ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠣᠷᠳᠣᠨ ︽ᠰᠢᠨ᠎ᠡ ᠮᠠᠶ᠋ᠢᠭ ᠤᠨ ᠣᠯᠠᠨ ᠲᠦᠮᠡᠨ ᠤ ᠰᠣᠶᠣᠯ ᠤᠨ ᠣᠷᠣᠨ ᠵᠠᠢ ᠶᠢᠨ ᠪᠠᠶᠢᠭᠤᠯᠤᠯᠲᠠ ᠶᠢ ᠬᠠᠶᠢᠨ ᠰᠦᠪᠡᠭᠴᠢᠯᠡᠵᠦ ︿ᠤᠮᠠᠷᠠᠲᠤ ᠬᠢᠯᠢ ᠶᠢᠨ ᠰᠣᠶᠣᠯ﹀ ᠨᠠᠷᠠᠲᠤ ᠲᠡᠮᠳᠡᠭ ᠢ ᠪᠣᠶ ᠪᠣᠯᠭᠠᠬᠤ ᠳᠤ ᠬᠦᠴᠦᠨ ᠨᠡᠮᠡᠷᠢᠯᠡᠨ᠎ᠡ︾ ᠶᠠᠷᠢᠯᠴᠠᠬᠤ ᠬᠤᠷᠠᠯ ᠢ ᠠᠮᠵᠢᠯᠲᠠ ᠲᠠᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/12/24
     12 ᠳ᠋ᠤᠭᠠᠷ ᠰᠠᠷ᠎ᠠ ᠶᠢᠨ 13 ᠠᠴᠠ 14  ᠤ ᠡᠳᠦᠷ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠦᠷᠢᠵᠢᠭᠤᠯᠵᠤ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠲᠤᠬᠠᠢ ᠲᠣᠭᠲᠠᠭᠠᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ︾ ᠪᠠᠷ ᠭᠤᠣᠯ ᠰᠢᠵᠢᠮ ᠪᠣᠯᠭᠠᠨ᠂ ︽ᠤᠮᠠᠷᠠᠲᠤ ᠬᠢᠯᠢ ᠶᠢᠨ ᠰᠣᠶᠣᠯ︾ ᠢ ᠶᠡᠭᠡ ᠪᠠᠷ ᠪᠠᠳᠠᠷᠠᠭᠤᠯᠵᠤ᠂ ᠤᠯᠠᠨ ᠲᠦᠮᠡᠨ ᠤ ᠰᠣᠶᠣᠯ ᠤᠨ ᠦᠢᠯᠡᠴᠢᠯᠡᠭᠡᠨ ᠤ ᠬᠦᠷᠢᠶᠡᠨ ᠳᠤ ᠬᠢ ︽ᠤᠮᠠᠷᠠᠲᠤ ᠬᠢᠯᠢ ᠶᠢᠨ ᠰᠣᠶᠣᠯ︾ ᠤᠨ ᠲᠦᠷᠦᠯ ᠲᠡᠮᠳᠡᠭ ᠢ ᠴᠤᠤᠷᠢᠶᠠᠲᠤᠭᠤᠯᠬᠤ ᠳᠤ ᠬᠦᠴᠦ ᠨᠡᠮᠡᠷᠢᠯᠡᠬᠦ ᠶᠢᠨ ᠲᠥᠯᠥᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠣᠷᠳᠣᠨ ︽ᠰᠢᠨ᠎ᠡ ᠮᠠᠶ᠋ᠢᠭ ᠤᠨ ᠤᠯᠠᠨ ᠲᠦᠮᠡᠨ ᠤ ᠰᠣᠶᠣᠯ ᠤᠨ ᠣᠷᠣᠨ ᠵᠠᠢ ᠶᠢᠨ ᠪᠠᠶᠢᠭᠤᠯᠤᠯᠲᠠ ᠶᠢ ᠬᠠᠶᠢᠨ  ᠰᠦᠪᠡᠭᠴᠢᠯᠡᠵᠦ᠂ ︿ᠤᠮᠠᠷᠠᠲᠤ ᠬᠢᠯᠢ ᠶᠢᠨ ᠰᠣᠶᠣᠯ﹀ ᠤᠨ ᠨᠡᠷᠡᠲᠦ ᠲᠡᠮᠳᠡᠭ ᠢ ᠪᠤᠢ ᠪᠤᠯᠭᠠᠬᠤ ᠳᠤ ᠬᠦᠴᠦᠨ ᠨᠡᠮᠡᠷᠢᠯᠡᠨ᠎ᠡ︾ ᠶᠠᠷᠢᠯᠴᠠᠬᠤ ᠬᠤᠷᠠᠯ ᠢ ᠬᠥᠬᠡᠬᠤᠲᠠ ᠳᠤ ᠠᠮᠵᠢᠯᠲᠠ ᠲᠠᠢ ᠡᠷᠬᠢᠯᠡᠪᠡ᠃ ᠬᠡᠰᠡᠭ ᠠᠶᠢᠮᠠᠭ ᠬᠤᠳᠠ ᠶᠢᠨ ᠰᠣᠶᠣᠯ ᠤᠨ ᠣᠷᠳᠣᠨ ᠤ ᠳᠠᠷᠤᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠣᠷᠳᠣᠨ ᠤ ᠪᠦᠬᠦ ᠠᠵᠢᠯᠲᠠᠨ ᠠᠵᠢᠯᠴᠢᠨ ᠶᠠᠷᠢᠯᠴᠠᠬᠤ ᠬᠤᠷᠠᠯ ᠳᠤ ᠣᠷᠣᠯᠴᠠᠪᠠ᠃
     ᠲᠤᠰ ᠤᠳᠠᠭᠠᠨ ᠤ ᠶᠠᠷᠢᠯᠴᠠᠬᠤ ᠬᠤᠷᠠᠯ ᠳᠡᠭᠡᠷ᠎ᠡ ᠪᠡᠭᠡᠵᠢᠩ ᠶᠡᠭᠡ ᠰᠤᠷᠭᠠᠭᠤᠯᠢ ᠶᠢᠨ ᠪᠥᠸᠧ ᠶᠠ ᠶᠢᠨ ᠣᠨᠴᠠ ᠤᠷᠢᠭᠰᠠᠨ ᠫᠷᠤᠹᠧᠰᠰᠤᠷ ᠬᠠᠨ ᠮᠣᠣ ᠯᠢ᠂ ᠱᠠᠨᠰᠢ ᠶᠢᠨ ᠪᠠᠭᠰᠢ ᠶᠢᠨ ᠶᠡᠭᠡ ᠰᠤᠷᠭᠠᠭᠤᠯᠢ ᠶᠢᠨ ᠫᠷᠣᠹᠧᠰᠰᠤᠷ ᠯᠢ ᠯᠢᠩ ᠹᠦ᠋᠂ ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠡᠷᠲᠡᠨ ᠤ ᠲᠡᠦᠬᠡ ᠰᠤᠳᠤᠯᠬᠤ ᠭᠠᠵᠠᠷ ᠤᠨ ᠯᠢᠶᠣᠤ ᠤᠯᠤᠰ᠂ ᠰᠦᠩ ᠤᠯᠤᠰ᠂ ᠠᠯᠲᠠᠨ ᠤᠯᠤᠰ᠂  ᠪᠠᠷᠠᠭᠤᠨ ᠰᠢᠶᠠ ᠶᠢᠨ ᠰᠤᠳᠤᠯᠬᠤ ᠲᠠᠰᠤᠭ ᠤᠨ ᠡᠷᠬᠢᠯᠡᠭᠴᠢ ᠺᠠᠩ ᠫᠧᠩ᠂ ᠳᠤᠮᠳᠠᠳᠤ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠰᠣᠨᠢᠨ ᠤ ᠬᠤᠷᠢᠶ᠎ᠠ᠂ ᠮᠦᠽᠧᠢ ᠶᠢᠨ ᠭᠠᠷᠠᠭ ᠤᠨ ᠰᠡᠳᠬᠦᠯ ᠤᠨ ᠭᠤᠣᠯ ᠨᠠᠶᠢᠷᠠᠭᠤᠯᠤᠭᠴᠢ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠮᠦᠽᠧᠢ ᠶᠢᠨ ᠰᠤᠳᠤᠯᠭᠠᠨ ᠤ ᠰᠠᠩᠴᠢ ᠼᠦᠢ ᠪᠥᠸᠧ᠂ ᠠᠶᠢᠾᠦ᠋ᠢ ᠮᠦᠽᠧᠢ ᠶᠢᠨ ᠳᠠᠷᠤᠭ᠎ᠠ᠂ ᠬᠤᠶᠠᠳᠤᠭᠠᠷ ᠳᠡᠰ ᠤᠨ ᠫᠷᠣᠹᠧᠰᠰᠤᠷ ᠴᠧᠨ ᠾᠦᠢ ᠰᠢᠤᠸᠠᠢ᠂ ᠹᠠ ᠮᠧᠨ ᠰᠧ ᠮᠦᠽᠧᠢ ᠶᠢᠨ ᠳᠡᠳ᠋ ᠰᠤᠳᠤᠯᠭᠠᠨ ᠤ ᠰᠠᠩᠴᠢ ᠬᠠᠨ ᠱᠧᠩ ᠵᠡᠷᠭᠡ ᠪᠦᠬᠦ ᠤᠯᠤᠰ ᠤᠨ 6 ᠨᠡᠷᠡᠳᠦ ᠲᠤᠰᠬᠠᠢ ᠮᠡᠷᠭᠡᠵᠢᠯᠲᠡᠨ ᠢ ᠤᠷᠢᠵᠤ ᠲᠤᠰᠬᠠᠢ ᠰᠡᠳᠦᠪᠲᠦ ᠶᠠᠷᠢᠯᠴᠠᠭ᠎ᠠ ᠦᠷᠨᠢᠭᠦᠯᠪᠡ᠃ ᠲᠤᠰᠬᠠᠢ ᠮᠡᠷᠭᠡᠵᠢᠯᠲᠡᠨ ᠨᠢᠭᠡᠪᠦᠷᠢ ᠥᠪᠡᠷ ᠥᠪᠡᠷ ᠤᠨ ᠰᠤᠳᠤᠯᠭᠠᠨ ᠤ ᠬᠦᠷᠢᠶ᠎ᠡ ᠬᠡᠪᠴᠢᠶ᠎ᠡ ᠪᠠ ᠠᠳᠠᠯᠢ ᠪᠤᠰᠤ ᠲᠠᠯ᠎ᠠ ᠠᠴᠠ ᠡᠭᠦᠰᠴᠦ᠂ ᠨᠡᠩ ᠬᠤᠷᠸ᠎ᠠ ᠬᠠᠷᠠᠴᠠ ᠪᠠᠷ ︽ᠤᠮᠠᠷᠠᠲᠤ ᠬᠢᠯᠢ ᠶᠢᠨ ᠰᠣᠶᠣᠯ︾ ᠤᠨ ᠠᠭᠤᠯᠬᠤᠨ ᠢ ᠪᠦᠬᠦ ᠲᠠᠯ᠎ᠠ  ᠪᠠᠷ ᠡᠮᠬᠢᠯᠡᠵᠦ᠂ ︽ᠤᠮᠠᠷᠠᠲᠤ ᠬᠢᠯᠢ ᠶᠢᠨ ᠰᠣᠶᠣᠯ︾ ᠤᠨ ᠵᠣᠷᠢᠭ ᠰᠠᠨᠠᠭᠠᠨ ᠤ ᠮᠥᠨ ᠴᠢᠨᠠᠷ ᠢ ᠲᠣᠳᠣᠷᠬᠠᠶᠢᠯᠠᠨ ᠥᠭᠦᠯᠡᠵᠦ᠂ ᠰᠣᠶᠣᠯ ᠤᠨ ᠣᠷᠳᠣᠨ ᠤ ᠵᠠᠰᠠᠯ ᠴᠢᠮᠡᠭᠯᠡᠯ᠂ ᠳᠡᠯᠭᠡᠨ ᠦᠵᠡᠭᠦᠯᠭᠡ᠂ ᠰᠣᠶᠣᠯ ᠤᠨ ᠰᠢᠨ᠎ᠡ ᠶᠢ ᠡᠭᠦᠳᠬᠦ ᠦᠢᠯᠡᠴᠢᠯᠡᠭᠡᠨ ᠤ ᠣᠷᠣᠨ ᠵᠠᠢ᠂ ᠤᠯᠠᠨ ᠲᠦᠮᠡᠨ ᠤ ᠰᠣᠶᠣᠯ ᠤᠨ ᠠᠵᠢᠯᠯᠠᠭ᠎ᠠ᠂ ᠵᠢᠯᠤᠭᠤᠳᠤᠯᠭ᠎ᠠ ᠪᠣᠯᠪᠠᠰᠤᠷᠠᠭᠤᠯᠤᠯ᠂ ᠤᠯᠠᠨ ᠲᠦᠮᠡᠨ ᠤ ᠵᠣᠬᠢᠶᠠᠯ ᠪᠦᠲᠦᠭᠡᠯᠭᠡ᠂ ᠲᠤᠭᠠᠵᠢᠭᠤᠯᠤᠯᠲᠠ ᠵᠡᠷᠭᠡ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠳᠤ ︽ᠤᠮᠠᠷᠠᠲᠤ ᠬᠢᠯᠢ ᠶᠢᠨ ᠰᠣᠶᠣᠯ︾᠂ ︽ᠮᠣᠩᠭᠤᠯ ᠮᠣᠷᠢᠨ ᠤ ᠵᠣᠷᠢᠭ ᠰᠠᠨᠠᠭ᠎ᠠ︾ ᠪᠣᠯᠣᠨ ︽ᠤᠮᠠᠷᠠᠲᠤ ᠶᠢᠨ ᠭᠤᠷᠪᠠᠨ ᠣᠷᠤᠨ ᠤ ᠵᠣᠷᠢᠭ ᠰᠠᠨᠠᠭ᠎ᠠ︾ ᠶᠢ ᠬᠡᠷᠬᠢᠨ ᠢᠯᠡᠷᠡᠭᠦᠯᠬᠦ ᠳᠤ ᠮᠠᠰᠢ ᠤᠯᠠᠨ ᠴᠣ ᠰᠢᠨ᠎ᠡ ᠰᠡᠳᠬᠢᠴᠡ ᠪᠠ ᠠᠰᠢᠭᠲᠠᠢ ᠲᠣᠯᠢᠯᠠᠯ  ᠬᠠᠩᠭᠠᠪᠠ᠃ ᠣᠷᠳᠣᠨ ᠤ ᠤᠳᠤᠷᠢᠳᠬᠤ ᠪᠠᠭ ᠤᠨ ᠪᠦᠷᠢᠯᠳᠦᠭᠦᠨ᠂ ᠬᠡᠰᠡᠭ ᠠᠶᠢᠮᠠᠭ ᠬᠤᠲᠠ ᠶᠢᠨ ᠰᠣᠶᠣᠯ ᠤᠨ ᠣᠷᠳᠣᠨ ᠤ ᠳᠠᠷᠤᠭ᠎ᠠ ᠪᠣᠯᠣᠨ ᠬᠡᠯᠲᠡᠰ ᠲᠠᠰᠤᠭ ᠤᠨ ᠡᠷᠬᠢᠯᠡᠭᠴᠢ ᠨᠠᠷ ᠶᠠᠷᠢᠯᠴᠠᠨ ᠰᠤᠳᠤᠯᠬᠤ ᠳᠤ ᠣᠷᠣᠯᠴᠠᠭᠰᠠᠨ ᠪᠥᠭᠡᠳ ᠲᠣᠰ ᠨᠢᠭᠡᠴᠢ ᠶᠢᠨ ᠢᠶᠠᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠪᠣᠯᠣᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠤᠰᠬᠠᠢ ᠮᠡᠷᠭᠡᠵᠢᠯᠲᠡᠳ ᠲᠠᠢ ᠰᠤᠳᠤᠯᠤᠨ ᠶᠠᠷᠢᠯᠴᠠᠵᠤ ᠰᠠᠨᠠᠯ ᠢᠶᠠᠨ ᠭᠦᠨᠵᠡᠭᠡᠢ ᠰᠣᠯᠢᠯᠴᠠᠪᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号