ᠥᠪᠥᠷ ᠮᠣᠩᠭᠤᠯ ᠤᠨ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠰᠡᠷᠬᠦᠨ ᠰᠠᠶᠢᠵᠢᠷᠠᠵᠤ ᠨᠢᠭᠡᠳᠦᠭᠡᠷ ᠤᠯᠠᠷᠢᠯ ᠳᠤ ︽ᠰᠠᠶᠢᠨ ᠡᠬᠢᠯᠡᠯᠲᠡ︾  ᠲᠠᠢ ᠪᠤᠯᠪᠠ
ᠨᠡᠶᠢᠲᠡᠯᠡᠭᠰᠡᠨ ᠴᠠᠭ᠄
2023/4/11
     ᠨᠢᠭᠡᠳᠦᠭᠡᠷ ᠤᠯᠠᠷᠢᠯ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤᠯᠤᠰ ᠤᠨ ᠳᠣᠲᠣᠭᠠᠳᠤ ᠶᠢᠨ ᠵᠢᠭᠤᠯᠴᠢᠯᠠᠭᠴᠢᠳ ᠢ ᠨᠡᠶᠢᠲᠡ 3367.02 ᠲᠦᠮᠡᠨ ᠬᠥᠮᠥᠨ ᠤᠳᠠᠭ᠎ᠠ ᠭᠥᠯᠢᠶᠡᠨ ᠠᠪᠴᠤ᠂ 2022 ᠣᠨ ᠤ ᠠᠳᠠᠯᠢ ᠬᠤᠭᠤᠴᠠᠭᠠᠨ ᠤ ᠬᠢ ᠠᠴᠠ 2.14 ᠳᠠᠬᠢᠨ᠂ 2019 ᠣᠨ ᠤ ᠠᠳᠠᠯᠢ ᠬᠤᠭᠤᠴᠠᠭᠠᠨ ᠤ  ᠬᠢ ᠠᠴᠠ 1.38 ᠳᠠᠬᠢᠨ ᠢᠯᠡᠭᠦᠦ ᠪᠣᠯᠵᠤ᠂ ᠵᠢᠭᠤᠯᠴᠢᠯᠠᠯ ᠤᠨ ᠠᠵᠤ ᠦᠢᠯᠡᠰ ᠤᠨ ︽ᠰᠠᠶᠢᠨ ᠡᠬᠢᠯᠡᠯᠲᠡ︾ ᠶᠢ ᠪᠡᠶᠡᠯᠡᠭᠦᠯᠪᠡ᠃
     ᠡᠨᠡ ᠵᠢᠯ ᠠᠴᠠ ᠨᠠᠭᠠᠰᠢ᠂ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠰᠡᠷᠭᠦᠯᠲᠡ ᠶᠢᠨ ︽ᠰᠢᠵᠢᠷ ᠠᠯᠲᠠᠨ ᠬᠤᠭᠤᠴᠠᠭ᠎ᠠ︾ ᠶᠢ ᠠᠮᠵᠢᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠬᠢᠨ ᠠᠵᠢᠯ ᠤᠨ ᠰᠡᠳᠬᠢᠮᠵᠢ ᠪᠠᠨ ᠰᠢᠨᠡᠴᠢᠯᠡᠵᠦ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠬᠡᠷᠡᠭᠯᠡᠭᠡᠨ ᠤ ᠬᠥᠳᠡᠯᠭᠡᠭᠦ ᠬᠦᠴᠦᠨ ᠢ ᠬᠥᠭᠵᠢᠭᠡᠪᠡ᠃ ᠨᠢᠭᠡ ᠳᠤ᠂ ᠢᠲᠡᠭᠡᠯ ᠵᠣᠷᠢᠭ ᠢ ᠬᠥᠪᠴᠢᠯᠡᠬᠦ ᠳᠤ ᠠᠩᠬᠠᠷᠤᠯ ᠢᠶᠠᠨ ᠲᠥᠪᠯᠡᠷᠡᠬᠦᠯᠪᠡ᠃ ᠪᠦᠬᠦ ᠣᠷᠣᠨ ᠤ ᠰᠣᠶᠣᠯ ᠪᠠ ᠵᠢᠭᠤᠯᠴᠢᠯᠠᠯ ᠤᠨ ᠦᠢᠯᠡᠰ ᠤᠨ ᠰᠡᠷᠭᠦᠨ ᠬᠥᠭᠵᠢᠬᠦ ᠶᠢ ᠠᠬᠢᠭᠤᠯᠬᠤ 15 ᠵᠦᠢᠯ ᠤᠨ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠵᠢᠭᠤᠯᠴᠢᠯᠠᠯ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠰᠣᠶᠣᠯ ᠵᠢᠭᠤᠯᠴᠢᠯᠠᠯ ᠤᠨ ᠠᠵᠢᠯᠯᠠᠭ᠎ᠠ ᠥᠷᠨᠢᠭᠦᠯᠬᠦ᠂  ᠵᠢᠭᠤᠯᠴᠢᠯᠠᠭᠴᠢ ᠤᠷᠢᠭᠰᠠᠳ ᠢ ᠱᠠᠩᠨᠠᠬᠤ᠂ ᠭᠠᠳᠠᠭᠠᠳᠤ ᠳᠤ ᠤᠬᠠᠭᠤᠯᠤᠨ ᠲᠠᠨᠢᠯᠴᠠᠭᠤᠯᠬᠤ᠂ ᠲᠠᠸᠠᠷ ᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠬᠦ ᠵᠡᠷᠭᠡ ᠠᠵᠢᠯᠯᠠᠭ᠎ᠠ ᠶᠢ ᠲᠤᠰᠬᠠᠢ ᠪᠡᠯᠡ ᠮᠥᠩᠭᠦ ᠲᠣᠬᠢᠷᠠᠭᠤᠯᠵᠤ ᠭᠤᠣᠯᠳᠠᠯᠭ᠎ᠠ ᠲᠠᠢ ᠳᠠᠮᠵᠢᠪᠡ᠃ ᠬᠤᠶᠠᠷ ᠲᠤ᠂ ᠠᠵᠤ ᠠᠬᠤᠶᠢᠯᠠᠯ ᠢ ᠳᠡᠮᠵᠢᠨ ᠬᠦᠴᠢᠷᠳᠡᠯ ᠢ ᠨᠢ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠬᠦᠯᠪᠡ ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ︽ᠮᠥᠩᠭᠦᠨ ᠭᠦᠢᠯᠭᠡᠭᠡᠨ ᠢᠶᠠᠷ ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠲᠥᠰᠥᠯ︾ ᠢ ᠨᠡᠶᠢᠲᠡᠯᠡᠬᠦ ᠶᠢ ᠠᠬᠢᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠬᠦ ᠶᠢ ᠳᠡᠮᠵᠢᠬᠦ ᠰᠠᠨᠠᠮᠵᠢ ᠶᠢᠨ ᠵᠣᠭᠤᠰᠤᠨ ᠲᠤᠭ᠎ᠠ 35 ᠳ᠋ᠦᠩᠰᠢᠭᠤᠷ ᠲᠥᠭᠦᠷᠢᠭ ᠲᠤ ᠬᠦᠷᠪᠡ᠃ ᠭᠤᠷᠪᠠ ᠳᠤ᠂ ᠵᠢᠭᠤᠯᠴᠢᠯᠠᠭᠴᠢᠳ ᠢ ᠥᠪᠥᠷ ᠮᠣᠩᠭᠤᠯ ᠳᠤ ᠵᠠᠯᠠᠵᠤ ᠠᠪᠴᠢᠷᠠᠬᠤ ᠳᠤ ᠠᠩᠬᠠᠷᠤᠯ ᠢᠶᠠᠨ ᠲᠥᠪᠯᠡᠷᠡᠬᠦᠯᠪᠡ᠃ ︽ᠵᠠᠭᠤᠨ ᠲᠦᠮᠡᠨ ᠬᠥᠮᠥᠨ ᠬᠠᠷᠢᠯᠴᠠᠨ ᠵᠢᠭᠤᠯᠴᠢᠯᠠᠬᠤ︾ ᠬᠤᠳᠠᠯᠳᠤᠭᠠᠴᠢᠨ ᠤᠷᠢᠬᠤ ᠵᠢᠭᠤᠯᠴᠢᠯᠠᠯ ᠤᠨ ᠲᠠᠨᠢᠯᠴᠠᠭᠤᠯᠬᠤ ᠠᠵᠢᠯᠯᠠᠭ᠎ᠠ ᠶᠢ ᠰᠢᠨ᠎ᠡ ᠪᠠᠷ ᠥᠷᠨᠢᠭᠦᠯᠵᠦ᠂ ᠬᠠᠷᠢᠯᠴᠠᠨ ᠵᠢᠭᠤᠯᠴᠢᠯᠠᠬᠤ 100 ᠭᠠᠷᠤᠢ ᠵᠦᠢᠯ ᠤᠨ ᠬᠡᠯᠡᠯᠴᠡᠭᠡᠷ᠂ ᠬᠤᠳᠠᠯᠳᠤᠭᠠᠴᠢᠨ ᠤᠷᠢᠬᠤ 20 ᠭᠠᠷᠤᠢ ᠲᠥᠷᠥᠯ ᠵᠦᠢᠯ ᠲᠣᠭᠲᠠᠵᠤ᠂ 62.8 ᠳ᠋ᠦᠩᠰᠢᠭᠤᠷ ᠲᠥᠭᠦᠷᠢᠭ ᠤᠨ ᠰᠠᠨᠠᠮᠵᠢ ᠶᠢᠨ ᠪᠡᠯᠡ ᠮᠥᠩᠭᠦ ᠲᠤᠬᠢᠷᠠᠯᠴᠠᠪᠠ᠃ ᠲᠦᠩ ᠴᠧᠩ ᠰᠦᠯᠵᠢᠶᠡᠨ ᠤ ᠥᠪᠥᠷ ᠮᠣᠩᠭᠤᠯ ᠤᠨ ᠦᠵᠡᠮᠵᠢ ᠶᠢᠨ ᠣᠷᠣᠨ ᠤ ᠵᠠᠬᠢᠶᠠᠯᠠᠭ᠎ᠠ ᠶᠢᠨ ᠬᠡᠮᠵᠢᠶ᠎ᠡ ᠲᠦᠷᠦᠭᠦᠸ ᠰᠠᠷ᠎ᠠ ᠶᠢᠨ ᠬᠢ ᠠᠴᠠ ᠪᠠᠨ 20 ᠳᠠᠬᠢᠨ ᠰᠢᠬᠠᠮ ᠨᠡᠮᠡᠭᠳᠡᠨ᠂ ᠨᠢᠭᠡᠨᠲᠡ 40 ᠭᠠᠷᠤᠢ ᠨᠢᠰᠬᠡᠯ ᠬᠦᠯᠦᠰᠦᠯᠡᠭᠰᠡᠨ ᠪᠦᠯᠬᠦᠮ ᠥᠪᠥᠷ ᠮᠣᠩᠭᠤᠯ ᠳᠤ ᠬᠦᠷᠴᠦ ᠢᠷᠡᠪᠡ᠃ ᠳᠥᠷᠪᠡ ᠳᠤ᠂ ᠬᠥᠮᠥᠰ ᠤᠨ ᠬᠦᠷᠢᠶᠡᠯᠡᠯ ᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠬᠦᠯᠪᠡ᠃ ︽ᠦᠵᠡᠰᠬᠦᠯᠡᠩᠲᠦ ᠰᠠᠶᠢᠬᠠᠨ ᠥᠪᠥᠷ ᠮᠣᠩᠭᠤᠯ   ᠲᠦᠷᠪᠡᠨ ᠤᠯᠠᠷᠢᠯ ᠤᠨ ᠰᠠᠶᠢᠬᠠᠨ ᠦᠵᠡᠮᠵᠢ ︾ ᠵᠢᠭᠤᠯᠴᠢᠯᠠᠯ ᠤᠨ ᠪᠦᠲᠦᠭᠡᠭᠳᠡᠬᠦᠨ ᠢ 36 ᠲᠥᠰᠥᠪᠯᠡᠨ ᠭᠠᠷᠭᠠᠵᠤ᠂ 14 ᠵᠢᠭᠤᠯᠴᠢᠯᠠᠯ ᠤᠨ ᠰᠣᠳᠣᠨ ᠱᠤᠭᠤᠮ᠂ 30  ᠪᠤᠳᠠᠰ  ᠤᠨ ᠪᠤᠰᠤ ᠰᠤᠶᠤᠯ  ᠤᠨ ᠥᠪ ᠤᠨ ᠵᠢᠭᠤᠯᠴᠢᠯᠠᠯ ᠤᠨ ᠰᠣᠳᠣᠨ ᠱᠤᠭᠤᠮ᠂ 94 ᠬᠥᠳᠡᠭᠡ ᠲᠣᠰᠬᠤᠨ ᠤ ᠵᠢᠭᠤᠯᠴᠢᠯᠠᠯ ᠤᠨ ᠱᠤᠭᠤᠮ ᠢ ᠨᠡᠭᠡᠭᠡᠨ ᠬᠥᠭᠵᠢᠭᠦᠯᠵᠦ᠂ ᠥᠪᠡᠷ ᠢᠶᠠᠨ ᠲᠡᠷᠭᠡ ᠵᠢᠯᠤᠭᠤᠳᠴᠤ ᠵᠢᠭᠤᠯᠴᠢᠯᠠᠬᠤ ᠬᠤᠸᠠᠷᠠᠨ ᠢ 95 ᠪᠠᠶᠢᠭᠤᠯᠵᠤ᠂ ᠰᠣᠶᠣᠯ ᠪᠠ ᠵᠢᠭᠤᠯᠴᠢᠯᠠᠯ ᠤᠨ ᠠᠵᠢᠯᠯᠠᠭ᠎ᠠ ᠶᠢ 5600 ᠭᠠᠷᠤᠢ ᠲᠦᠷᠦᠯ ︵ᠲᠠᠯᠠᠪᠠᠢ︶ ᠢ ᠵᠣᠬᠢᠶᠠᠨ ᠪᠠᠶᠢᠭᠤᠯᠵᠤ ᠥᠷᠨᠢᠭᠦᠯᠪᠡ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号