ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠥᠷᠪᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠢ ᠲᠣᠭᠤᠷᠢᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/9/28
   ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠨᠢᠭᠡᠳᠦᠯᠲᠡᠢ ᠲᠣᠬᠢᠷᠠᠭᠤᠯᠤᠯᠲᠠ ᠶᠢ ᠦᠨᠳᠦᠰᠦᠯᠡᠨ᠂ 9 ᠳ᠋ᠣᠭᠡᠷ ᠰᠠᠷ᠎ᠠ ᠶᠢᠨ 22  ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠥᠷᠪᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ  ᠢ ᠲᠤᠭᠤᠷᠢᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠶᠢᠨ ᠬᠤᠷᠠᠯ ᠬᠤᠷᠠᠯᠳᠤᠪᠠ᠃ ᠳᠠᠶᠢᠴᠢᠯᠠᠯᠲᠠ ᠶᠢᠨ ᠬᠤᠷᠠᠯ ᠳᠡᠭᠡᠷ᠎ᠡ᠂ ᠳᠥᠷᠪᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠬᠤᠤ ᠴᠤᠤ ᠲᠦᠨ ᠳᠠᠶᠢᠴᠢᠯᠠᠯᠲᠠ ᠶᠢᠨ ᠶᠠᠷᠢᠶ᠎ᠠ ᠲᠠᠯᠪᠢᠭᠰᠠᠨ ᠪᠥᠭᠡᠳ ᠲᠣᠭᠤᠷᠢᠨ ᠪᠠᠶᠢᠴᠠᠭᠠᠬᠤ ᠠᠵᠢᠯ ᠢ ᠰᠠᠶᠢᠲᠤᠷ ᠬᠢᠬᠦ ᠲᠤᠬᠠᠢ ᠱᠠᠭᠠᠷᠳᠠᠯᠭ᠎ᠠ ᠳᠤᠷᠠᠳᠤᠪᠠ᠃ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠴᠢᠨ ᠶᠠᠨ ᠬᠤᠷᠠᠯ ᠢ ᠡᠷᠬᠢᠯᠡᠭᠰᠡᠨ ᠪᠥᠭᠡᠳ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠵᠠᠢ᠃   ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠥᠷᠪᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠡᠳ᠋ ᠳᠠᠷᠤᠭ᠎ᠠ ᠵᠢᠴᠢ ᠪᠦᠷᠢᠯᠳᠦᠭᠦᠨ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠤᠳᠤᠷᠢᠳᠬᠤ ᠪᠠᠭ ᠤᠨ ᠪᠦᠷᠢᠯᠳᠦᠭᠦᠨ ᠬᠤᠷᠠᠯ ᠳᠤ ᠣᠷᠣᠯᠴᠠᠵᠤ᠂ ᠳᠣᠲᠣᠭᠠᠳᠤ ᠰᠠᠯᠠᠭ᠎ᠠ ᠮᠥᠴᠢᠷ ᠪᠠ ᠰᠢᠭᠤᠳ ᠬᠠᠷᠢᠶ᠎ᠠ ᠨᠢᠭᠡᠴᠢ ᠶᠢᠨ ᠭᠤᠣᠯ ᠬᠠᠷᠢᠭᠤᠴᠠᠯᠭᠠᠲᠠᠨ ᠵᠢᠴᠢ ᠬᠡᠰᠡᠭ ᠺᠠᠳ᠋ᠷ ᠬᠤᠷᠠᠯ ᠳᠤ ᠰᠤᠯᠠ ᠣᠷᠣᠯᠴᠠᠪᠠ᠃   ᠲᠣᠭᠤᠷᠢᠨ ᠪᠠᠶᠢᠴᠠᠭᠠᠬᠤ ᠬᠤᠭᠤᠴᠠᠭᠠᠨ ᠳᠤ᠂ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ ᠲᠤᠰᠬᠠᠢ ᠵᠢᠵᠢᠭᠦᠷᠯᠡᠬᠦ ᠤᠲᠠᠰᠤ ᠲᠣᠬᠢᠷᠠᠭᠤᠯᠪᠠ᠄ 0471-3981357᠂ ᠡᠳᠦᠷ ᠪᠦᠷᠢ ᠶᠢᠨ ᠬᠦᠯᠢᠶᠡᠨ ᠠᠪᠴᠤ ᠰᠢᠢᠳᠪᠦᠷᠢᠯᠡᠬᠦ ᠴᠠᠭ ᠨᠢ 8᠄ 00 ᠠᠴᠠ 18᠄ 00 ᠤᠨ ᠬᠤᠭᠤᠷᠤᠨᠲᠤ ᠪᠣᠯᠣᠨ᠎ᠠ ;ᠰᠢᠤᠳᠠᠨ ᠤ ᠵᠠᠬᠢᠳᠠᠯ ᠤᠨ ᠬᠠᠶᠢᠷᠴᠠᠭ᠄ ᠥᠪᠥᠷ ᠮᠣᠩᠭᠤᠯ ᠤᠨ ᠬᠥᠬᠡᠬᠤᠲᠠ ᠶᠢᠨ A943 ᠳ᠋ᠤᠭᠠᠷ ᠰᠢᠤᠳᠠᠨ ᠤ ᠵᠠᠬᠢᠳᠠᠯ ᠤᠨ ᠬᠠᠶᠢᠷᠴᠠᠭ︔ ᠢᠮᠧᠯ᠄ nmgxs4zvl@163.com᠃ ᠡᠭᠦᠨ ᠤ ᠬᠠᠮᠲᠤ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠠᠯᠪᠠᠨ ᠠᠰᠠᠷ ᠵᠢᠴᠢ ᠬᠤᠶᠠᠳᠤᠭᠠᠷ ᠳᠡᠰ ᠤᠨ ᠨᠢᠭᠡᠴᠢ ᠳᠤ ᠬᠠᠷᠢᠯᠴᠠᠬᠤ ᠵᠠᠬᠢᠳᠠᠯ ᠤᠨ ᠬᠠᠶᠢᠷᠴᠠᠭ ᠲᠣᠬᠢᠷᠠᠭᠤᠯᠤᠨ᠎ᠠ᠃ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ ᠭᠤᠣᠯᠳᠠᠭᠤ ᠲᠣᠭᠤᠷᠢᠨ ᠪᠠᠶᠢᠴᠠᠭᠠᠭᠳᠠᠵᠤ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠭ ᠪᠣᠯᠣᠨ ᠪᠦᠷᠢᠯᠳᠦᠭᠦᠨ᠂ ᠳᠣᠣᠷ᠎ᠠ ᠨᠢᠭᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠭ ᠤᠨ ᠭᠤᠣᠯ ᠬᠠᠷᠢᠭᠤᠴᠠᠯᠭᠠᠲᠠᠨ ᠪᠣᠯᠣᠨ ᠴᠢᠬᠤᠯᠠ ᠠᠵᠢᠯ ᠤᠨ ᠪᠠᠶᠢᠷᠢ ᠶᠢᠨ ᠤᠳᠤᠷᠢᠳᠬᠤ ᠺᠠᠳ᠋ᠷ ᠤᠨ ᠠᠰᠠᠭᠤᠳᠠᠯ ᠢ ᠲᠤᠰᠬᠠᠭᠰᠠᠨ ᠵᠠᠬᠢᠳᠠᠯ ᠪᠠ ᠴᠠᠬᠢᠯᠭᠠᠨ ᠮᠡᠳᠡᠭᠡ ᠶᠢ ᠬᠦᠯᠢᠶᠡᠨ ᠠᠪᠴᠤ ᠰᠢᠢᠳᠪᠦᠷᠢᠯᠡᠨ᠎ᠡ᠂ ᠭᠤᠣᠯᠳᠠᠯᠭ᠎ᠠ ᠨᠢ ᠤᠯᠤᠰ ᠲᠦᠷᠦ ᠶᠢᠨ ᠰᠠᠬᠢᠯᠭ᠎ᠠ ᠪᠠᠲᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠷᠢᠭᠤᠨ ᠴᠢᠬᠡᠴᠢ ᠶᠢᠨ ᠰᠠᠬᠢᠯᠭ᠎ᠠ ᠪᠠᠲᠤ᠂ ᠤᠯᠠᠨ ᠲᠦᠮᠡᠨ ᠤ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ ᠪᠣᠯᠣᠨ ᠠᠮᠢᠳᠤᠷᠠᠯ ᠤᠨ ᠰᠠᠬᠢᠯᠭ᠎ᠠ ᠪᠠᠲᠤ ᠶᠢ ᠵᠥᠷᠢᠴᠡᠭᠰᠡᠨ ᠵᠡᠷᠭᠡ ᠲᠠᠯ᠎ᠠ ᠶᠢᠨ ᠢᠯᠡᠴᠢᠯᠡᠨ ᠮᠡᠳᠡᠭᠦᠯᠦᠯᠲᠡ ᠪᠠ ᠲᠤᠰᠬᠠᠯ ᠪᠣᠯᠣᠨ᠎ᠠ᠃ ᠲᠣᠭᠤᠷᠢᠨ ᠪᠠᠶᠢᠴᠠᠭᠠᠯᠲᠠ ᠶᠢᠨ ᠬᠦᠯᠢᠶᠡᠨ ᠠᠪᠴᠤ ᠰᠢᠢᠳᠪᠦᠷᠢᠯᠡᠬᠦ ᠬᠡᠪᠴᠢᠶᠡᠨ ᠳᠤ ᠪᠠᠭᠲᠠᠬᠤ ᠦᠭᠡᠢ ᠪᠤᠰᠤᠳ ᠵᠠᠬᠢᠳᠠᠯ ᠰᠣᠷᠪᠤᠯᠵᠢᠯᠠᠭ᠎ᠠ ᠶᠢᠨ ᠠᠰᠠᠭᠤᠳᠠᠯ ᠢ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠲᠠᠯ᠎ᠠ ᠶᠢᠨ ᠬᠢᠨ ᠳᠤ ᠲᠤᠰᠢᠶᠠᠵᠤ ᠰᠢᠢᠳᠪᠦᠷᠢᠯᠡᠭᠦᠯᠦᠨ᠎ᠡ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号