ᠰᠢᠨ᠎ᠡ ᠴᠠᠭ ᠦᠶ᠎ᠡ ᠶᠢᠨ ᠲᠠᠶᠢᠰᠠᠨ ᠤ ᠤᠷᠠᠯᠢᠭ ᠤᠨ ᠵᠣᠬᠢᠶᠠᠨ ᠪᠦᠲᠦᠭᠡᠯᠭᠡ ᠶᠢᠨ ᠳᠠᠭᠠᠭᠤᠯᠤᠭᠴᠢ ᠴᠢᠳᠠᠪᠤᠷᠢᠲᠠᠨ ᠤ ᠳᠡᠭᠡᠳᠦ ᠵᠡᠷᠭᠡ ᠶᠢᠨ ᠰᠤᠳᠤᠯᠤᠨ ᠰᠤᠷᠤᠯᠴᠠᠬᠤ ᠠᠩᠭᠢ ᠲᠥᠪ ᠤᠨ ᠰᠢ ᠵᠦᠴᠦᠭᠡ ᠶᠢᠨ ᠳᠡᠭᠡᠳᠦ ᠰᠤᠷᠭᠠᠭᠤᠯᠢ ᠳᠤ ᠬᠢᠴᠢᠶᠡᠯ ᠡᠬᠢᠯᠡᠪᠡ
ᠨᠡᠶᠢᠲᠡᠯᠡᠭᠰᠡᠨ ᠴᠠᠭ᠄
2023/10/16
     10 ᠳ᠋ᠤᠭᠠᠷ ᠰᠠᠷ᠎ᠠ ᠶᠢᠨ 7 ᠤ ᠡᠳᠦᠷ᠂ ᠰᠣᠶᠣᠯ ᠪᠠ ᠵᠢᠭᠤᠯᠴᠢᠯᠠᠯ ᠤᠨ ᠶᠠᠮᠤᠨ ᠭᠤᠣᠯᠯᠠᠨ ᠡᠷᠭᠢᠯᠡᠵᠦ᠂ ᠰᠣᠶᠣᠯ ᠪᠠ ᠵᠢᠭᠤᠯᠴᠢᠯᠠᠯ ᠤᠨ ᠶᠠᠮᠤᠨ ᠤ ᠤᠷᠠᠯᠢᠭ ᠤᠨ ᠵᠤᠷᠭᠠᠨ᠂ ᠲᠥᠪ ᠤᠨ ᠰᠢ ᠵᠦᠴᠦᠭᠡ ᠶᠢᠨ ᠳᠡᠭᠡᠳᠦ ᠰᠤᠷᠭᠠᠭᠤᠯᠢ ᠳᠠᠭᠠᠭᠠᠴᠢᠯᠠᠨ ᠡᠷᠭᠢᠯᠡᠭᠰᠡᠨ ᠰᠢᠨ᠎ᠡ ᠴᠠᠭ ᠦᠶ᠎ᠡ ᠶᠢᠨ ᠲᠠᠶᠢᠰᠠᠨ ᠤ ᠤᠷᠠᠯᠢᠭ ᠤᠨ ᠵᠣᠬᠢᠶᠠᠨ ᠪᠦᠲᠦᠭᠡᠯᠭᠡ ᠶᠢᠨ ᠳᠠᠭᠠᠭᠤᠯᠤᠭᠴᠢ ᠴᠢᠳᠠᠪᠤᠷᠢᠲᠠᠨ ᠤ ᠳᠡᠭᠡᠳᠦ ᠵᠡᠷᠭᠡ ᠶᠢᠨ ᠰᠤᠳᠤᠯᠤᠨ ᠰᠤᠷᠤᠯᠴᠠᠬᠤ ᠠᠩᠭᠢ ᠬᠢᠴᠢᠶᠡᠯ ᠡᠬᠢᠯᠡᠬᠦ ᠶᠣᠰᠣᠯᠠᠯ ᠲᠥᠪ ᠤᠨ ᠰᠢ ᠵᠦᠴᠦᠭᠡ ᠶᠢᠨ ᠳᠡᠭᠡᠳᠦ ᠰᠤᠷᠭᠠᠭᠤᠯᠢ ᠳᠤ ᠪᠣᠯᠪᠠ᠃ ᠰᠣᠶᠣᠯ ᠪᠠ ᠵᠢᠭᠤᠯᠴᠢᠯᠠᠯ ᠤᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠰᠠᠶᠢᠳ ᠯᠦ ᠶᠢᠩ ᠴᠤᠸᠠᠨ ᠶᠠᠷᠢᠶ᠎ᠠ ᠲᠠᠯᠪᠢᠭᠰᠠᠨ ᠪᠥᠭᠡᠳ ᠬᠢᠴᠢᠶᠡᠯ ᠡᠬᠢᠯᠡᠭᠰᠡᠨ ᠢ ᠵᠠᠷᠯᠠᠪᠠ᠃      ᠲᠤᠰ ᠤᠳᠠᠭᠠᠨ ᠤ ᠰᠤᠳᠤᠯᠤᠨ ᠰᠤᠷᠤᠯᠴᠠᠬᠤ ᠠᠩᠭᠢ ᠪᠣᠯ ᠰᠢᠨ᠎ᠡ ᠴᠠᠭ ᠦᠶ᠎ᠡ ᠶᠢᠨ ᠲᠠᠶᠢᠰᠠᠨ ᠤ ᠤᠷᠠᠯᠢᠭ ᠤᠨ ᠵᠣᠬᠢᠶᠠᠨ ᠪᠦᠲᠦᠭᠡᠯᠭᠡ ᠶᠢᠨ ᠳᠠᠭᠠᠭᠤᠯᠤᠭᠴᠢ ᠴᠢᠳᠠᠪᠤᠷᠢᠲᠠᠨ ᠢ ᠬᠥᠮᠥᠵᠢᠭᠦᠯᠵᠦ᠂ ᠤᠳᠬ᠎ᠠ ᠤᠷᠠᠯᠢᠭ ᠤᠨ ᠡᠩᠨᠡᠭᠡᠨ ᠤ ᠪᠠᠶᠢᠭᠤᠯᠤᠯᠲᠠ ᠪᠠ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠰᠣᠶᠣᠯ ᠪᠠ ᠵᠢᠭᠤᠯᠴᠢᠯᠠᠯ ᠤᠨ ᠶᠠᠮᠤᠨ ᠤ ᠴᠢᠬᠤᠯᠠ ᠠᠷᠭ᠎ᠠ ᠬᠡᠮᠵᠢᠶ᠎ᠡ ᠮᠦᠨ᠂ ᠪᠠᠰᠠ ᠴᠤ ᠰᠣᠶᠣᠯ ᠪᠠ ᠵᠢᠭᠤᠯᠴᠢᠯᠠᠯ ᠤᠨ ᠶᠠᠮᠤᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠤ ᠬᠡᠷᠡᠭᠵᠢᠭᠦᠯᠬᠦ ᠭᠤᠣᠯᠳᠠᠯᠭ᠎ᠠ ᠲᠠᠢ ᠴᠢᠳᠠᠪᠤᠷᠢᠲᠠᠨ ᠢ ᠬᠥᠮᠥᠵᠢᠭᠦᠯᠬᠦ ᠲᠥᠯᠥᠪᠯᠡᠭᠡ ᠶᠢᠨ ᠨᠢᠭᠡ ᠨᠢ ᠮᠥᠨ᠂  ᠡᠨᠡ ᠨᠢ ᠢᠷᠡᠭᠡᠳᠦᠢ ᠶᠢᠨ 10 ︱ 15 ᠵᠢᠯ ᠳᠤ ᠵᠣᠬᠢᠶᠠᠨ ᠪᠦᠲᠦᠭᠡᠯᠭᠡ ᠶᠢᠨ ᠡᠮᠦᠨ᠎ᠡ ᠹᠷᠣᠨᠲ ᠲᠤ ᠢᠳᠡᠪᠬᠢᠲᠡᠢ ᠠᠵᠢᠯᠯᠠᠬᠤ ᠨᠢᠭᠡ ᠪᠦᠯᠦᠭ ᠵᠦᠴᠦᠭᠡ ᠨᠠᠶᠢᠷᠠᠭᠤᠯᠤᠭᠴᠢ᠂ ᠤᠳᠤᠷᠢᠳᠤᠭᠠᠴᠢ᠂ ᠠᠶ᠎ᠠ ᠵᠣᠬᠢᠶᠠᠭᠴᠢ᠂ ᠲᠠᠶᠢᠰᠠᠨ ᠤ ᠤᠷᠠᠯᠠᠯ᠂ ᠣᠯᠠᠨ ᠵᠠᠭᠤᠴᠢᠲᠤ ᠵᠣᠬᠢᠶᠠᠨ ᠪᠦᠲᠦᠭᠡᠯᠭᠡ ᠶᠢᠨ ᠳᠠᠭᠠᠭᠤᠯᠤᠭᠴᠢ ᠴᠢᠳᠠᠪᠤᠷᠢᠲᠠᠨ ᠢ ᠬᠥᠮᠥᠵᠢᠭᠦᠯᠬᠦ ᠶᠢᠨ ᠲᠥᠯᠥᠭᠡ ᠶᠤᠮ᠃      2023 ᠣᠨ ᠤ 4 ᠳ᠋ᠦ᠋ᠭᠡᠷ ᠰᠠᠷ᠎ᠠ ᠳᠤ ᠰᠤᠳᠤᠯᠤᠨ ᠰᠤᠷᠤᠯᠴᠠᠬᠤ ᠠᠩᠭᠢ ᠶᠢᠨ ᠪᠡᠯᠡᠳᠬᠡᠯ ᠠᠵᠢᠯ ᠢ ᠡᠬᠢᠯᠡᠭᠦᠯᠦᠭᠰᠡᠨ ᠠᠴᠠ ᠨᠠᠭᠠᠰᠢ᠂   ᠴᠢᠩᠭ᠎ᠠ ᠨᠢᠮᠪᠠᠢ ᠰᠢᠯᠢᠨ ᠰᠣᠩᠭᠤᠬᠤ ᠪᠠᠷ ᠳᠡᠮᠵᠢᠨ ᠪᠥᠬᠦ ᠤᠯᠤᠰ ᠤᠨ 27 ᠤᠷᠠᠨ ᠰᠠᠶᠢᠬᠠᠨ ᠤ ᠬᠦᠷᠢᠶᠡᠯᠡᠩ ᠪᠦᠯᠬᠦᠮ᠂ ᠤᠷᠠᠯᠢᠭ ᠤᠨ ᠳᠡᠭᠡᠳᠦ ᠰᠤᠷᠭᠠᠭᠤᠯᠢ᠂ ᠰᠣᠶᠣᠯ ᠤᠨ ᠠᠵᠤ ᠠᠬᠤᠶᠢᠯᠠᠯ ᠵᠡᠷᠭᠡ ᠨᠢᠭᠡᠴᠢ ᠶᠢᠨ 37 ᠢᠳᠡᠷ ᠵᠠᠯᠠᠭᠤ ᠨᠠᠰᠤᠨ ᠤ ᠨᠢᠭᠡᠳᠦᠭᠡᠷ ᠹᠷᠣᠨᠲ ᠤᠨ ᠰᠢᠯᠢᠳᠡᠭ ᠲᠠᠶᠢᠰᠠᠨ ᠤ ᠤᠷᠠᠯᠢᠭ ᠤᠨ ᠵᠣᠬᠢᠶᠠᠨ ᠪᠦᠲᠦᠭᠡᠭᠴᠢ ᠲᠣᠰ ᠰᠤᠳᠤᠯᠤᠨ ᠰᠤᠷᠤᠯᠴᠠᠬᠤ ᠠᠩᠭᠢ ᠳᠤ ᠰᠤᠩᠭᠤᠭᠳᠠᠵᠠᠢ᠃ ᠰᠣᠷᠣᠭᠴᠢ ᠶᠢᠨ ᠲᠥᠯᠥᠭᠡᠯᠡᠭᠴᠢ ᠱᠧᠨ ᠴᠧᠨ ᠶᠣᠰᠣᠯᠠᠯ ᠳᠡᠭᠡᠷ᠎ᠡ ᠶᠠᠷᠢᠶ᠎ᠠ ᠲᠠᠯᠪᠢᠪᠠ᠃ ᠬᠢᠴᠢᠶᠡᠯ ᠡᠬᠢᠯᠡᠬᠦ ᠶᠣᠰᠣᠯᠠᠯ ᠤᠨ ᠳᠠᠷᠠᠭ᠎ᠠ᠂ ᠰᠣᠶᠣᠯ ᠪᠠ ᠵᠢᠭᠤᠯᠴᠢᠯᠠᠯ ᠤᠨ ᠶᠠᠮᠤᠨ ᠤ ᠤᠷᠠᠯᠢᠭ ᠤᠨ ᠵᠤᠷᠭᠠᠨ ᠤ ᠭᠤᠣᠯ ᠬᠠᠷᠢᠭᠤᠴᠠᠯᠭᠠᠲᠠᠨ ᠨᠥᠬᠦᠳ ᠰᠤᠷᠤᠭᠴᠢᠳ ᠲᠤ ᠠᠩᠬᠠᠨ ᠤ ᠬᠢᠴᠢᠶᠡᠯ ᠢ ᠵᠢᠭᠠᠪᠠ᠃
 
ᠢᠷᠡᠯᠲᠡ᠄ ᠰᠣᠶᠣᠯ ᠪᠠ ᠵᠢᠭᠤᠯᠴᠢᠯᠠᠯ ᠤᠨ ᠶᠠᠮᠤᠨ ᠤ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号