ᠲᠠᠪᠤᠳᠤᠭᠠᠷ ᠬᠤᠭᠤᠴᠠᠭᠠᠨ ᠤ ᠲᠡᠯᠡᠶ ᠳᠡᠭᠡᠷᠡᠬᠢ ᠲᠣᠷᠭᠠᠨ ᠤ ᠵᠠᠮ ᠤᠨ ᠣᠯᠠᠨ ᠤᠯᠤᠰ ᠤᠨ ᠤᠷᠠᠯᠢᠭ ᠤᠨ  ᠪᠠᠶᠠᠷ ᠡᠬᠢᠯᠡᠪᠡ
ᠨᠡᠶᠢᠲᠡᠯᠡᠭᠰᠡᠨ ᠴᠠᠭ᠄
2023/12/16
     12 ᠳ᠋ᠤᠭᠠᠷ ᠰᠠᠷ᠎ᠠ ᠶᠢᠨ 8 ᠤ ᠣᠷᠣᠢ᠂ ᠰᠣᠶᠣᠯ ᠪᠠ ᠵᠢᠭᠤᠯᠴᠢᠯᠠᠯ ᠤᠨ ᠶᠠᠮᠤᠨ᠂ ᠹᠦᠵᠢᠶᠠᠨ ᠮᠤᠵᠢ ᠶᠢᠨ ᠠᠷᠠᠳ ᠤᠨ ᠵᠠᠰᠠᠭ ᠤᠨ ᠣᠷᠳᠣᠨ   ᠠᠴᠠ ᠭᠤᠣᠯᠯᠠᠨ ᠡᠷᠭᠢᠯᠡᠵᠦ᠂ ᠹᠦᠵᠢᠶᠠᠨ ᠮᠤᠵᠢ ᠶᠢᠨ ᠰᠣᠶᠣᠯ ᠪᠠ ᠵᠢᠭᠤᠯᠴᠢᠯᠠᠯ ᠤᠨ ᠲᠢᠩᠬᠢᠮ᠂ ᠴᠢᠤᠸᠠᠨᠵᠸᠦ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠳᠠᠭᠠᠭᠠᠨ ᠡᠷᠭᠢᠯᠡᠭᠰᠡᠨ ᠲᠠᠪᠤᠳᠤᠭᠠᠷ ᠬᠤᠭᠤᠴᠠᠭᠠᠨ ᠤ ᠲᠡᠯᠡᠶ ᠳᠡᠭᠡᠷᠡᠬᠢ ᠲᠣᠷᠭᠠᠨ ᠤ ᠵᠠᠮ ᠤᠨ ᠣᠯᠠᠨ ᠤᠯᠤᠰ ᠤᠨ ᠤᠷᠠᠯᠢᠭ ᠤᠨ  ᠪᠠᠶᠠᠷ ᠴᠢᠤᠸᠠᠨᠵᠸᠦ ᠳᠤ ᠡᠬᠢᠯᠡᠪᠡ᠃ ᠰᠣᠶᠣᠯ ᠪᠠ ᠵᠢᠭᠤᠯᠴᠢᠯᠠᠯ ᠤᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠬᠠᠭᠠᠨ ᠤ ᠣᠷᠳᠣᠨ ᠤ ᠮᠦᠽᠧᠢ ᠶᠢᠨ ᠳᠠᠷᠤᠭ᠎ᠠ ᠸᠠᠩ ᠰᠢᠦᠢ ᠳ᠋ᠦᠩ᠂ ᠹᠦᠵᠢᠶᠠᠨ ᠮᠤᠵᠢ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠠᠩ ᠶᠠᠨ᠂ ᠹᠦᠵᠢᠶᠠᠨ ᠮᠤᠵᠢ ᠶᠢᠨ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠺᠠᠩ ᠲᠤᠤ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ ᠸᠠᠩ ᠰᠢᠦᠢ ᠳ᠋ᠦᠩ ᠤᠷᠠᠯᠢᠭ ᠤᠨ ᠪᠠᠶᠠᠷ ᠡᠬᠢᠯᠡᠭᠰᠡᠨ ᠢ ᠵᠠᠷᠯᠠᠪᠠ᠃     ᠲᠤᠰ ᠬᠤᠭᠤᠴᠠᠭᠠᠨ ᠤ ᠳᠠᠯᠠᠶ ᠳᠡᠭᠡᠷᠡᠬᠢ ᠲᠣᠷᠭᠠᠨ ᠤ ᠵᠠᠮ ᠤᠨ ᠣᠯᠠᠨ ᠤᠯᠤᠰ ᠤᠨ ᠤᠷᠠᠯᠢᠭ ᠤᠨ ᠪᠠᠶᠠᠷ ᠤᠨ ᠭᠤᠣᠯ ᠰᠡᠳᠦᠪ ᠨᠢ ︽ᠣᠯᠠᠨ ᠡᠰᠢᠲᠦ ᠪᠣᠯᠪᠠᠰᠤᠨ᠂ ᠭᠤᠸ᠎ᠠ ᠰᠠᠶᠢᠬᠠᠨ ᠢᠶᠠᠨ ᠬᠠᠮᠲᠤᠳᠬᠠᠬᠤ︾ ᠪᠣᠯᠣᠨ᠎ᠠ᠂ ︽ᠬᠠᠮᠲᠤ ᠶᠢᠨ ᠰᠡᠳᠬᠢᠯᠭᠡ   ᠶᠢᠨ ᠭᠤᠸ᠎ᠠ︾᠂ ︽ᠪᠠᠶᠢᠭᠠᠯᠢ ᠶᠢᠨ ᠳᠠᠭᠤᠨ ᠤ ᠭᠤᠸ᠎ᠠ︾᠂ ︽ᠤᠷᠠᠨ ᠳᠠᠷᠬᠠᠨ ᠤ ᠭᠤᠸ᠎ᠠ︾᠂ ︽ᠨᠠᠶᠢᠷᠠᠮᠳᠠᠯ ᠤᠨ ᠭᠤᠸ᠎ᠠ︾᠂ ︽ᠭᠡᠷᠡᠯ ᠭᠢᠯᠪᠠᠭ᠎ᠠ ᠶᠢᠨ ᠭᠤᠸ᠎ᠠ︾ ᠭᠡᠬᠦ ᠲᠠᠪᠤᠨ ᠶᠡᠭᠡ ᠭᠤᠣᠯ ᠰᠡᠳᠦᠪᠲᠦ 12 ᠵᠦᠢᠯ ᠤᠨ ᠠᠵᠢᠯᠯᠠᠭ᠎ᠠ ᠶᠢ ᠪᠠᠶᠢᠷᠢᠯᠠᠭᠤᠯᠵᠤ᠂ 43 ᠤᠯᠤᠰ ᠪᠠ ᠭᠠᠵᠠᠷ ᠣᠷᠣᠨ ᠤ 52 ᠤᠷᠠᠯᠢᠭ ᠤᠨ ᠪᠦᠯᠬᠦᠮ᠂ 1600 ᠭᠠᠷᠤᠢ ᠤᠷᠠᠯᠢᠭᠴᠢᠨ᠂ ᠲᠤᠰᠬᠠᠢ ᠮᠡᠷᠭᠡᠵᠢᠯᠲᠡᠨ ᠡᠷᠳᠡᠮᠲᠡᠨ᠂ ᠣᠯᠠᠨ ᠤᠯᠤᠰ ᠤᠨ ᠨᠥᠬᠦᠷᠰᠡᠭ ᠬᠥᠮᠥᠰ ᠪᠠ ᠵᠠᠭᠤᠴᠢᠯᠠᠭᠤᠷ ᠤᠨ ᠰᠣᠷᠪᠣᠯᠵᠢᠯᠠᠭᠴᠢᠳ   ᠢ ᠤᠷᠢᠨ ᠣᠷᠣᠯᠴᠠᠭᠤᠯᠵᠤ᠂ ᠪᠥᠬᠦ ᠳᠡᠯᠡᠬᠡᠢ ᠲᠠᠢ ᠰᠣᠯᠢᠯᠴᠠᠭᠠᠨ ᠤ ᠲᠠᠪᠴᠠᠩ᠂ ᠤᠷᠠᠯᠢᠭ ᠤᠨ ᠦᠪᠡᠳᠡᠭᠰᠢ ᠴᠤᠭᠯᠠᠭᠠᠨ᠂ ᠠᠷᠠᠳ ᠲᠦᠮᠡᠨ ᠤ ᠪᠠᠶᠠᠷ ᠤᠨ ᠡᠳᠦᠷ   ᠢ ᠬᠠᠮᠲᠤ ᠪᠠᠷ ᠡᠳ᠋ᠯᠡᠭᠦᠯᠦᠭᠰᠡᠨ ᠪᠠᠶᠢᠨ᠎ᠠ᠃  
 
ᠢᠷᠡᠯᠲᠡ᠄ ᠰᠣᠶᠣᠯ ᠪᠠ ᠵᠢᠭᠤᠯᠴᠢᠯᠠᠯ ᠤᠨ ᠶᠠᠮᠤᠨ ᠤ ᠵᠠᠰᠠᠭ ᠤᠨ ᠣᠷᠳᠣᠨ ᠤ ᠫᠤᠷᠲ᠋ᠠᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号