ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠲᠤᠪᠴᠢᠶᠠᠨ  ᠤ ᠨᠠᠮ ᠤᠨ ᠡᠭᠦᠷ ︽ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠰᠠᠬᠢᠵᠤ ᠠᠷᠢᠭᠤᠨ ᠴᠢᠬᠡᠴᠢ ᠪᠠᠷ ᠪᠠᠶᠠᠷ ᠤᠨ ᠡᠳᠦᠷ  ᠢᠶᠠᠨ ᠥᠩᠭᠡᠷᠡᠬᠦᠯᠦᠶ᠎ᠡ︾ ᠠᠷᠢᠭᠤᠨ ᠴᠢᠬᠡᠴᠢ ᠪᠠᠷ ᠵᠠᠰᠠᠭ ᠪᠠᠷᠢᠬᠤ ᠬᠥᠮᠦᠵᠢᠯ ᠤᠨ ᠭᠤᠣᠯ ᠰᠡᠳᠦᠪᠲᠦ ᠨᠠᠮ  ᠤᠨ ᠡᠳᠦᠷ  ᠤᠨ ᠠᠵᠢᠯᠯᠠᠭ᠎ᠠ ᠥᠷᠨᠢᠬᠦᠯᠪᠡ
ᠨᠡᠶᠢᠲᠡᠯᠡᠭᠰᠡᠨ ᠴᠠᠭ᠄
2023/1/19
     ᠨᠠᠮ ᠤᠨ ᠲᠥᠪ ᠬᠤᠷᠢᠶᠠᠨ ᠤ ︽ᠰᠢᠨ᠎ᠡ ᠴᠠᠭ ᠦᠶ᠎ᠡ ᠶᠢᠨ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠰᠠᠨᠠᠯ︾ ᠢ ᠭᠦᠨᠵᠡᠭᠡᠢ ᠲᠤᠭᠤᠰᠢᠯᠠᠭᠤᠯᠵᠤ᠂ ᠨᠠᠮ ᠤᠨ ᠰᠤᠷᠲᠠᠯ ᠨᠠᠮ ᠤᠨ ᠰᠠᠬᠢᠯᠭ᠎ᠠ ᠪᠠᠲᠤ ᠶᠢ ᠤᠯᠠᠮ ᠨᠢᠭᠡ ᠠᠯᠬᠤᠮ ᠴᠢᠩᠳᠠᠯᠠᠵᠤ᠂ ᠨᠠᠮ ᠤᠨ ᠭᠡᠰᠢᠭᠦᠨ ᠺᠠᠳ᠋ᠷᠴᠤᠳ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠬᠥᠮᠦᠵᠢᠯ ᠢ ᠲᠠᠰᠤᠷᠠᠯᠲᠠ ᠦᠭᠡᠢ ᠴᠢᠩᠭᠠᠳᠬᠠᠬᠤ  ᠶᠢᠨ ᠲᠥᠯᠥᠭᠡ᠂ 1 ᠳ᠋ᠤᠭᠡᠷ ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠲᠡᠦᠬᠡ  ᠶᠢᠨ ᠳᠤᠷᠠᠰᠬᠠᠯᠲᠤ ᠵᠦᠢᠯᠡᠰ ᠤᠨ ᠲᠤᠪᠴᠢᠶᠠᠨ  ᠤ ᠳᠡᠳ᠋ ᠳᠠᠷᠤᠭ᠎ᠠ᠂ ᠨᠠᠮ ᠤᠨ ᠡᠭᠦᠷ ᠤᠨ ᠳᠡᠳ᠋ ᠱᠦᠵᠢ ᠵᠣᠣ ᠵᠢᠶᠠᠨ ᠬᠤᠸᠠ ︽ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠰᠠᠬᠢᠵᠤ ᠠᠷᠢᠭᠤᠨ ᠴᠢᠬᠡᠴᠢ ᠪᠠᠷ ᠪᠠᠶᠠᠷ ᠤᠨ ᠡᠳᠦᠷ ᠢᠶᠠᠨ ᠥᠩᠭᠡᠷᠡᠬᠦᠯᠦᠶ᠎ᠡ︾ ᠠᠷᠢᠭᠤᠨ ᠴᠢᠬᠡᠴᠢ ᠪᠠᠷ ᠵᠠᠰᠠᠭ ᠪᠠᠷᠢᠬᠤ ᠬᠥᠮᠦᠵᠢᠯ ᠤᠨ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠵᠦ᠂ ᠰᠢ ᠶᠢᠨ ᠫᠢᠩ ᠶᠡᠷᠦᠩᠬᠡᠢ ᠱᠦᠵᠢ ᠶᠢᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠤᠶᠠᠳᠤᠭᠠᠷ ᠪᠦᠭᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠤᠶᠠᠳᠤᠭᠠᠷ ᠪᠦᠭᠦᠳᠡ ᠬᠤᠷᠠᠯ ᠤᠨ ᠠᠯᠪᠠᠨ ᠮᠡᠳᠡᠭᠡ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠢᠭᠤᠨ ᠴᠢᠬᠡᠴᠢ ᠪᠠᠷ ᠥᠪᠡᠷ ᠢ ᠪᠠᠨ ᠱᠠᠭᠠᠷᠳᠠᠬᠤ ᠪᠠᠷᠢᠮᠵᠢᠶ᠎ᠠ︾ ᠶᠢ ᠳᠠᠮᠵᠢᠭᠤᠯᠤᠨ ᠰᠤᠷᠤᠯᠴᠠᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠰᠡᠷᠡᠮᠵᠢᠯᠡᠭᠦᠯᠬᠦ ᠬᠥᠮᠦᠵᠢᠯ ᠤᠨ ᠹᠢᠯᠢᠮ ︽ᠳᠠᠭᠠᠷᠢᠯᠲᠠ ᠶᠢᠨ ᠪᠦᠷᠢᠶ᠎ᠡ ᠶᠢ ᠡᠭᠦᠷᠢᠳᠡ ᠦᠯᠢᠶᠡᠯᠭᠡᠨ᠎ᠡ︾ ᠶᠢ ᠦᠵᠡᠵᠦ᠂ 2022 ᠣᠨ ᠳᠤ ᠰᠢᠨ᠎ᠡ ᠪᠠᠷ ᠲᠤᠰᠢᠶᠠᠯ ᠡᠭᠦᠷᠭᠡᠯᠡᠭᠰᠡᠨ ᠭᠠᠵᠠᠷ ᠤᠨ ᠲᠡᠰ ᠤᠨ ᠺᠠᠳ᠋ᠷ᠂ ᠰᠢᠨ᠎ᠡ ᠪᠠᠷ ᠠᠵᠢᠯ ᠳᠤ ᠣᠷᠣᠭᠰᠠᠨ ᠠᠯᠪᠠᠳᠠᠨ ᠢ ᠵᠣᠬᠢᠶᠠᠨ ᠪᠠᠶᠢᠭᠤᠯᠵᠤ ᠲᠤᠬᠠᠢ ᠶᠢᠨ ᠲᠠᠯᠠᠪᠤᠷ ᠲᠤ ᠰᠤᠳᠤᠯᠤᠨ ᠶᠠᠷᠢᠯᠴᠠᠭᠤᠯᠪᠠ᠃
     ᠲᠣᠰ ᠤᠳᠠᠭᠠᠨ ᠤ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠪᠠᠷ ᠳᠡᠮᠵᠢᠨ᠂ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠲᠤᠪᠴᠢᠶᠠᠨ ᠤ ᠨᠠᠮ ᠤᠨ ᠭᠡᠰᠢᠭᠦᠨ ᠺᠠᠳ᠋ᠷᠴᠤᠳ ᠤᠨ ᠠᠷᠢᠭᠤᠨ ᠴᠢᠬᠡᠴᠢ ᠪᠠᠷ ᠥᠪᠡᠷ ᠢ ᠪᠠᠨ ᠱᠠᠭᠠᠷᠳᠠᠬᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠢᠯᠵᠠᠷᠠᠯ ᠢ ᠡᠰᠡᠷᠭᠦᠴᠡᠨ  ᠬᠤᠪᠢᠷᠠᠯᠲᠠ ᠶᠢ ᠰᠡᠷᠭᠡᠶᠢᠯᠡᠬᠦ ᠬᠤᠷᠢᠭ᠎ᠠ ᠱᠤᠭᠤᠮ ᠤᠨ ᠰᠡᠳᠬᠢᠬᠦᠢ ᠶᠢ ᠴᠢᠩᠭᠠᠷᠠᠭᠤᠯᠤᠨ᠂ ᠪᠠᠶᠢᠭᠤᠯᠭ᠎ᠠ ᠶᠢᠨ ᠠᠷᠢᠭᠤᠨ ᠴᠢᠬᠡᠴᠢ ᠰᠣᠶᠣᠯ ᠤᠨ  ᠪᠠᠶᠢᠭᠤᠯᠤᠯᠲᠠ ᠶᠢ ᠠᠬᠢᠭᠤᠯᠪᠠ᠃ ᠳᠠᠷᠠᠭᠠᠴᠢ ᠶᠢᠨ ᠠᠯᠬᠤᠮ ᠳᠤ ᠂ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠲᠤᠪᠴᠢᠶᠠᠨ ᠤ ᠨᠠᠮ ᠤᠨ ᠡᠭᠦᠷ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠪᠠᠷ ᠲᠣᠬᠢᠶᠠᠯ ᠪᠣᠯᠭᠠᠵᠤ᠂ ᠨᠠᠮ ᠤᠨ ᠭᠡᠰᠢᠭᠦᠨ ᠺᠠᠳ᠋ᠷᠴᠤᠳ ᠲᠤ ᠠᠷᠢᠭᠤᠨ ᠴᠢᠬᠡᠴᠢ ᠪᠠᠷ ᠵᠠᠰᠠᠭ ᠪᠠᠷᠢᠬᠤ ᠬᠥᠮᠦᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠥᠮᠥᠵᠢᠭᠦᠯᠬᠦ᠂ ᠬᠠᠮᠢᠶᠠᠷᠬᠤ᠂ ᠬᠢᠨᠠᠯᠲᠠ ᠲᠠᠯᠪᠢᠬᠤ ᠵᠡᠷᠭᠡ ᠦᠢᠯᠡᠳᠦᠯ ᠢ ᠭᠦᠢᠴᠡᠳ ᠪᠠᠳᠠᠷᠠᠭᠤᠯᠵᠤ᠂ ᠰᠤᠷᠲᠠᠯ ᠢ ᠦᠨᠡᠨ ᠬᠦ ︽ᠬᠤᠪᠢᠷᠠᠭᠤᠯᠵᠤ︾᠂ ᠳᠦᠷᠢ ᠲᠥᠷᠬᠦ ᠶᠢ ︽ᠪᠤᠢ ᠪᠣᠯᠭᠠᠵᠤ︾᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ᠂ ᠠᠵᠢᠯ ᠶᠠᠪᠤᠳᠠᠯ ᠪᠥᠲᠦᠭᠡᠬᠦ᠂ ᠠᠮᠵᠢᠯᠲᠠ ᠪᠦᠲᠦᠭᠡᠯ ᠭᠠᠷᠭᠠᠬᠤ ᠲᠡᠦᠬᠡ ᠶᠢᠨ ᠳᠤᠷᠠᠰᠬᠠᠯᠲᠤ ᠵᠦᠢᠯᠡᠰ ᠤᠨ ᠺᠠᠳ᠋ᠷᠴᠤᠳ ᠤᠨ ᠡᠩᠨᠡᠭᠡ ᠶᠢ ᠴᠢᠷᠮᠠᠶᠢᠨ  ᠪᠠᠶᠢᠭᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠤᠬᠡ  ᠶᠢᠨ ᠳᠤᠷᠠᠰᠬᠠᠯᠲᠤ ᠵᠦᠢᠯᠡᠰ ᠤᠨ ᠲᠤᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号