ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠬᠤᠪᠢᠰᠬᠠᠯ ᠤᠨ ᠥᠯᠢᠭᠡᠷ ᠤᠨ ᠲᠠᠶᠢᠯᠪᠤᠷᠢᠯᠠᠭᠴᠢ ᠶᠢᠨ ᠤᠷᠤᠯᠳᠤᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠭᠠᠷᠠᠭᠤᠯᠬᠤ ᠤᠷᠤᠯᠳᠤᠭᠠᠨ ᠡᠬᠢᠯᠡᠪᠡ
ᠨᠡᠶᠢᠲᠡᠯᠡᠭᠰᠡᠨ ᠴᠠᠭ᠄
2023/9/28
     ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠣᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠰᠠᠭᠤᠷᠢᠨ ᠭᠠᠵᠠᠷ᠂ ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ ᠤᠨ ᠰᠣᠩᠭᠤᠳᠠᠭ ᠦᠵᠡᠮᠵᠢ ᠶᠢᠨ ᠣᠷᠣᠨ ᠵᠡᠷᠭᠡ ᠭᠠᠵᠠᠷ ᠤᠨ  ᠬᠥᠮᠦᠵᠢᠯ ᠤᠨ ᠴᠢᠳᠠᠪᠬᠢ ᠶᠢ ᠭᠦᠢᠴᠡᠳ ᠪᠠᠳᠠᠷᠠᠭᠤᠯᠵᠤ᠂ ᠰᠢᠨ᠎ᠡ ᠴᠠᠭ ᠦᠶ᠎ᠡ ᠶᠢᠨ ᠬᠤᠪᠢᠰᠬᠠᠯ ᠤᠨ ᠦᠯᠢᠭᠡᠷ ᠢ ᠰᠠᠶᠢᠲᠤᠷ ᠶᠠᠷᠢᠵᠤ᠂ ᠬᠤᠪᠢᠰᠬᠠᠯ ᠤᠨ ᠭᠧᠨ ᠢ ᠤᠯᠠᠮᠵᠢᠯᠠᠨ ᠵᠠᠯᠭᠠᠮᠵᠢᠯᠠᠵᠤ᠂ ᠬᠤᠪᠢᠰᠬᠠᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠤᠮᠠᠷᠠᠲᠤ ᠶᠢᠨ ᠰᠣᠶᠣᠯ ᠤᠨ ᠲᠦᠷᠦᠯ ᠲᠡᠮᠳᠡᠭ ᠢ ᠡᠭᠦᠳᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠮᠠᠨ ᠤ ᠣᠷᠣᠨ ᠤ ᠲᠠᠶᠢᠯᠪᠤᠷᠢᠯᠠᠭᠴᠢ ᠶᠢᠨ ᠡᠩᠨᠡᠭᠡ ᠶᠢᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠪᠣᠶᠢᠵᠢᠭᠤᠯᠤᠨ ᠦᠢᠯᠡᠳᠦᠯᠭᠡᠵᠢᠭᠦᠯᠬᠦ ᠶᠢᠨ ᠲᠦᠯᠦᠭᠡ᠂ 2023 ᠣᠨ ᠤ 9 ᠳ᠋ᠤᠭᠡᠷ ᠰᠠᠷ᠎ᠠ ᠶᠢᠨ 19 ︱ 20  ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠬᠠᠮᠲᠤ ᠪᠠᠷ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠬᠤᠪᠢᠰᠬᠠᠯᠲᠤ ᠦᠯᠢᠭᠡᠷ ᠤᠨ ᠲᠠᠶᠢᠯᠪᠤᠷᠢᠯᠠᠭᠴᠢ ᠶᠢᠨ ᠤᠷᠤᠯᠳᠤᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠭᠠᠷᠠᠭᠤᠯᠬᠤ ᠤᠷᠤᠯᠳᠤᠭᠠᠨ ᠢ ᠡᠷᠬᠢᠯᠡᠪᠡ᠃
     ᠤᠷᠤᠯᠳᠤᠭᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠲᠠᠪᠤᠳᠤᠭᠠᠷ ᠳᠠᠪᠬᠤᠷ ᠤᠨ ᠮᠡᠳᠡᠭᠦᠯᠦᠯᠲᠡ ᠶᠢᠨ ᠲᠢᠩᠬᠢᠮ ᠳᠤ ᠶᠠᠪᠤᠭᠳᠠᠵᠤ᠂ ᠪᠦᠬᠦ ᠣᠷᠣᠨ ᠤ 12 ᠠᠶᠢᠮᠠᠭ ᠬᠤᠳᠠ ᠶᠢᠨ 32 ᠤᠷᠤᠯᠴᠠᠭᠴᠢ ᠤᠷᠤᠯᠳᠤᠭᠠᠨ ᠳᠤ ᠣᠷᠣᠯᠴᠠᠪᠠ᠃ ᠰᠢᠯᠭᠠᠷᠠᠭᠤᠯᠬᠤ ᠤᠷᠤᠯᠳᠤᠭᠠᠨ ᠨᠢ ᠤᠯᠤᠰ ᠤᠨ ᠤᠷᠤᠯᠳᠤᠭᠠᠨ ᠤ ᠪᠠᠷᠢᠮᠵᠢᠶ᠎ᠠ ᠲᠠᠢ ᠨᠢᠭᠲᠠ ᠵᠣᠯᠭᠠᠭᠤᠯᠵᠤ᠂ ᠣᠨᠣᠯ ᠤᠨ ᠬᠢᠨᠠᠨ ᠰᠢᠯᠭᠠᠯᠲᠠ᠂ ᠬᠤᠪᠢ ᠬᠥᠮᠥᠨ ᠤ ᠴᠤᠭ ᠵᠢᠪᠬᠤᠭ᠎ᠠ ᠪᠠᠨ ᠳᠡᠯᠭᠡᠨ ᠦᠵᠡᠭᠦᠯᠬᠦ ᠪᠠ ᠥᠪᠡᠰᠦᠪᠡᠨ ᠰᠣᠩᠭᠤᠭᠰᠠᠨ ᠥᠯᠢᠭᠡᠷ ᠢ ᠲᠠᠶᠢᠯᠪᠤᠷᠢᠯᠠᠬᠤ ᠵᠡᠷᠭᠡ ᠭᠤᠭᠴᠤᠭ᠎ᠠ ᠶᠢ ᠪᠠᠶᠢᠷᠢᠯᠠᠭᠤᠯᠵᠤ᠂ ᠤᠷᠤᠯᠴᠠᠭᠴᠢᠳ ᠤᠨ ᠶᠡᠷᠦᠩᠬᠡᠶᠢᠯᠡᠭᠰᠡᠨ ᠴᠢᠳᠠᠪᠤᠷᠢ ᠪᠠ ᠬᠡᠪ ᠴᠢᠨᠠᠷ ᠢ ᠪᠥᠬᠦ ᠲᠠᠯ᠎ᠠ ᠪᠠᠷ ᠬᠢᠨᠠᠨ ᠰᠢᠯᠭᠠᠨ᠎ᠠ᠃ ᠨᠢᠭᠡ ᠡᠳᠦᠷ ᠤᠨ ᠰᠢᠷᠦᠭᠦᠨ ᠥᠷᠢᠰᠦᠯᠳᠦᠭᠡᠨ ᠢᠶᠠᠷ ᠳᠡᠮᠵᠢᠨ᠂ 16 ᠤᠷᠤᠯᠴᠠᠭᠴᠢ ᠶᠢ ᠰᠣᠩᠭᠤᠨ ᠤᠯᠤᠰ ᠤᠨ ᠤᠷᠤᠯᠳᠤᠭᠠᠨ ᠠᠴᠠ ᠡᠮᠦᠨᠡᠬᠢ ᠪᠣᠯᠪᠠᠰᠤᠷᠠᠯ ᠳᠤ ᠤᠷᠤᠯᠴᠠᠭᠤᠯᠤᠨ᠎ᠠ᠃ ᠰᠡᠭᠦᠯᠴᠢ ᠶᠢᠨ ᠬᠤᠭᠤᠴᠠᠭᠠᠨ ᠤ 5 ᠡᠳᠦᠷ ᠤᠨ ᠲᠤᠰᠬᠠᠢ ᠮᠡᠷᠭᠡᠵᠢᠯ ᠤᠨ ᠪᠤᠯᠪᠠᠰᠤᠷᠠᠯ ᠢᠶᠠᠷ ᠳᠡᠮᠵᠢᠨ᠂ ᠳᠤᠮᠳᠠ ᠠᠴᠠ ᠨᠢ 6 ᠤᠷᠤᠯᠴᠠᠭᠴᠢ ᠶᠢ ᠰᠣᠩᠭᠤᠨ ᠭᠠᠷᠭᠠᠵᠤ ᠮᠠᠨ ᠤ ᠣᠷᠣᠨ ᠢ ᠲᠥᠯᠥᠭᠡᠯᠡᠭᠦᠯᠦᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠬᠤᠪᠢᠰᠬᠠᠯ ᠤᠨ ᠥᠯᠢᠭᠡᠷ ᠤᠨ ᠲᠠᠶᠢᠯᠪᠤᠷᠢᠯᠠᠭᠴᠢ ᠶᠢᠨ ᠤᠷᠤᠯᠳᠤᠭᠠᠨ ᠳᠤ ᠣᠷᠣᠯᠴᠠᠭᠤᠯᠤᠨ᠎ᠠ᠃
     ᠲᠤᠰ ᠤᠳᠠᠭ᠎ᠠ ᠶᠢᠨ ᠰᠢᠯᠭᠠᠷᠠᠭᠤᠯᠬᠤ ᠤᠷᠤᠯᠳᠤᠭᠠᠨ ᠨᠢ ᠬᠤᠪᠢᠰᠬᠠᠯ ᠤᠨ ᠰᠣᠶᠣᠯ ᠤᠨ ᠦᠨ᠎ᠡ ᠦᠷᠳᠡᠭ ᠪᠠ ᠠᠭᠤᠯᠤᠭᠳᠠᠬᠤᠨ ᠢ ᠭᠦᠨᠵᠡᠭᠡᠢ ᠠᠭᠤᠳᠠᠯᠵᠤ᠂ ᠮᠠᠨ ᠤ ᠣᠷᠣᠨ ᠤ ᠬᠤᠪᠢᠰᠬᠠᠯ ᠤᠨ ᠦᠯᠢᠭᠡᠷ ᠤᠨ ᠲᠠᠶᠢᠯᠪᠤᠷᠢᠯᠠᠭᠴᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠤᠷᠤᠯᠳᠤᠭᠠᠨ ᠢᠶᠠᠷ ᠪᠣᠯᠪᠠᠰᠤᠷᠠᠯ ᠢ ᠠᠬᠢᠭᠤᠯᠵᠤ᠂ ᠤᠷᠤᠯᠳᠤᠭᠠᠨ ᠢᠶᠠᠷ ᠰᠤᠷᠤᠯᠴᠠᠯᠭ᠎ᠠ ᠶᠢ ᠠᠬᠢᠭᠤᠯᠵᠤ᠂ ᠬᠤᠪᠢᠰᠬᠠᠯ ᠤᠨ ᠦᠯᠢᠭᠡᠷ ᠤᠨ ᠲᠠᠶᠢᠯᠪᠤᠷᠢᠯᠠᠭᠴᠢ ᠶᠢ ᠵᠣᠷᠢᠭᠵᠢᠭᠤᠯᠤᠨ ᠰᠢᠨ᠎ᠡ ᠴᠠᠭ ᠦᠶ᠎ᠡ ᠶᠢᠨ ᠬᠤᠪᠢᠰᠬᠠᠯ ᠤᠨ ᠦᠯᠢᠭᠡᠷ ᠢ ᠰᠠᠶᠢᠲᠤᠷ ᠶᠠᠷᠢᠬᠤ ᠶᠢ ᠰᠢᠨ᠎ᠡ ᠴᠠᠭ ᠦᠶ᠎ᠡ ᠶᠢᠨ ᠲᠠᠭᠤᠨ ᠢ ᠤᠯᠠᠮᠵᠢᠯᠠᠬᠤ ᠴᠢᠬᠤᠯᠠ ᠬᠡᠯᠪᠡᠷᠢ ᠪᠣᠯᠭᠠᠬᠤ ᠶᠢᠨ ᠲᠥᠯᠥᠭᠡ ᠶᠤᠮ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号