ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠣᠷᠳᠣᠨ ᠤ ᠰᠣᠩᠭᠤᠨ ᠲᠠᠨᠢᠯᠴᠠᠭᠤᠯᠤᠭᠰᠠᠨ ᠪᠦᠲᠦᠭᠡᠯ 2023 ᠣᠨ ᠤ ᠬᠠᠲᠤᠨ ᠭᠤᠣᠯ ᠳᠠᠭᠠᠤ ᠶᠢᠨ ᠶᠢᠰᠦᠨ ᠮᠤᠵᠢ ︵ᠣᠷᠣᠨ︶ ᠶᠢᠨ ᠰᠢ ᠲᠠᠭᠤᠷᠢᠯᠢᠬ ᠤᠨ ᠰᠢ ᠰᠣᠨᠢᠷᠬᠠᠭᠴᠢᠳ ᠤᠨ ᠦᠵᠡᠭᠦᠯᠭᠡ ᠶᠢᠨ ᠲᠣᠭᠯᠠᠯᠲᠠ ᠳᠤ ᠣᠷᠣᠯᠴᠠᠭᠠᠳ ᠰᠢᠯᠢᠳᠡᠭ ᠠᠮᠵᠢᠯᠲᠠ ᠣᠯᠪᠠ
ᠨᠡᠶᠢᠲᠡᠯᠡᠭᠰᠡᠨ ᠴᠠᠭ᠄
2023/10/28
     10 ᠳ᠋ᠤᠭᠠᠷ ᠰᠠᠷ᠎ᠠ ᠶᠢᠨ 18 ᠤ ᠡᠳᠦᠷ ᠠᠴᠠ 19 ᠤ ᠡᠳᠦᠷ ᠪᠣᠯᠲᠠᠯ᠎ᠠ᠂ ᠰᠣᠶᠣᠯ ᠪᠠ ᠵᠢᠭᠤᠯᠴᠢᠯᠠᠯ ᠤᠨ ᠶᠠᠮᠤᠨ ᠤ ᠪᠦᠬᠦ ᠤᠯᠤᠰ ᠤᠨ ᠣᠯᠠᠨ ᠨᠡᠶᠢᠲᠡ ᠶᠢᠨ ᠰᠣᠶᠣᠯ ᠤᠨ ᠬᠥᠭᠵᠢᠯᠲᠡ ᠶᠢᠨ ᠲᠥᠪ ᠵᠢᠯᠤᠭᠤᠳᠴᠤ᠂ ᠨᠢᠩᠰᠢᠶᠠ ᠶᠢᠨ ᠬᠤᠲᠣᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ᠂ ᠱᠢ ᠽᠦᠢ ᠱᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠭᠤᠣᠯᠯᠠᠨ᠂ ᠱᠢ ᠽᠦᠢ ᠱᠠᠨ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠱᠢ ᠽᠦᠢ ᠱᠠᠨ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠨᠢᠩᠰᠢᠶᠠ ᠶᠢᠨ ᠬᠤᠲᠣᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠣᠷᠳᠣᠨ ᠳᠠᠭᠠᠭᠠᠴᠢᠯᠠᠵᠤ᠂ ᠬᠥᠬᠡᠨᠠᠭᠤᠷ ᠮᠤᠵᠢ ᠶᠢᠨ ᠰᠣᠶᠣᠯ ᠪᠠ ᠵᠢᠭᠤᠯᠴᠢᠯᠠᠯ ᠤᠨ ᠲᠢᠩᠬᠢᠮ᠂ ᠰᠧᠴᠤᠸᠠᠨ ᠮᠤᠵᠢ ᠶᠢᠨ ᠰᠣᠶᠣᠯ ᠪᠠ ᠵᠢᠭᠤᠯᠴᠢᠯᠠᠯ ᠤᠨ ᠲᠢᠩᠬᠢᠮ᠂ ᠭᠠᠨᠰᠤ ᠮᠤᠵᠢ ᠶᠢᠨ ᠰᠣᠶᠣᠯ ᠪᠠ ᠵᠢᠭᠤᠯᠴᠢᠯᠠᠯ ᠤᠨ ᠲᠢᠩᠬᠢᠮ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ᠂ ᠱᠠᠨᠰᠢ ᠮᠤᠵᠢ ᠶᠢᠨ ᠰᠣᠶᠣᠯ ᠪᠠ ᠵᠢᠭᠤᠯᠴᠢᠯᠠᠯ ᠤᠨ ᠲᠢᠩᠬᠢᠮ᠂ ᠱᠠᠨ ᠰᠢ ᠮᠤᠵᠢ ᠶᠢᠨ ᠰᠣᠶᠣᠯ ᠪᠠ ᠵᠢᠭᠤᠯᠴᠢᠯᠠᠯ ᠤᠨ ᠲᠢᠩᠬᠢᠮ᠂ ᠾᠧᠨᠠᠨ ᠮᠤᠵᠢ ᠶᠢᠨ ᠰᠣᠶᠣᠯ ᠪᠠ ᠵᠢᠭᠤᠯᠴᠢᠯᠠᠯ ᠤᠨ ᠲᠢᠩᠬᠢᠮ᠂ ᠱᠠᠨᠳᠦ᠋ᠩ ᠮᠤᠵᠢ ᠶᠢᠨ ᠰᠣᠶᠣᠯ ᠪᠠ ᠵᠢᠭᠤᠯᠴᠢᠯᠠᠯ ᠤᠨ ᠲᠢᠩᠬᠢᠮ ᠬᠠᠮᠲᠤᠷᠠᠨ ᠡᠷᠬᠢᠯᠡᠭᠰᠡᠨ  ︽ᠳ᠋ᠠ ᠾᠧ ᠯᠢ ᠶᠤᠸᠠᠨ ᠾᠦᠢ ᠴᠤᠭᠯᠠᠭᠠᠨ   ᠰᠢᠨ᠎ᠡ ᠴᠠᠭ ᠦᠶ᠎ᠡ ᠪᠠᠨ ᠮᠠᠭᠲᠠᠨ ᠳᠠᠭᠤᠯᠠᠨ᠎ᠠ︾ 2023 ᠣᠨ ᠤ ᠬᠠᠲᠤᠨ ᠭᠤᠣᠯ ᠳᠠᠭᠠᠤ ᠶᠢᠨ ᠶᠢᠰᠦᠨ ᠮᠤᠵᠢ ︵ᠣᠷᠣᠨ︶ ᠶᠢᠨ ᠰᠢ ᠳᠠᠭᠤᠷᠢᠯᠢᠭ ᠤᠨ ᠰᠢ ᠰᠣᠨᠢᠷᠬᠠᠭᠴᠢᠳ ᠤᠨ ᠦᠵᠡᠭᠦᠯᠭᠡ ᠶᠢᠨ ᠲᠣᠭᠯᠠᠯᠲᠠ ᠱᠢ ᠽᠦᠢ ᠱᠠᠨ ᠬᠤᠳᠠ ᠶᠢᠨ ᠰᠣᠶᠣᠯ ᠤᠨ ᠣᠷᠳᠣᠨ ᠤ ᠲᠣᠮᠣ ᠲᠢᠶᠠᠲᠷ ᠲᠤ ᠦᠪᠡᠳᠡᠭᠰᠢ ᠶᠡᠭᠡ ᠪᠠᠷ ᠶᠠᠪᠤᠭᠳᠠᠪᠠ᠃ ᠬᠠᠲᠤᠨ ᠭᠤᠣᠯ ᠳᠠᠭᠠᠤ ᠶᠢᠨ ᠶᠢᠰᠦᠨ ᠮᠤᠵᠢ  ︵ᠣᠷᠣᠨ︶ ᠠᠴᠠ ᠢᠷᠡᠭᠰᠡᠨ 50 ᠭᠠᠷᠤᠢ ᠰᠢ ᠲᠠᠭᠤᠷᠢᠯᠢᠬ ᠤᠨ ᠰᠢ ᠰᠣᠨᠢᠷᠬᠠᠭᠴᠢᠳ ᠣᠯᠠᠨ ᠵᠦᠢᠯ ᠤᠨ ᠰᠢ ᠲᠠᠭᠤᠷᠢᠯᠢᠬ ᠤᠨ ᠬᠡᠯᠪᠡᠷᠢ ᠪᠠᠷ  ᠲᠣᠭᠯᠠᠨ ᠰᠢ ᠲᠠᠭᠤᠤᠷᠢᠯᠢᠬ ᠤᠨ ᠣᠯᠠᠨ ᠶᠠᠩᠵᠤ ᠶᠢᠨ ᠴᠤᠭ ᠵᠢᠪᠬᠤᠭ᠎ᠠ ᠶᠢ ᠭᠦᠢᠴᠡᠳ ᠢᠯᠡᠷᠡᠭᠦᠯᠵᠡᠢ᠃
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠣᠷᠳᠣᠨ ᠤ ᠰᠣᠩᠭᠤᠨ ᠲᠠᠨᠢᠯᠴᠠᠭᠤᠯᠤᠭᠰᠠᠨ ᠬᠤᠶᠠᠷ ᠬᠦᠮᠦᠨ ᠤ ᠡᠯᠭᠦᠯᠴᠡᠭᠡ ︵ᠡᠯ ᠷᠧᠨ ᠲᠠᠢ︶ ᠪᠢᠴᠢᠯ ᠰᠢ ︽ᠮᠠᠯᠠᠭᠠᠢ ᠵᠢᠭᠡᠯᠡᠭᠰᠡᠨ ᠨᠢ ︵ᠵᠢᠶᠧ ᠭᠤᠸᠠᠨ ᠽᠢ︶︾ ᠲᠣᠰ ᠤᠳᠠᠭᠠᠨ ᠤ ᠦᠵᠡᠭᠦᠯᠭᠡ ᠶᠢᠨ ᠲᠣᠭᠯᠠᠯᠲᠠ ᠳᠤ ᠳᠣᠪᠣᠶᠢᠮ᠎ᠠ ᠢᠯᠡᠷᠡᠯ ᠢᠶᠠᠷ ᠢᠶᠠᠨ ᠬᠠᠮᠤᠭ ᠤᠨ ᠥᠨᠳᠥᠷ ᠬᠤᠪᠢ ᠪᠠᠷ ᠠᠯᠲᠠᠨ ᠱᠠᠩᠨᠠᠯ ᠪᠠ ᠬᠠᠮᠤᠭ ᠤᠨ ᠰᠢᠯᠢᠳᠡᠭ ᠰᠢ ᠳᠠᠭᠤᠷᠢᠯᠢᠭ ᠤᠨ ᠰᠢ ᠰᠣᠨᠢᠷᠬᠠᠭᠴᠢᠳ ᠢ ᠬᠠᠪᠰᠤᠷᠤᠨ ᠵᠢᠯᠣᠭᠤᠳᠤᠭᠰᠠᠨ ᠱᠠᠩᠨᠠᠯ ᠢ ᠭᠥᠷᠳᠡᠪᠡ᠃ ᠲᠤᠰᠬᠠᠢ ᠮᠡᠷᠭᠡᠵᠢᠯᠲᠡᠨ ᠤ ᠰᠢᠯᠭᠠᠷᠠᠭᠤᠯᠬᠤ ᠺᠣᠮᠢᠰ ᠤᠨ ᠵᠦᠴᠦᠭᠡ ᠶᠢᠨ ᠪᠦᠲᠦᠭᠡᠯ ᠢ ᠰᠤᠳᠤᠯᠤᠨ ᠶᠠᠷᠢᠯᠴᠠᠬᠤ ᠬᠤᠷᠠᠯ ᠳᠡᠭᠡᠷ᠎ᠡ᠂ ︽ᠮᠠᠯᠠᠭᠠᠢ ᠵᠢᠭᠡᠯᠡᠭᠰᠡᠨ ᠨᠢ ︵ᠵᠢᠶᠧ ᠭᠤᠸᠠᠨ ᠽᠢ︶︾ ᠵᠦᠴᠦᠭᠡ ᠶᠢ ᠳᠡᠭᠡᠳᠦ ᠬᠡᠮᠵᠢᠶ᠎ᠡ ᠪᠠᠷ ᠦᠨᠡᠯᠡᠨ ᠮᠡᠳᠡᠷᠡᠭᠰᠡᠨ ᠪᠥᠭᠡᠳ ᠰᠢᠯᠢᠳᠡᠭ ᠲᠣᠭᠯᠠᠯᠲᠠ ᠶᠢᠨ ᠲᠥᠯᠥᠭᠡᠯᠡᠭᠴᠢ ᠪᠠᠷ ᠲᠤᠬᠠᠢ ᠶᠢᠨ ᠭᠠᠵᠠᠷ ᠤᠨ ᠰᠢ ᠳᠠᠭᠤᠷᠢᠯᠢᠭ ᠰᠤᠷᠭᠠᠭᠤᠯᠢ ᠳᠤ ᠣᠷᠣᠬᠤ᠂ ᠰᠢ ᠳᠠᠭᠤᠷᠢᠯᠢᠭ ᠦᠵᠡᠮᠵᠢ ᠶᠢᠨ ᠣᠷᠣᠨ ᠳᠤ ᠣᠷᠣᠬᠤ ᠪᠠ ᠰᠢ ᠳᠠᠭᠤᠷᠢᠯᠢᠭ ᠲᠠᠯᠠᠪᠠᠶ ᠳᠤ ᠣᠷᠣᠬᠤ ᠵᠡᠷᠭᠡ ᠨᠡᠶᠢᠲᠡ   ᠶᠢᠨ ᠠᠰᠠᠷᠠᠮᠵᠢ   ᠶᠢᠨ ᠲᠣᠭᠯᠠᠯᠲᠠ ᠳᠤ ᠣᠷᠣᠯᠴᠠᠵᠤ᠂ ᠦᠵᠡᠭᠴᠢᠳ ᠤᠨ ᠲᠠᠭᠠᠰᠢᠶᠠᠯ   ᠢ ᠣᠯᠣᠭᠰᠠᠨ ᠶᠤᠮ᠃
     ᠲᠣᠰ ᠤᠳᠠᠭᠠᠨ ᠤ ᠠᠵᠢᠯᠯᠠᠭ᠎ᠠ ᠨᠢ ᠬᠠᠲᠤᠨ ᠭᠤᠣᠯ ᠳᠠᠭᠠᠤ ᠶᠢᠨ ᠶᠢᠰᠦᠨ ᠮᠤᠵᠢ ︵ᠣᠷᠣᠨ︶ ᠶᠢᠨ ᠤᠯᠠᠮᠵᠢᠯᠠᠯᠲᠤ ᠰᠢ ᠲᠠᠭᠤᠷᠢᠯᠢᠬ ᠢ ᠬᠠᠮᠠᠭᠠᠯᠠᠬᠤ᠂ ᠤᠯᠠᠮᠵᠢᠯᠠᠬᠤ᠂ ᠰᠢᠨ᠎ᠡ ᠶᠢ ᠡᠭᠦᠳᠬᠦ᠂ ᠬᠥᠭᠵᠢᠭᠦᠯᠬᠦ ᠲᠠᠯ᠎ᠠ ᠪᠠᠷ  ᠬᠢ ᠰᠢᠯᠢᠳᠡᠭ ᠦᠷ᠎ᠡ ᠪᠦᠲᠦᠭᠡᠯ ᠢ ᠳᠡᠯᠭᠡᠵᠦ ᠦᠵᠡᠭᠦᠯᠦᠨ᠂ ᠳᠤᠮᠳᠠᠳᠤ ᠶᠢᠨ ᠰᠢ ᠲᠠᠭᠤᠷᠢᠯᠢᠬ ᠤᠨ ᠰᠣᠶᠣᠯ ᠢ ᠤᠯᠠᠮᠵᠢᠯᠠᠨ ᠳᠡᠯᠭᠡᠷᠡᠭᠦᠯᠬᠦ ᠶᠢ ᠬᠦᠴᠦᠲᠡᠢ ᠲᠦᠯᠬᠢᠨ ᠠᠬᠢᠭᠤᠯᠵᠤ᠂ ᠣᠷᠣᠨ ᠪᠦᠰᠡ ᠶᠢᠨ ᠰᠣᠶᠣᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠨ᠂ ᠬᠠᠲᠤᠨ ᠭᠤᠣᠯ ᠤᠨ ᠰᠣᠶᠣᠯ ᠤᠨ ᠴᠠᠭ ᠦᠶ᠎ᠡ ᠶᠢᠨ ᠦᠨ᠎ᠡ ᠥᠷᠲᠡᠭ ᠢ ᠳᠡᠯᠭᠡᠨ ᠦᠵᠡᠭᠦᠯᠵᠦ᠂ ᠰᠢᠨ᠎ᠡ ᠴᠠᠭ ᠦᠶ᠎ᠡ ᠶᠢᠨ ︽ᠬᠠᠲᠤᠨ ᠭᠤᠣᠯ ᠤᠨ ᠨᠠᠶᠢᠷᠠᠯ ᠳᠠᠭᠤᠤ︾ ᠶᠢ  ᠬᠠᠩᠭᠢᠨᠠᠭᠤᠯᠵᠠᠢ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号