳᠡᠰᠢᠯᠡᠭᠡ︾ ᠶᠢᠨ ᠪᠦᠲᠦᠭᠡᠯ ᠢᠶᠠᠷ ᠳᠡᠷᠭᠡᠳᠡᠬᠢ ᠶᠠᠪᠤᠳᠠᠯ ᠢᠶᠠᠨ ᠳᠠᠭᠤᠯᠠᠵᠤ᠂ ᠳᠡᠷᠭᠡᠳᠡᠬᠢ ᠬᠥᠮᠥᠰ ᠢᠶᠠᠨ ᠲᠣᠭᠯᠠᠵᠤ᠂ ᠨᠤᠲᠤᠭ ᠤᠰᠤᠨ ᠤ ᠪᠠᠨ ᠭᠤᠶᠤ ᠰᠠᠶᠢᠬᠠᠨ ᠢ ᠶᠠᠷᠢᠵᠤ᠂ ᠰᠢᠨ᠎ᠡ ᠠᠮᠢᠳᠤᠷᠠᠯ ᠢ ᠮᠠᠭᠲᠠᠨ ᠰᠠᠶᠢᠰᠢᠶᠠᠨ᠎ᠠ᠃      2020 ᠣᠨ ᠠᠴᠠ ᠨᠠᠭᠠᠰᠢ᠂ ᠮᠠᠨ ᠤ ᠣᠷᠣᠨ ᠡᠯᠪᠡᠭ ᠪᠠᠶᠠᠯᠢᠭ ᠣᠯᠠᠨ ᠶᠠᠩᠵᠤ ᠶᠢᠨ᠂ ᠥᠪᠡᠷᠮᠢᠴᠡ ᠣᠨᠴᠠᠯᠢᠭ ᠲᠠᠢ ᠬᠥᠳᠡᠭᠡ ᠲᠣᠰᠬᠤᠨ ᠤ ᠰᠣᠶᠣᠯ ᠤᠨ ᠡᠬᠢ ᠪᠠᠶᠠᠯᠢᠭ ᠲᠤ ᠲᠦᠰᠢᠭᠯᠡᠨ᠂ ᠬᠥᠳᠡᠭᠡ ᠲᠣᠰᠬᠤᠨ ᠢᠶᠠᠷ ᠲᠡᠩᠭᠡᠯᠢᠭ ᠪᠣᠯᠭᠠᠭᠰᠠᠨ᠂ ᠪᠥᠬᠦ ᠤᠯᠤᠰ ᠢᠶᠠᠷ ᠢᠶᠠᠨ ᠬᠤᠯᠪᠤᠭᠠᠯᠠᠨ ᠬᠥᠳᠡᠯᠦᠯᠴᠡᠭᠰᠡᠨ᠂ ᠪᠥᠬᠦ ᠠᠷᠠᠳ ᠢᠶᠠᠷ ᠢᠶᠠᠨ ᠣᠷᠣᠯᠴᠠᠭᠰᠠᠨ ᠪᠥᠬᠦ ᠤᠯᠤᠰ ᠤᠨ ᠬᠥᠳᠡᠭᠡ ᠲᠣᠰᠬᠤᠨ ᠤ ᠴᠠᠭᠠᠨ ᠰᠠᠷ᠎ᠠ ᠶᠢᠨ ᠦᠳᠡᠰᠢᠯᠡᠭᠡ ᠶᠢᠨ ᠲᠥᠪᠯᠡᠷᠡᠭᠦᠯᠦᠨ ᠳᠡᠯᠭᠡᠨ ᠦᠵᠡᠭᠦᠯᠬᠦ ᠠᠵᠢᠯᠯᠠᠭ᠎ᠠ ᠳᠤ ᠵᠠᠯᠭᠠᠭ᠎ᠠ ᠪᠠᠷ ᠵᠣᠬᠢᠶᠠᠨ ᠪᠠᠶᠢᠭᠤᠯᠤᠨ ᠣᠷᠣᠯᠴᠠᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠦᠵᠡᠭᠴᠢᠳ 150 ᠲᠦᠮᠡᠨ ᠬᠥᠮᠥᠨ ᠤᠳᠠᠭ᠎ᠠ ᠶᠢ ᠳᠠᠪᠠᠵᠠᠢ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号