ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠢᠭᠡ ᠲᠦᠰᠦᠯ 2023 ᠣᠨ ᠤ ᠰᠣᠶᠣᠯ ᠪᠠ ᠵᠢᠭᠤᠯᠴᠢᠯᠠᠯ ᠤᠨ ᠰᠢᠰᠲ᠋ᠧᠮ ᠤᠨ ᠵᠠᠯᠠᠭᠤ ᠰᠢᠨᠵᠢᠯᠡᠬᠦ ᠤᠬᠠᠭᠠᠨ ᠤ ᠰᠤᠳᠤᠯᠭᠠᠨ ᠤ ᠴᠢᠳᠠᠪᠤᠷᠢᠲᠠᠨ ᠢ ᠲᠡᠳᠬᠦᠬᠦ ᠲᠥᠯᠥᠪᠯᠡᠭᠡ ᠳᠤ ᠰᠣᠩᠭᠤᠭᠳᠠᠪᠠ
ᠨᠡᠶᠢᠲᠡᠯᠡᠭᠰᠡᠨ ᠴᠠᠭ᠄
2023/10/15
     10 ᠳ᠋ᠤᠭᠠᠷ ᠰᠠᠷ᠎ᠠ ᠶᠢᠨ 7 ᠤ ᠡᠳᠦᠷ᠂ ︽2023 ᠣᠨ ᠤ ᠰᠣᠶᠣᠯ ᠪᠠ ᠵᠢᠭᠤᠯᠴᠢᠯᠠᠯ ᠤᠨ ᠰᠢᠰᠲ᠋ᠧᠮ ᠤᠨ ᠵᠠᠯᠠᠭᠤ ᠰᠢᠨᠵᠢᠯᠡᠬᠦ ᠤᠬᠠᠭᠠᠨ ᠤ ᠰᠤᠳᠤᠯᠭᠠᠨ ᠤ ᠴᠢᠳᠠᠪᠤᠷᠢᠲᠠᠨ ᠢ ᠲᠡᠳᠬᠦᠬᠦ ᠲᠥᠯᠥᠪᠯᠡᠭᠡ ᠳᠤ ᠰᠣᠩᠭᠤᠭᠳᠠᠭᠰᠠᠨ ᠲᠥᠷᠥᠯ ᠵᠦᠢᠯ ᠤᠨ ᠨᠡᠷᠡᠰ ᠢ ᠨᠡᠶᠢᠲᠡᠯᠡᠬᠦ ᠲᠤᠬᠠᠢ ᠰᠣᠶᠣᠯ ᠪᠠ ᠵᠢᠭᠤᠯᠴᠢᠯᠠᠯ ᠤᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ ︵ᠠᠯᠪᠠᠨ ᠭᠡᠷ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠲᠠᠷᠬᠠᠭᠠᠭᠰᠠᠨ [2023]163 ᠳ᠋ᠤᠭᠠᠷ ᠲᠣᠭᠠᠲᠤ︶᠂ ᠥᠪᠥᠷ ᠮᠣᠩᠭᠤᠯ ᠤᠨ ᠪᠣᠷᠣᠳᠣᠬᠤᠢ ᠶᠢᠨ ᠰᠣᠶᠣᠯ ᠤᠨ ᠮᠦᠽᠧᠢ ᠶᠢᠨ ᠭᠤᠤ ᠴᠢ ᠹᠧᠩ  ︽︿ᠲᠡᠦᠬᠡ ᠶᠢᠨ ᠳᠤᠷᠠᠰᠬᠠᠯᠲᠤ ᠵᠦᠢᠯᠡᠰ᠂ ᠰᠣᠶᠣᠯ ᠤᠨ ᠡᠭᠦᠳᠦᠯᠲᠡ᠂ ᠪᠣᠳᠠᠰ ᠤᠨ ᠪᠤᠰᠤ ᠰᠣᠶᠣᠯ ᠤᠨ ᠥᠪ  +﹀ ᠵᠠᠭᠪᠤᠷ ᠢᠶᠠᠷ ᠰᠣᠶᠣᠯ ᠪᠠ ᠵᠢᠭᠤᠯᠴᠢᠯᠠᠯ ᠤᠨ ᠦᠢᠯᠡᠰ ᠤᠨ ᠭᠦᠨᠵᠡᠭᠡᠢ ᠠᠭᠤᠰᠤᠯᠴᠠᠯ ᠢ ᠠᠬᠢᠭᠤᠯᠬᠤ ᠵᠢᠴᠢ ᠮᠦᠽᠧᠢ ᠶᠢᠨ ᠡᠬᠢ ᠪᠠᠶᠠᠯᠢᠭ ᠢ ᠠᠮᠢᠳᠤᠯᠢᠭᠵᠢᠭᠤᠯᠤᠨ ᠠᠰᠢᠭᠯᠠᠵᠤ ᠰᠦᠯᠵᠢᠶᠡᠨ ᠳᠡᠭᠡᠷ᠎ᠡ ᠪᠠ ᠰᠦᠯᠵᠢᠶᠡᠨ ᠤ ᠭᠠᠳᠠᠨ᠎ᠠ ᠳᠠᠮᠵᠢᠭᠤᠯᠬᠤ ᠲᠦᠰᠦᠯ︾ ᠢ ᠨᠡᠷᠡᠰ ᠤᠨ ᠵᠢᠭᠰᠠᠭᠠᠯᠲᠠ ᠳᠤ ᠣᠷᠣᠭᠤᠯᠵᠠᠢ᠃      ᠰᠣᠶᠣᠯ ᠪᠠ ᠵᠢᠭᠤᠯᠴᠢᠯᠠᠯ ᠤᠨ ᠰᠢᠰᠲ᠋ᠧᠮ ᠤᠨ ᠵᠠᠯᠠᠭᠤ ᠰᠢᠨᠵᠢᠯᠡᠬᠦ ᠤᠬᠠᠭᠠᠨ ᠤ ᠰᠤᠳᠤᠯᠭᠠᠨ ᠤ ᠴᠢᠳᠠᠪᠤᠷᠢᠲᠠᠨ ᠢ ᠲᠡᠳᠬᠦᠬᠦ ᠲᠥᠯᠥᠪᠯᠡᠭᠡ ᠪᠣᠯ ᠰᠣᠶᠣᠯ ᠪᠠ ᠵᠢᠭᠤᠯᠴᠢᠯᠠᠯ ᠤᠨ ᠶᠠᠮᠤᠨ ᠤ ᠪᠠᠶᠢᠭᠤᠯᠤᠭᠰᠠᠨ ᠵᠠᠯᠠᠭᠤ ᠴᠢᠳᠠᠪᠤᠷᠢᠲᠠᠨ ᠢ ᠬᠥᠮᠥᠵᠢᠭᠦᠯᠬᠦ ᠲᠤᠰᠬᠠᠢ ᠲᠥᠯᠥᠪᠯᠡᠭᠡ ᠪᠣᠯᠣᠨ᠎ᠠ᠃ 2021 ᠣᠨ ᠠᠴᠠ ᠨᠠᠭᠠᠰᠢ᠂ ᠮᠠᠨ ᠤ ᠣᠷᠣᠨ ᠨᠢᠭᠡᠨᠲᠡ 3 ᠲᠥᠷᠥᠯ ᠵᠦᠢᠯ ᠢ ᠲᠣᠰ ᠲᠥᠯᠥᠪᠯᠡᠭᠡ ᠳᠤ ᠣᠷᠣᠭᠤᠯᠪᠠ ︵2021 ᠣᠨ ᠤ ᠥᠪᠥᠷ ᠮᠣᠩᠭᠤᠯ ᠤᠨ ᠤᠷᠠᠯᠢᠭ ᠤᠨ ᠰᠤᠳᠤᠯᠭᠠᠨ ᠤ ᠬᠦᠷᠢᠶᠡᠯᠡᠩ ᠤᠨ ᠶᠦᠨ ᠬᠤᠩ ᠮᠧᠶ ᠶᠢᠨ ︽ᠥᠪᠥᠷ ᠮᠣᠩᠭᠤᠯ ᠤᠨ ᠣᠷᠣᠨ ᠨᠤᠲᠤᠭ ᠤᠨ ᠰᠢ ᠲᠠᠭᠤᠤᠷᠢᠯᠢᠬ ᠤᠨ ᠲᠤᠯᠭᠤᠷ ᠪᠢᠴᠢᠭ ᠢ ᠬᠠᠮ ᠵᠠᠭᠤᠴᠢᠯᠠᠭᠤᠷ ᠢᠶᠠᠷ ᠳᠠᠮᠵᠢᠭᠤᠯᠬᠤ ᠲᠤᠬᠠᠢ ᠬᠠᠶᠢᠨ ᠰᠦᠪᠡᠭᠴᠢᠯᠡᠯᠲᠡ︾᠂ 2022 ᠣᠨ ᠤ ᠥᠪᠥᠷ ᠮᠣᠩᠭᠤᠯ ᠤᠨ ᠤᠷᠠᠯᠢᠭ ᠤᠨ ᠰᠤᠳᠤᠯᠭᠠᠨ ᠤ ᠬᠦᠷᠢᠶᠡᠯᠡᠩ ᠤᠨ ᠱᠧᠨ ᠹᠸᠢ ᠶᠢᠨ ︽ᠥᠪᠥᠷ ᠮᠣᠩᠭᠤᠯ ᠤᠨ ᠪᠣᠳᠠᠰ ᠤᠨ ᠪᠤᠰᠤ ᠰᠣᠶᠣᠯ ᠤᠨ ᠥᠪ ᠤᠨ ᠲᠣᠭᠯᠠᠬᠤ ᠲᠥᠷᠥᠯ ᠤᠨ ᠲᠥᠷᠥᠯ ᠵᠦᠢᠯ ᠢ  ᠲᠤᠭᠠᠵᠢᠭᠤᠯᠤᠨ ᠬᠠᠮᠠᠭᠠᠯᠠᠬᠤ ᠴᠢᠨᠠᠷᠲᠠᠢ ᠤᠬᠠᠭᠤᠯᠭ᠎ᠠ ᠦᠵᠡᠭᠦᠯᠭᠡ︾︶᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号