ᠥᠪᠥᠷ ᠮᠣᠩᠭᠤᠯ ᠤᠨ ᠨᠠᠮᠤᠷ ᠤᠨ ᠤᠯᠠᠷᠢᠯ ᠤᠨ ᠬᠥᠳᠡᠭᠡ ᠲᠣᠰᠬᠤᠨ ᠤ 6 ᠵᠤᠷᠪᠤᠰ ᠵᠢᠭᠤᠯᠴᠢᠯᠠᠯ ᠤᠨ ᠵᠠᠮ ᠱᠤᠭᠤᠮ ᠰᠣᠶᠣᠯ ᠪᠠ ᠵᠢᠭᠤᠯᠴᠢᠯᠠᠯ ᠤᠨ ᠶᠠᠮᠤᠨ ᠤ ︽ᠤᠯᠠᠪᠤᠷ ᠰᠢᠷ᠎ᠠ ᠵᠦᠷᠵᠢ ᠶᠢᠨ ᠨᠣᠭᠤᠭᠠᠨ  ᠬᠥᠳᠡᠭᠡ ᠲᠣᠰᠬᠤᠨ ᠤ ᠭᠤᠶᠤ ᠰᠠᠶᠢᠬᠠᠨ ᠦᠵᠡᠮᠵᠢ︾ ᠪᠥᠬᠦ ᠤᠯᠤᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠰᠣᠳᠣᠨ ᠵᠠᠮ ᠱᠤᠭᠤᠮ ᠳᠤ ᠰᠣᠩᠭᠤᠭᠳᠠᠪᠠ
ᠨᠡᠶᠢᠲᠡᠯᠡᠭᠰᠡᠨ ᠴᠠᠭ᠄
2023/9/28
     ᠣᠶᠢᠷ᠎ᠠ ᠳᠤ᠂ ᠰᠣᠶᠣᠯ ᠪᠠ ᠵᠢᠭᠤᠯᠴᠢᠯᠠᠯ ᠤᠨ ᠶᠠᠮᠤᠨ ︽ᠤᠯᠠᠪᠤᠷ ᠰᠢᠷ᠎ᠠ ᠵᠦᠷᠵᠢ ᠶᠢᠨ ᠨᠤᠭᠤᠭᠠᠨ  ᠬᠥᠳᠡᠭᠡ ᠲᠣᠰᠬᠤᠨ ᠤ ᠭᠤᠶᠤ ᠰᠠᠶᠢᠬᠠᠨ ᠦᠵᠡᠮᠵᠢ︾ ᠭᠡᠬᠦ ᠭᠤᠣᠯ ᠰᠡᠳᠦᠪᠲᠦ ᠪᠥᠬᠦ ᠤᠯᠤᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ 149 ᠰᠣᠳᠣᠨ ᠵᠠᠮ ᠱᠤᠭᠤᠮ ᠢ ᠨᠡᠶᠢᠲᠡᠯᠡᠵᠦ᠂ ᠣᠯᠠᠨ ᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠳᠤ ᠤᠷᠢᠵᠤ᠂ ᠨᠠᠮᠤᠷ ᠤᠨ ᠦᠵᠡᠮᠵᠢ ᠶᠢ ᠰᠣᠨᠢᠷᠬᠠᠨ᠂ ᠨᠠᠮᠤᠷ ᠤᠨ ᠠᠶᠠᠯᠭᠤ ᠶᠢ ᠰᠤᠨᠤᠷᠲᠠᠨ᠂ ᠨᠠᠮᠤᠷ ᠤᠨ ᠬᠤᠷᠢᠶᠠᠯᠲᠠ ᠶᠢ ᠡᠳ᠋ᠯᠡᠭᠦᠯᠵᠦ᠂ ᠬᠠᠮᠲᠤ ᠪᠠᠷ ᠤᠯᠠᠪᠤᠷ ᠰᠢᠷ᠎ᠠ ᠵᠦᠷᠵᠢ ᠶᠢᠨ ᠨᠤᠭᠤᠭᠠᠨ ᠲᠠᠩᠰᠤᠭ ᠨᠠᠮᠤᠷ ᠤᠨ ᠵᠢᠭᠤᠯᠴᠢᠯᠠᠯ ᠳᠤ ᠣᠷᠣᠯᠴᠠᠭᠤᠯᠵᠠᠢ᠃ ᠥᠪᠥᠷ ᠮᠣᠩᠭᠤᠯ ᠤᠨ ︽ᠠᠯᠠᠱᠠ · ᠠᠯᠲᠠᠨ ᠨᠠᠮᠤᠷ ᠤᠨ ᠬᠥᠳᠡᠭᠡ ᠲᠣᠰᠬᠤᠨ ᠤ ᠰᠣᠶᠣᠯ ᠤᠨ ᠤᠶᠢᠯᠠᠭᠠᠯᠲᠠ ᠶᠢ ᠬᠠᠮᠲᠤ ᠪᠠᠷ ᠡᠳ᠋ᠯᠡᠬᠦ ᠠᠶᠠᠯᠠᠯ︾᠂ ︽ᠡᠷᠭᠦᠨ᠎ᠡ · ᠬᠦᠪᠴᠢ ᠤᠢ ᠠᠯᠲᠠᠨ ᠰᠢᠷᠭᠠᠯ ᠬᠡᠦᠬᠡᠳ ᠤᠨ ᠳᠤᠮᠤᠭ ᠲᠤ ᠨᠡᠷᠪᠡᠭᠰᠡᠨ ᠨᠠᠮᠤᠷ ᠤᠨ ᠡᠳᠦᠷ ᠤᠨ ᠠᠶᠠᠯᠠᠯ︾᠂ ︽ᠬᠥᠬᠡᠬᠤᠲᠠ · ᠡᠯᠪᠡᠭ ᠬᠤᠷᠢᠶᠠᠯᠲᠠ ᠪᠠᠨ ᠪᠡᠯᠭᠡᠯᠡᠬᠦ ᠦᠵᠡᠰᠬᠦᠯᠡᠩᠲᠦ ᠰᠠᠶᠢᠬᠠᠨ ᠰᠢᠨ᠎ᠡ ᠬᠤᠲᠠ ᠶᠢᠨ ᠠᠶᠠᠯᠠᠯ︾᠂ ︽ᠬᠠᠷᠠᠴᠢᠨ · ᠶᠢᠷᠲᠢᠨᠴᠦ ᠶᠢᠨ ᠰᠠᠶᠢᠬᠠᠨ ᠨᠠᠮᠤᠷ ᠤᠨ ᠦᠩᠭᠡᠨ ᠳᠤ ᠰᠤᠭᠲᠤᠭᠤᠷᠠᠨ   ᠬᠤᠷᠢᠶᠠᠯᠲᠠ ᠶᠢᠨ ᠪᠠᠶᠠᠰᠤᠯ  ᠢ ᠬᠠᠮᠲᠤ ᠪᠠᠷ ᠡᠳ᠋ᠯᠡᠬᠦ ᠠᠶᠠᠯᠠᠯ︾᠂ ︽ᠤᠯᠠᠭᠠᠨᠴᠠᠪ · ᠬᠤᠩᠭᠤᠷ ᠰᠠᠯᠬᠢᠨ ᠦᠯᠢᠶᠡᠬᠦᠶ᠎ᠡ  ᠲᠠᠪᠤᠨ ᠲᠠᠷᠢᠶᠠᠨ ᠤ ᠠᠩᠬᠢᠯᠤᠮ᠎ᠠ ᠦᠨᠦᠷ ᠬᠠᠩᠬᠤᠯᠤᠭᠰᠠᠨ ᠠᠶᠠᠯᠠᠯ︾᠂ ︽ᠬᠢᠩᠭᠠᠨ ᠳᠠᠪᠠᠭᠠᠨ ᠳᠤ ᠰᠤᠯᠤᠩᠭᠠᠷᠠᠭᠰᠠᠨ   ᠠᠷᠢᠭᠤᠨ ᠤᠰᠤᠨ ᠷᠠᠰᠢᠶᠠᠨ ᠤ ᠠᠶᠠᠯᠠᠯ︾ ᠵᠡᠷᠭᠡ ᠨᠠᠮᠤᠷ ᠤᠨ ᠤᠯᠠᠷᠢᠯ ᠤᠨ ᠬᠥᠳᠡᠭᠡ ᠲᠣᠰᠬᠤᠨ ᠤ ᠵᠢᠭᠤᠯᠴᠢᠯᠠᠯ ᠤᠨ 6 ᠰᠣᠳᠣᠨ ᠵᠠᠮ ᠱᠤᠭᠤᠮ ᠰᠣᠩᠭᠤᠭᠳᠠᠨ᠂ ᠪᠥᠬᠦ ᠤᠯᠤᠰ ᠤᠨ ᠡᠮᠦᠨ᠎ᠡ ᠡᠩᠨᠡᠭᠡᠨ ᠳᠤ ᠤᠷᠤᠵᠤ᠂ ᠡᠭᠦᠨ ᠳᠤ ᠤᠯᠠᠭᠠᠨᠴᠠᠪ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠵᠠᠮ ᠱᠤᠭᠤᠮ ᠤᠨ ᠭᠤᠣᠯ ᠪᠣᠯᠬᠤ ᠦᠵᠡᠮᠵᠢ ᠶᠢᠨ ᠣᠷᠣᠨ᠂ ᠠᠷᠠᠳ ᠤᠨ ᠣᠷᠣᠨ ᠰᠠᠭᠤᠴᠠ ᠶᠢᠨ ᠳᠡᠭᠡᠳᠦ ᠵᠡᠷᠭᠡ ᠶᠢᠨ ᠭᠤᠸ ᠳ᠋ᠧ ᠭᠠᠵᠠᠷ ᠤᠨ ᠵᠢᠷᠤᠭ ᠢ ᠰᠦᠯᠵᠢᠶᠡᠨ ᠳᠡᠭᠡᠷ᠎ᠡ ᠬᠤᠳᠠᠯᠳᠤᠵᠤ᠂ ᠬᠥᠳᠡᠭᠡ ᠲᠣᠰᠬᠤᠨ ᠤ ᠵᠢᠭᠤᠯᠴᠢᠯᠠᠯ ᠤᠨ ᠣᠶᠤᠨᠴᠢᠯᠠᠭᠰᠠᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠪᠡ᠃      ᠡᠨᠡ ᠤᠳᠠᠭ᠎ᠠ ᠬᠥᠳᠡᠭᠡ ᠲᠣᠰᠬᠤᠨ ᠤ ᠨᠠᠮᠤᠷ ᠤᠨ ᠤᠯᠠᠷᠢᠯ ᠤᠨ ᠵᠢᠭᠤᠯᠴᠢᠯᠠᠯ ᠤᠨ ᠰᠣᠳᠣᠨ ᠵᠠᠮ ᠱᠤᠭᠤᠮ ᠳᠤ ︽ᠡᠯᠪᠡᠭ ᠬᠤᠷᠢᠶᠠᠯᠲᠠ ᠪᠠᠨ ᠪᠡᠯᠭᠡᠯᠡᠵᠦ  ᠬᠥᠳᠡᠭᠡ ᠲᠣᠰᠬᠤᠨ ᠢᠶᠠᠷ ᠵᠤᠭᠠᠴᠠᠨ ᠮᠠᠶᠢᠮᠠᠶᠢᠯᠠᠬᠤ︾ ᠠᠭᠤᠯᠭ᠎ᠠ ᠶᠢ ᠳᠣᠪᠤᠶᠢᠯᠭᠠᠵᠤ᠂ ᠵᠢᠭᠤᠯᠴᠢᠯᠠᠭᠴᠢᠳ ᠬᠥᠳᠡᠭᠡ ᠲᠣᠰᠬᠤᠨ ᠤ ᠥᠨᠢᠷ ᠪᠠᠶᠠᠯᠢᠭ ᠨᠠᠮᠤᠷ ᠤᠨ ᠦᠵᠡᠮᠵᠢ ᠶᠢ ᠰᠣᠨᠢᠷᠬᠠᠵᠤ ᠪᠣᠯᠬᠤ ᠪᠠᠷ ᠪᠠᠷᠠᠬᠤ ᠦᠭᠡᠢ ᠪᠠᠰᠠ ᠪᠦᠬᠦ ᠣᠷᠣᠨ ᠤ ᠡᠯ᠎ᠡ ᠭᠠᠵᠠᠷ ᠤᠨ ᠠᠮᠲᠠᠲᠤ ᠢᠳᠡᠭᠡᠨ ᠢ ᠠᠮᠲᠠᠯᠠᠵᠤ᠂ ᠤᠯᠠᠨ ᠡᠰᠢᠲᠦ ᠠᠭᠤᠰᠤᠯᠴᠠᠭᠰᠠᠨ ᠬᠥᠳᠡᠭᠡ ᠲᠣᠰᠬᠤᠨ ᠤ ᠵᠢᠭᠤᠯᠴᠢᠯᠠᠯ ᠤᠨ ᠦᠢᠯᠡᠰ ᠤᠨ ᠪᠠᠶᠢᠳᠠᠯ ᠢ ᠪᠡᠶᠡᠴᠢᠯᠡᠨ ᠣᠶᠢᠯᠠᠭᠠᠵᠤ᠂ ᠪᠦᠲᠦᠭᠡᠯᠴᠢ ᠮᠠᠶ᠋ᠢᠭ ᠤᠨ ᠴᠤᠭᠯᠠᠭ᠎ᠠ ᠮᠠᠶᠢᠮᠠᠢ᠂ ᠡᠯᠪᠡᠭ ᠬᠤᠷᠢᠶᠠᠯᠲᠠ ᠶᠢᠨ ᠪᠠᠶᠠᠷ ᠳᠤᠷᠠᠰᠬᠠᠯ ᠪᠣᠯᠣᠨ ᠤᠷᠠᠯᠢᠭ ᠤᠨ ᠦᠵᠡᠭᠦᠯᠭᠡ ᠶᠢᠨ ᠲᠣᠭᠯᠠᠯᠲᠠ ᠠᠴᠠ ᠰᠢᠨ᠎ᠡ ᠴᠠᠭ ᠦᠶ᠎ᠡ ᠪᠣᠯᠣᠨ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠡᠳ᠋ ᠪᠣᠳᠠᠰ ᠡᠯᠪᠡᠭ ᠪᠠᠶᠠᠯᠢᠭ᠂ ᠴᠤᠭ ᠵᠢᠪᠬᠤᠭ᠎ᠠ ᠲᠠᠢ ᠪᠠᠶᠢᠬᠤ ᠶᠢ ᠣᠶᠢᠯᠠᠭᠠᠵᠤ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号