ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ 2023 ᠣᠨ ᠤ 32 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ ᠶᠢᠨ ᠶᠢᠰᠦᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2023/12/16
     11 ᠳ᠋ᠣᠭᠡᠷ ᠰᠠᠷ᠎ᠠ ᠶᠢᠨ 1 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠴᠢᠨ ᠶᠠᠨ 32 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶ᠎ᠠ ᠶᠢᠨ ᠶᠢᠰᠦᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠡᠷᠭᠡ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠵᠤ ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠪᠠ᠃      ᠬᠤᠷᠠᠯ ᠠᠴᠠ᠂ ᠳᠡᠯᠡᠬᠡᠢ ᠶᠢᠨ ᠵᠠᠭᠤᠨ ᠵᠢᠯ ᠳᠤ ᠭᠠᠷᠤᠭ᠎ᠠ ᠦᠭᠡᠢ ᠶᠡᠭᠡ ᠬᠤᠪᠢᠷᠠᠯᠲᠠ ᠲᠦᠷᠭᠡᠨ ᠬᠥᠭᠵᠢᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠵᠠᠩᠭᠢᠯᠠᠭ᠎ᠠ ᠶᠢᠨ ᠴᠠᠭ ᠦᠶ᠎ᠡ ᠳᠤ ᠣᠷᠣᠭᠰᠠᠨ ᠠᠬᠤᠢ ᠪᠠᠶᠢᠳᠠᠯ ᠳᠣᠣᠷ᠎ᠠ᠂ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢᠨ ᠲᠣᠭᠤᠷᠢᠨ ᠳᠤ ᠬᠠᠮᠲᠤ ᠶᠢᠨ ᠰᠤᠷᠤᠯᠴᠠᠯᠭ᠎ᠠ ᠬᠢᠭᠰᠡᠨ  ᠨᠢ ᠴᠢᠬᠤᠯᠠ ᠶᠡᠭᠡ ᠤᠨᠤᠯ ᠤᠨ ᠪᠠ ᠪᠣᠳᠠᠲᠤ ᠠᠴᠢ ᠬᠤᠯᠪᠣᠭᠳᠠᠯ ᠲᠠᠢ ᠶᠤᠮ ᠭᠡᠵᠦ ᠵᠢᠭᠠᠵᠤ ᠭᠠᠷᠭᠠᠪᠠ᠃ ᠶᠡᠷᠦᠩᠬᠡᠢ ᠱᠦᠵᠢ ᠰᠢ ᠶᠢᠨ ᠫᠢᠩ ᠤᠨ ᠬᠠᠮᠲᠤ ᠶᠢᠨ ᠰᠤᠷᠤᠯᠴᠠᠯᠭ᠎ᠠ ᠳᠡᠭᠡᠷ᠎ᠡ ᠲᠠᠯᠪᠢᠭᠰᠠᠨ ᠴᠢᠬᠤᠯᠠ ᠶᠠᠷᠢᠶ᠎ᠠ ᠨᠢ ᠮᠠᠨ ᠤ ᠨᠠᠮ ᠤᠨ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠤᠨ ᠲᠡᠦᠬᠡᠨ ᠣᠷᠣᠨ ᠪᠠᠶᠢᠷᠢ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠬᠥᠭᠵᠢᠯᠲᠡ ᠶᠢᠨ ᠵᠢᠮ᠎ᠡ ᠶᠣᠰᠣᠨ ᠤ ᠲᠤᠬᠠᠢ ᠰᠢᠰᠲ᠋ᠧᠮ ᠲᠠᠢ ᠡᠵᠡᠮᠳᠡᠯ ᠪᠠ ᠭᠦᠨᠵᠡᠭᠡᠢ ᠠᠵᠢᠭᠯᠠᠯᠲᠠ ᠶᠢ ᠭᠦᠢᠴᠡᠳ ᠢᠯᠡᠷᠡᠭᠦᠯᠵᠦ᠂ ᠮᠠᠷᠺᠰ ᠤᠨ ᠦᠵᠡᠯ ᠤᠨ ᠦᠨᠳᠦᠰᠦᠲᠡᠨ ᠤ ᠣᠨᠣᠯ ᠢ ᠳᠤᠮᠳᠠᠳᠤ ᠤᠯᠤᠰ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠭᠰᠠᠨ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠲᠠᠢ ᠤᠶᠠᠯᠳᠤᠭᠤᠯᠤᠭᠰᠠᠨ ᠤ ᠬᠠᠮᠤᠭ ᠤᠨ ᠰᠢᠨ᠎ᠡ ᠦᠷ᠎ᠡ ᠪᠦᠲᠦᠭᠡᠯ ᠮᠥᠨ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭᠠᠨ ᠤ ᠴᠤ᠋ ᠰᠢᠨ᠎ᠡ ᠬᠠᠭᠤᠳᠠᠰᠤ ᠮᠥᠨ᠂ ᠡᠨᠡ ᠨᠢ ᠪᠢᠳᠡᠨ ᠤ ᠰᠢᠨ᠎ᠡ ᠪᠠᠶᠢᠳᠠᠯ ᠤᠨ ᠳᠣᠣᠷᠠᠬᠢ ᠦᠨᠳᠦᠰᠦᠲᠡᠨ ᠤ ᠠᠵᠢᠯ ᠢ ᠰᠠᠶᠢᠲᠤᠷ ᠬᠢᠬᠦ ᠳᠤ ᠦᠨᠳᠦᠰᠦᠨ ᠵᠢᠷᠤᠮᠯᠠᠯ ᠬᠠᠩᠭᠠᠵᠤ᠂ ᠤᠷᠤᠭᠰᠢᠯᠠᠬᠤ ᠴᠢᠭᠯᠡᠯ ᠢ ᠵᠢᠭᠠᠵᠤ ᠥᠭᠭᠦᠭᠰᠡᠨ ᠪᠠᠶᠢᠨ᠎ᠠ᠃ ᠪᠦᠬᠦ ᠣᠷᠣᠨ ᠤ ᠡᠯ᠎ᠡ ᠱᠠᠲᠤᠨ ᠤ ᠰᠣᠶᠣᠯ ᠵᠢᠭᠤᠯᠴᠢᠯᠠᠯ ᠤᠨ ᠰᠢᠰᠲ᠋ᠧᠮ ᠤᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ  ᠲᠤᠭᠤᠰᠢᠯᠠᠭᠤᠯᠵᠤ᠂ ᠨᠠᠮ ᠤᠨ ᠦᠨᠳᠦᠰᠦᠲᠡᠨ ᠤ ᠠᠵᠢᠯ ᠤᠨ ᠰᠢᠨ᠎ᠡ ᠱᠠᠲᠤᠴᠢ ᠴᠢᠨᠠᠷᠲᠠᠢ ᠣᠨᠴᠠᠯᠢᠭ ᠢ ᠣᠨᠣᠪᠴᠢᠲᠠᠢ ᠡᠵᠡᠮᠳᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠵᠤ᠂ ᠰᠣᠶᠣᠯ ᠪᠠ ᠵᠢᠭᠤᠯᠴᠢᠯᠠᠯ ᠤᠨ ᠠᠵᠢᠯ ᠤᠨ ᠪᠦᠬᠦ ᠶᠠᠪᠤᠴᠠ᠂ ᠡᠯ᠎ᠡ ᠲᠠᠯ᠎ᠠ ᠳᠤ ᠲᠤᠭᠤᠰᠢᠯᠠᠭᠤᠯᠬᠤ ᠬᠡᠷᠡᠭᠲᠡᠢ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭᠠᠨ ᠤ ᠠᠭᠤᠯᠤᠭᠳᠠᠬᠤᠨ ᠢ ᠭᠦᠨᠵᠡᠭᠡᠢ ᠰᠤᠷᠤᠯᠴᠠᠨ ᠣᠶᠢᠯᠠᠭᠠᠵᠤ᠂ ᠭᠤᠣᠯ ᠴᠢᠬᠤᠯᠠ ᠠᠭᠤᠯᠭ᠎ᠠ ᠶᠢ ᠡᠵᠡᠮᠳᠡᠬᠦ ᠬᠡᠷᠡᠭᠲᠡᠢ ᠭᠡᠵᠦ ᠴᠢᠬᠤᠯᠠᠴᠢᠯᠠᠵᠠᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠣᠯ ᠨᠠᠮ ᠤᠨ ᠦᠨᠳᠦᠰᠦᠲᠡᠨ ᠤ ᠠᠵᠢᠯ᠂ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠵᠢᠯ ᠤᠨ ᠭᠤᠣᠯ ᠱᠤᠭᠤᠮ ᠮᠥᠨ ᠭᠡᠳᠡᠭ ᠢ ᠭᠦᠨᠵᠡᠭᠡᠢ ᠣᠶᠢᠯᠠᠭᠠᠵᠤ᠂ ᠳᠤᠮᠳᠠᠳᠤ ᠶᠢᠨ ᠦᠨᠳᠦᠰᠦᠲᠡᠨ ᠤ ᠥᠨᠢ ᠤᠳᠠᠭᠠᠨ ᠲᠡᠦᠬᠡᠨ ᠳᠤ ᠦᠨᠡᠨ ᠬᠦ ᠰᠠᠭᠤᠷᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠨᠤᠯ ᠤᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ︔ ᠳᠤᠮᠳᠠᠳᠤ ᠶᠢᠨ ᠦᠨᠳᠦᠰᠦᠲᠡᠨ ᠤ ᠤᠳᠤ ᠦᠶ᠎ᠡ ᠶᠢᠨ ᠪᠣᠯᠪᠠᠰᠤᠨ ᠢ ᠪᠣᠳᠣᠯᠬᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ  ᠳᠠᠰᠤᠷᠠᠯᠲᠠ ᠦᠭᠡᠢ ᠪᠠᠶᠢᠭᠤᠯᠬᠤ ᠬᠡᠷᠡᠭᠲᠡᠢ︔ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠶᠡᠭᠡ ᠪᠦᠯᠬᠦᠮᠳᠡᠯ ᠢᠶᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠬᠡᠷᠡᠭᠲᠡᠢ︔ ᠳᠤᠮᠳᠠᠳᠤ ᠶᠢᠨ ᠦᠨᠳᠦᠰᠦᠲᠡᠨ ᠤ ᠦᠯᠢᠭᠡᠷ ᠢ ᠰᠠᠶᠢᠲᠤᠷ ᠶᠠᠷᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠶᠡᠬᠡᠪᠡᠷ ᠤᠬᠠᠭᠤᠯᠤᠨ ᠲᠠᠨᠢᠯᠴᠠᠭᠤᠯᠬᠤ ᠬᠡᠷᠡᠭᠲᠡᠢ︔ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠢ ᠭᠦᠨᠵᠡᠭᠡᠢ ᠣᠶᠢᠯᠠᠭᠠᠨ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠯ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠶᠢᠨ ᠡᠭᠦᠷᠭᠡ ᠪᠣᠯᠬᠤ ᠶᠢ ᠭᠦᠨᠵᠡᠭᠡᠢ ᠣᠶᠢᠯᠠᠭᠠᠵᠤ᠂ ᠤᠬᠠᠮᠰᠠᠷ ᠠᠴᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠣᠭᠤᠳᠤᠭᠤᠯᠵᠤ᠂ ᠠᠵᠢᠯ ᠢᠶᠠᠨ ᠠᠬᠢᠭᠤᠯᠵᠤ᠂ ᠰᠤᠷᠤᠯᠴᠠᠬᠤ ᠰᠡᠳᠬᠢᠬᠦ ᠬᠡᠷᠡᠭᠯᠡᠬᠦ ᠶᠢ ᠲᠤᠭᠤᠰᠢᠯᠠᠭᠤᠯᠬᠤ᠂ ᠮᠡᠳᠡᠬᠦ ᠢᠲᠡᠭᠡᠬᠦ ᠠᠵᠢᠯᠯᠠᠬᠤ ᠶᠢ ᠨᠢᠭᠡᠳᠬᠡᠬᠦ ᠶᠢ  ᠦᠨᠡᠨ ᠬᠦ ᠪᠡᠶᠡᠯᠡᠭᠦᠯᠬᠦ ᠬᠡᠷᠡᠭᠲᠡᠢ ᠭᠡᠪᠡ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ  ᠤ ᠵᠣᠷᠢᠭ ᠰᠠᠨᠠᠭ᠎ᠠ  ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠬᠤ ᠪᠣᠯ ᠣᠳᠣᠬᠠᠨ ᠪᠠ ᠬᠤᠶᠢᠰᠢᠳᠠ ᠶᠢᠨ ᠨᠢᠭᠡ ᠬᠤᠭᠤᠴᠠᠭᠠᠨ  ᠤ ᠴᠢᠬᠤᠯᠠ ᠶᠡᠭᠡ ᠤᠯᠤᠰ ᠲᠦᠷᠦ  ᠶᠢᠨ ᠡᠭᠦᠷᠭᠡ ᠪᠣᠯᠣᠨ᠎ᠠ ᠭᠡᠵᠦ ᠵᠢᠭᠠᠵᠤ ᠭᠠᠷᠭᠠᠪᠠ᠃ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠦᠨᠳᠦᠷᠴᠡ ᠳᠤ ᠵᠣᠭᠰᠣᠵᠤ᠂ ᠶᠠᠷᠢᠶᠠᠨ ᠤ ᠵᠣᠷᠢᠭ ᠰᠠᠨᠠᠭ᠎ᠠ ᠶᠢ ᠦᠨᠡᠨ ᠬᠦ ᠪᠣᠳᠠᠲᠠᠢ ᠪᠠᠷ ᠨᠠᠶᠢᠳᠠᠪᠤᠷᠢᠵᠢᠭᠤᠯᠬᠤ ᠬᠡᠷᠡᠭᠲᠡᠢ᠃ ᠰᠤᠷᠤᠯᠴᠠᠬᠤ ᠬᠠᠯᠠᠭᠤᠨ ᠥᠷᠨᠢᠯᠲᠡ ᠶᠢ ᠦᠳᠲᠡᠷ ᠲᠦᠷᠭᠡᠨ ᠪᠤᠢ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠲᠤᠬᠠᠢ ᠴᠢᠬᠤᠯᠠ ᠥᠭᠦᠯᠡᠯᠲᠡ ᠶᠢ ᠺᠠᠳ᠋ᠷ ᠤᠨ ᠬᠥᠮᠦᠵᠢᠯ ᠪᠣᠯᠪᠠᠰᠤᠷᠠᠯ ᠤᠨ ᠴᠢᠬᠤᠯᠠ ᠠᠭᠤᠯᠭ᠎ᠠ ᠪᠣᠯᠭᠠᠵᠤ᠂ ᠺᠠᠳ᠋ᠷ ᠤᠨ ᠬᠥᠮᠦᠵᠢᠯ ᠪᠣᠯᠪᠠᠰᠤᠷᠠᠯ ᠤᠨ ᠲᠥᠯᠥᠪᠯᠡᠭᠡ ᠳᠤ ᠣᠷᠣᠭᠤᠯᠵᠤ᠂ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠬᠤ ᠠᠭᠤᠯᠭ᠎ᠠ ᠳᠤ ᠣᠷᠣᠭᠤᠯᠵᠤ᠂ ᠰᠤᠷᠤᠯᠴᠠᠯᠭ᠎ᠠ ᠶᠢᠨ ᠭᠦᠨᠴᠡ ᠪᠠ ᠥᠷᠭᠡᠴᠡ ᠶᠢ ᠲᠠᠰᠤᠷᠠᠯᠲᠠ ᠦᠭᠡᠢ ᠥᠷᠭᠡᠳᠬᠡᠬᠦ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤᠨ ᠬᠠᠮᠲᠤ ᠶᠢᠨ ᠴᠤᠭᠴᠠ ᠶᠢᠨ ᠤᠬᠠᠮᠰᠠᠷ ᠶᠢ ᠪᠠᠲᠤ ᠪᠠᠬᠢ ᠪᠤᠢ ᠪᠣᠯᠭᠠᠬᠤ ᠴᠢᠬᠤᠯᠠ ᠶᠡᠭᠡ ᠡᠭᠦᠷᠭᠡ ᠶᠢ ᠨᠠᠶᠢᠳᠠᠪᠤᠷᠢᠵᠢᠭᠤᠯᠵᠤ᠂ ᠲᠤᠰᠢᠶᠠᠯ ᠬᠠᠷᠢᠭᠤᠴᠠᠯᠭ᠎ᠠ ᠡᠭᠦᠷᠭᠡ ᠴᠢᠳᠠᠪᠤᠷᠢ ᠳᠤ ᠪᠠᠨ ᠰᠠᠭᠤᠷᠢᠯᠠᠨ᠂ ᠠᠵᠢᠯ ᠲᠦᠷᠦᠯ ᠤᠨ ᠳᠠᠪᠠᠭᠤᠯᠢᠭ ᠢᠶᠠᠨ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ ᠪᠣᠯᠭᠠᠵᠤ᠂ ︽ᠬᠤᠶᠠᠷ ᠢ ᠴᠣᠭᠴᠠᠯᠠᠬᠤ︾ ᠪᠠᠷ ᠭᠠᠷᠳᠠᠴᠠ ᠪᠣᠯᠭᠠᠵᠤ᠂ ᠰᠠᠨᠠᠭᠠᠴᠢᠯᠠᠭ᠎ᠠ ᠠᠴᠠ ᠪᠠᠨ ᠬᠡᠯᠪᠡᠷᠢᠲᠡᠢ᠂ ᠲᠥᠷᠥᠭᠳᠡᠯ ᠲᠠᠢ᠂ ᠪᠦᠲᠦᠮᠵᠢᠲᠡᠢ ᠠᠷᠭ᠎ᠠ ᠬᠡᠮᠵᠢᠶ᠎ᠡ ᠶᠢ ᠠᠪᠴᠤ ᠪᠠᠶᠢᠭᠠᠳ ᠦᠨᠳᠦᠰᠦᠲᠡᠨ ᠨᠦᠭᠦᠳ ᠤᠨ ᠬᠠᠮᠲᠤ ᠪᠠᠷ ᠡᠳ᠋ᠯᠡᠬᠦ ᠳᠤᠮᠳᠠᠳᠤ ᠶᠢᠨ ᠰᠣᠶᠣᠯ ᠤᠨ ᠲᠡᠮᠳᠡᠭ ᠪᠠ ᠳᠤᠮᠳᠠᠳᠤ ᠶᠢᠨ ᠦᠨᠳᠦᠰᠦᠲᠡᠨ ᠤ ᠳᠦᠷᠢ ᠲᠥᠷᠬᠦ ᠶᠢ ᠪᠤᠢ ᠪᠣᠯᠭᠠᠬᠤ ᠪᠠ ᠲᠤᠪᠤᠶᠢᠯᠭᠠᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠶᠢᠨ ᠲᠣᠭᠤᠷᠢᠨ ᠳᠤ ᠨᠡᠩ ᠣᠯᠠᠨ ᠤᠷᠠᠯᠢᠭ ᠤᠨ ᠰᠣᠳᠣᠨ ᠪᠦᠲᠦᠭᠡᠯ᠂ ᠰᠣᠶᠣᠯ ᠵᠢᠭᠤᠯᠴᠢᠯᠠᠯ ᠤᠨ ᠪᠦᠲᠦᠭᠡᠭᠳᠡᠬᠦᠨ ᠢ ᠠᠬᠢᠭᠤᠯᠵᠤ᠂ ᠬᠠᠭᠤᠴᠢ ᠰᠤᠳᠤᠯᠤᠯ ᠤᠨ ᠰᠤᠳᠤᠯᠭᠠᠨ ᠤ ᠲᠣᠳᠣᠷᠬᠠᠶᠢᠯᠠᠨ ᠲᠠᠶᠢᠯᠪᠤᠷᠢᠯᠠᠬᠤ ᠡᠷᠴᠢᠮ ᠢ ᠴᠢᠩᠭᠠᠷᠠᠭᠤᠯᠵᠤ᠂ ᠬᠤᠪᠢᠰᠬᠠᠯ ᠤᠨ ᠡᠬᠢ ᠪᠠᠶᠠᠯᠢᠭ ᠢ ᠬᠠᠮᠠᠭᠠᠯᠠᠨ ᠠᠰᠢᠭᠯᠠᠬᠤ ᠠᠵᠢᠯ ᠢ ᠰᠠᠶᠢᠲᠤᠷ ᠬᠢᠵᠦ᠂ ᠳᠤᠮᠳᠠᠳᠤ ᠶᠢᠨ ᠰᠢᠯᠢᠳᠡᠭ ᠰᠣᠶᠣᠯ ᠤᠨ ᠰᠢᠨ᠎ᠡ ᠶᠢ ᠡᠭᠦᠳᠬᠦ ᠴᠢᠨᠠᠷᠲᠠᠢ ᠬᠥᠭᠵᠢᠯᠲᠡ᠂ ᠪᠦᠲᠦᠭᠡᠯᠴᠢ ᠴᠢᠨᠠᠷᠲᠠᠢ ᠬᠤᠪᠢᠷᠠᠭᠤᠯᠤᠯᠲᠠ ᠶᠢ ᠲᠦᠯᠬᠢᠨ ᠠᠬᠢᠭᠤᠯᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠬᠦᠴᠦᠯᠡᠨ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠶᠡᠭᠡ ᠪᠠᠷ ᠪᠤᠢ ᠪᠤᠯᠭᠠᠬᠤ ᠬᠡᠷᠡᠭᠲᠡᠢ᠃      ᠬᠤᠷᠠᠯ ᠠᠴᠠ ᠪᠠᠰᠠ ᠪᠤᠰᠤᠳ ᠵᠦᠢᠯ ᠢ ᠰᠣᠳᠤᠯᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠥᠷᠪᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠪᠦᠷᠢᠯᠳᠦᠭᠦᠨ ᠵᠠᠩ ᠲᠢᠶᠠᠨ ᠶᠢᠩ᠂ ᠯᠢᠶᠠᠩ ᠫᠧᠩ ᠢᠦᠢ ᠤᠷᠢᠯᠭ᠎ᠠ ᠪᠠᠷ ᠬᠤᠷᠠᠯ ᠳᠤ ᠣᠷᠣᠯᠴᠠᠵᠠᠢ᠃ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ᠂ ᠲᠢᠩᠬᠢᠮ ᠤᠨ ᠪᠠᠶᠢᠭᠤᠯᠭ᠎ᠠ ᠶᠢᠨ ᠡᠯ᠎ᠡ ᠭᠠᠵᠠᠷ ᠭᠡᠷ᠂ ᠰᠢᠭᠤᠳ ᠬᠠᠷᠢᠶ᠎ᠠ ᠡᠯ᠎ᠡ ᠨᠢᠭᠡᠴᠢ ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号