ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ︽ᠪᠡᠭᠡᠵᠢᠩ ᠳᠤ ᠤᠷᠤᠵᠤ ᠶᠠᠮᠤᠨ ᠳᠤ ᠬᠦᠷᠬᠦ︾ ᠠᠵᠢᠯ ᠠᠩᠬ᠎ᠠ ᠠᠯᠬᠤᠮ ᠤᠨ ᠦᠷ᠎ᠡ ᠪᠦᠲᠦᠮᠵᠢ ᠣᠯᠪᠠ
ᠨᠡᠶᠢᠲᠡᠯᠡᠭᠰᠡᠨ ᠴᠠᠭ᠄
2023/11/9
    10 ᠳ᠋ᠤᠭᠠᠷ ᠰᠠᠷ᠎ᠠ ᠶᠢᠨ 30 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠴᠢᠨ ᠶᠠᠨ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠶᠢᠨ ᠳᠠᠷᠤᠭ᠎ᠠ ᠼᠤᠤ ᠵᠢᠶᠠᠨ ᠧᠨ ᠪᠦᠯᠬᠦᠮ ᠳᠠᠭᠠᠭᠤᠯᠤᠨ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠢ ᠨᠠᠶᠢᠳᠠᠪᠤᠷᠢᠵᠢᠭᠤᠯᠬᠤ ᠲᠤᠬᠠᠢ ᠰᠣᠶᠣᠯ ᠪᠠ ᠵᠢᠭᠤᠯᠴᠢᠯᠠᠯ ᠤᠨ ᠶᠠᠮᠤᠨ᠂ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠳᠤ ᠬᠦᠷᠴᠦ ᠵᠣᠯᠭᠠᠭᠤᠯᠬᠤ ᠠᠵᠢᠯ ᠬᠢᠪᠡ᠃      ᠴᠢᠨ ᠶᠠᠨ ᠰᠣᠶᠣᠯ ᠪᠠ ᠵᠢᠭᠤᠯᠴᠢᠯᠠᠯ ᠤᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠰᠠᠶᠢᠳ ᠷᠣᠣ ᠴᠢᠤᠸᠠᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ︽ᠰᠠᠨᠠᠯ︾ ᠢ ᠨᠠᠶᠢᠳᠠᠪᠤᠷᠢᠵᠢᠭᠤᠯᠬᠤ ᠲᠤᠬᠠᠢ ᠶᠡᠷᠦᠩᠬᠡᠢ ᠰᠡᠳᠬᠢᠴᠡ ᠶᠢ ᠬᠠᠷᠢᠭᠤ ᠮᠡᠲᠡᠭᠦᠯᠦᠨ᠂ ᠰᠣᠶᠣᠯ ᠪᠠ ᠵᠢᠭᠤᠯᠴᠢᠯᠠᠯ ᠤᠨ ᠶᠠᠮᠤᠨ ᠠᠴᠠ ᠲᠦᠷᠦ ᠶᠢᠨ ᠪᠣᠳᠣᠯᠭ᠎ᠠ ᠶᠢᠨ ᠲᠠᠯ᠎ᠠ ᠪᠠᠷ ᠵᠢᠭᠠᠨ ᠵᠢᠯᠤᠭᠤᠳᠬᠤ ᠶᠢ ᠬᠦᠰᠡᠪᠡ᠃ ᠷᠣᠣ ᠴᠢᠤᠸᠠᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠣᠶᠢᠷ᠎ᠠ ᠶᠢᠨ ᠵᠢᠯ ᠤᠨ ᠠᠵᠢᠯ ᠢ ᠳᠡᠭᠡᠳᠦ ᠬᠡᠮᠵᠢᠶ᠎ᠡ ᠪᠠᠷ ᠦᠨᠡᠯᠡᠵᠦ᠂ ᠥᠪᠥᠷ ᠮᠣᠩᠭᠤᠯ ᠤᠨ ᠰᠣᠶᠣᠯ ᠵᠢᠭᠤᠯᠴᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠳᠡᠮᠵᠢᠵᠦ᠂ ︽ᠰᠠᠨᠠᠯ︾  ᠤᠨ ᠬᠡᠷᠡᠭᠵᠢᠭᠦᠯᠬᠦ ᠲᠥᠰᠥᠯ ᠢ ᠰᠤᠳᠤᠯᠤᠨ ᠲᠣᠭᠲᠠᠭᠠᠵᠤ᠂ ᠤᠮᠠᠷᠠᠲᠤ ᠶᠢᠨ ᠰᠣᠶᠣᠯ  ᠵᠢᠭᠤᠯᠴᠢᠯᠠᠯ ᠤᠨ ᠰᠢᠨ᠎ᠡ ᠬᠡᠪ ᠵᠠᠭᠪᠤᠷ ᠢ ᠪᠤᠢ ᠪᠣᠯᠭᠠᠨ᠎ᠠ ᠭᠡᠵᠦ ᠢᠯᠡᠳᠬᠡᠪᠡ᠃ ᠴᠢᠨ ᠶᠠᠨ ᠪᠠᠰᠠ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠣᠪᠴᠢᠶᠠᠨ ᠳᠠᠷᠤᠭ᠎ᠠ ᠯᠦ ᠶᠢᠨ ᠳᠤ ︽ᠰᠠᠨᠠᠯ︾ ᠢ ᠨᠠᠶᠢᠳᠠᠪᠤᠷᠢᠵᠢᠭᠤᠯᠬᠤ ᠰᠡᠳᠬᠢᠴᠡ ᠪᠠᠨ ᠬᠠᠷᠢᠭᠤ ᠮᠡᠲᠡᠭᠦᠯᠪᠡ᠃ ᠡᠭᠦᠨ ᠳᠤ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠬᠥᠭᠵᠢᠭᠦᠯᠬᠦ ᠶᠢ ᠠᠬᠢᠭᠤᠯᠬᠤ᠂ ᠪᠠᠷᠠᠭᠤᠨ ᠯᠢᠶᠣᠤ ᠡᠾᠧ ᠭᠤᠣᠯ ᠤᠨ ᠪᠣᠯᠪᠠᠰᠤᠨ ᠤ ᠰᠤᠳᠤᠯᠭᠠᠨ ᠢ ᠳᠤᠮᠳᠠᠳᠤ ᠶᠢᠨ ᠪᠣᠯᠪᠠᠰᠤᠨ ᠤ ᠡᠬᠢ ᠰᠤᠷᠪᠤᠯᠵᠢ ᠶᠢ ᠬᠠᠶᠢᠬᠤ ᠢᠨᠵᠧᠨᠧᠷᠢᠩ ᠳᠤ ᠣᠷᠣᠭᠤᠯᠬᠤ᠂ ᠬᠤᠩᠱᠠᠨ ᠰᠣᠶᠣᠯ ᠤᠨ ᠪᠠᠭᠤᠷᠢ ᠶᠢ ᠳᠡᠯᠡᠬᠡᠢ ᠶᠢᠨ ᠰᠣᠶᠣᠯ ᠤᠨ ᠥᠪ ᠢᠶᠠᠷ ᠮᠡᠳᠡᠭᠦᠯᠬᠦ ᠵᠡᠷᠭᠡ ᠲᠠᠯ᠎ᠠ ᠪᠠᠷ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠶᠢᠨ ᠳᠡᠮᠵᠢᠯᠭᠡ ᠶᠢ ᠣᠯᠬᠤ ᠪᠠᠷ ᠴᠢᠷᠮᠠᠶᠢᠪᠠ᠃ ᠯᠦ ᠶᠢᠨ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠥᠪᠥᠷ ᠮᠣᠩᠭᠤᠯ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠦᠢᠯᠡᠰ ᠤᠨ ᠬᠥᠭᠵᠢᠯᠲᠡ ᠶᠢ ᠶᠡᠭᠡ ᠪᠠᠷ ᠳᠡᠮᠵᠢᠨ᠎ᠡ᠂ ᠥᠪᠥᠷ ᠮᠣᠩᠭᠤᠯ ᠨᠢ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠮᠣ ᠣᠷᠣᠨ ᠪᠣᠯᠤᠭᠰᠠᠨ ᠤ ᠬᠤᠪᠢ ᠳᠤ᠂ ᠥᠪᠥᠷ ᠮᠣᠩᠭᠤᠯ ᠨᠢ ᠰᠣᠶᠣᠯ ᠤᠨ ᠥᠪ ᠢ ᠬᠠᠮᠠᠭᠠᠯᠠᠬᠤ ᠲᠠᠯ᠎ᠠ ᠪᠠᠷ ᠢᠯᠡᠭᠦᠬᠡᠨ ᠬᠦᠴᠦ ᠣᠷᠣᠭᠤᠯᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠵᠢᠱᠢᠶ᠎ᠡ ᠦᠵᠡᠭᠦᠯᠬᠦ ᠣᠷᠣᠨ ᠢ ᠢᠳᠡᠪᠬᠢᠲᠡᠢ ᠮᠡᠳᠡᠭᠦᠯᠬᠦ ᠶᠢ ᠬᠦᠰᠡᠵᠦ ᠪᠠᠶᠢᠨ᠎ᠠ ᠭᠡᠵᠦ ᠢᠯᠡᠳᠭᠡᠪᠡ᠃      ᠴᠢᠨ ᠶᠠᠨ ᠨᠠᠷ ᠪᠠᠰᠠ ᠰᠣᠶᠣᠯ ᠪᠠ ᠵᠢᠭᠤᠯᠴᠢᠯᠠᠯ ᠤᠨ ᠶᠠᠮᠤᠨ ᠤ ᠠᠯᠪᠠᠨ ᠲᠢᠩᠬᠢᠮ᠂ ᠡᠬᠢ ᠪᠠᠶᠠᠯᠢᠭ ᠤᠨ ᠵᠤᠷᠭᠠᠨ᠂ ᠪᠣᠳᠠᠰ ᠤᠨ ᠪᠤᠰᠤ ᠰᠣᠶᠣᠯ ᠤᠨ ᠥᠪ ᠤᠨ ᠵᠤᠷᠭᠠᠨ᠂ ᠲᠦᠷᠦ ᠶᠢᠨ ᠪᠣᠳᠣᠯᠭ᠎ᠠ ᠬᠠᠤᠯᠢ ᠲᠣᠭᠲᠠᠭᠠᠯ ᠤᠨ ᠵᠤᠷᠭᠠᠨ᠂ ᠤᠯᠠᠨ ᠤᠯᠤᠰ ᠤᠨ ᠰᠣᠯᠢᠯᠴᠠᠭ᠎ᠠ ᠪᠠ ᠬᠠᠮᠲᠤᠷᠠᠯᠴᠠᠭᠠᠨ ᠤ ᠲᠣᠪᠴᠢᠶ᠎ᠠ ᠳᠤ ᠬᠦᠷᠴᠦ᠂ ᠤᠯᠤᠰ ᠤᠨ ᠲᠠᠰ ᠤᠨ ᠠᠮᠢ ᠠᠬᠤᠢ ᠶᠢᠨ ᠬᠠᠮᠠᠭᠠᠯᠠᠯᠲᠠ ᠶᠢᠨ ᠣᠷᠣᠨ ᠢ ᠡᠭᠦᠳᠦᠨ ᠪᠠᠶᠢᠭᠤᠯᠬᠤ᠂ 2024 ᠣᠨ ᠤ ᠪᠣᠳᠠᠰ ᠤᠨ ᠪᠤᠰᠤ ᠰᠣᠶᠣᠯ ᠤᠨ ᠥᠪ ᠤᠨ ᠤᠬᠠᠭᠤᠯᠭ᠎ᠠ ᠦᠵᠡᠭᠦᠯᠭᠡ ᠶᠢᠨ ᠲᠣᠮᠣ ᠬᠡᠯᠪᠡᠷᠢ ᠶᠢᠨ ᠠᠵᠢᠯᠯᠠᠭ᠎ᠠ ᠶᠢ ᠡᠷᠭᠢᠯᠡᠬᠦ ᠪᠠᠷ ᠭᠤᠶᠤᠴᠢᠯᠠᠬᠤ᠂ ᠡᠪᠦᠯ ᠤᠨ ᠤᠯᠠᠷᠢᠯ ᠤᠨ ᠮᠥᠰᠥ ᠴᠠᠰᠤᠨ ᠤ ᠠᠵᠢᠯᠯᠠᠭ᠎ᠠ᠂ 5A ᠲᠠᠰ ᠤᠨ ᠦᠵᠡᠮᠵᠢ ᠶᠢᠨ ᠣᠷᠣᠨ ᠪᠠ ᠤᠯᠤᠰ ᠤᠨ ᠲᠠᠰ ᠤᠨ ᠵᠢᠭᠤᠯᠴᠢᠯᠠᠯ  ᠰᠡᠯᠡᠭᠦᠴᠡᠯ ‍ᠤᠨ‌ᠣᠷᠣᠨ ᠢ ᠡᠭᠦᠳᠦᠨ ᠪᠠᠶᠢᠭᠤᠯᠬᠤ᠂ 2024 ᠣᠨ ᠤ ᠶᠠᠮᠤᠨ ᠮᠤᠵᠢ ᠶᠢᠨ ᠬᠠᠮᠲᠤᠷᠠᠯᠴᠠᠭ᠎ᠠ᠂ ︽ᠴᠠᠢ ᠪᠠ ᠳᠡᠯᠡᠬᠡᠢ︾ ᠶᠢᠨ ᠭᠠᠳᠠᠭᠠᠳᠤ ᠳᠤ ᠬᠢ ᠤᠬᠠᠭᠤᠯᠭ᠎ᠠ ᠶᠢᠨ ᠨᠠᠷᠠᠲᠤ ᠲᠡᠮᠳᠡᠭ᠂ ︽ᠲᠦᠮᠡᠨ ᠭᠠᠵᠠᠷ ᠤᠨ ᠴᠠᠢ ᠶᠢᠨ ᠵᠠᠮ︾ ᠤᠨ ᠣᠯᠠᠨ ᠤᠯᠤᠰ ᠤᠨ ᠵᠢᠭᠤᠯᠴᠢᠯᠠᠯ ᠤᠨ ᠬᠤᠯᠪᠣᠭᠠᠨ ᠤ ᠲᠣᠭᠲᠠᠴᠠ ᠵᠢᠴᠢ ᠥᠪᠥᠷ ᠮᠣᠩᠭᠤᠯ ᠤᠨ ︽ᠰᠠᠨᠠᠯ︾ ᠢ ᠨᠠᠶᠢᠳᠠᠪᠤᠷᠢᠵᠢᠭᠤᠯᠬᠤ ᠪᠠ ᠬᠤᠪᠢᠷᠠᠭᠤᠯᠬᠤ ᠵᠡᠷᠭᠡ ᠠᠵᠢᠯ ᠢ ᠵᠣᠯᠭᠠᠭᠤᠯᠪᠠ᠃ ᠡᠭᠦᠨ ᠤ ᠬᠠᠮᠲᠤ ᠪᠠᠰᠠ 2024 ᠣᠨ ᠤ ᠥᠪᠥᠷ ᠮᠣᠩᠭᠤᠯ ᠤᠨ ᠰᠣᠶᠣᠯ ᠵᠢᠭᠤᠯᠴᠢᠯᠠᠯ ᠤᠨ ᠭᠤᠣᠯᠳᠠᠯᠭ᠎ᠠ ᠲᠠᠢ ᠲᠦᠷᠦᠯ ᠵᠦᠢᠯ ᠤᠨ ᠲᠥᠪ ᠤᠨ ᠪᠡᠯᠡ ᠮᠥᠩᠭᠦ ᠶᠢ ᠴᠢᠷᠮᠠᠶᠢᠨ ᠣᠯᠬᠤ ᠵᠡᠷᠭᠡ ᠬᠤᠯᠪᠣᠭᠳᠠᠯ ᠪᠦᠬᠦᠢ ᠪᠠᠶᠢᠳᠠᠯ ᠢ ᠢᠳᠡᠪᠬᠢᠲᠡᠢ ᠪᠠᠷ ᠵᠣᠯᠭᠠᠭᠤᠯᠪᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号