ᠰᠢ ᠶᠢᠨ ᠫᠢᠩ ᠶᠦᠨᠨᠠᠨ ᠤ ᠵᠣᠣ ᠲᠦᠩ ᠬᠤᠲᠠ ᠶᠢᠨ ᠵᠧᠨ ᠰᠢᠶᠦ᠋ᠩ ᠰᠢᠶᠠᠨ ᠤ ᠠᠭᠤᠯᠠ ᠶᠡᠭᠦᠷᠡᠭᠰᠡᠨ ᠬᠡᠷᠡᠭ ᠲᠤ ᠴᠢᠬᠤᠯᠠ ᠵᠢᠭᠠᠪᠤᠷᠢ ᠥᠭᠴᠦ ᠬᠤᠯᠪᠣᠭ᠎ᠠ ᠲᠠᠰᠤᠷᠠᠭᠰᠠᠨ ᠬᠥᠮᠥᠰ ᠢ ᠪᠥᠬᠦ ᠬᠦᠴᠦᠨ ᠢᠶᠠᠷ ᠢᠶᠠᠨ ᠡᠷᠢᠨ ᠠᠪᠤᠷᠠᠵᠤ ᠡᠭᠦᠰᠦᠮᠡᠯ ᠭᠠᠮᠰᠢᠭ ᠭᠠᠷᠬᠤ ᠶᠢ ᠰᠡᠷᠭᠡᠶᠢᠯᠡᠵᠦ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ ᠯᠢ ᠴᠢᠶᠠᠩ ᠴᠣᠬᠤᠯᠠᠪᠤᠷᠢ ᠥᠭᠴᠡᠢ
ᠨᠡᠶᠢᠲᠡᠯᠡᠭᠰᠡᠨ ᠴᠠᠭ᠄
2024/1/23
   ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 22 ᠤᠨ ᠡᠳᠦᠷ ᠤᠨ ᠴᠠᠬᠢᠯᠭᠠᠨ ᠮᠡᠳᠡᠭᠡ 1 ᠰᠠᠷ᠎ᠠ ᠶᠢᠨ 22 ᠤᠨ ᠡᠳᠦᠷ ᠤᠨ 6 ᠴᠠᠭ ᠤᠨ ᠦᠶ᠎ᠡ ᠪᠠᠷ᠂ ᠶᠦᠨᠨᠠᠨ ᠤ ᠵᠣᠣ ᠲᠦᠩ ᠬᠤᠲᠠ ᠶᠢᠨ ᠵᠧᠨ ᠰᠢᠶᠦ᠋ᠩ ᠰᠢᠶᠠᠨ ᠤ ᠲᠠᠩ ᠹᠠᠩ ᠪᠠᠯᠭᠠᠰᠤᠨ ᠤ ᠯᠢᠶᠠᠩ ᠱᠦᠢ ᠲᠣᠰᠬᠤᠨ ᠳᠤ ᠠᠭᠤᠯᠠ ᠶᠡᠭᠦᠷᠡᠵᠦ᠂ 18 ᠭᠡᠷ ᠪᠠᠶᠢᠰᠢᠩ ᠳᠠᠷᠤᠭᠳᠠᠵᠤ᠂ 47 ᠬᠥᠮᠥᠨ ᠬᠤᠯᠪᠣᠭ᠎ᠠ ᠲᠠᠰᠤᠷᠠᠪᠠ᠃    ᠭᠠᠮᠰᠢᠭ ᠡᠭᠦᠰᠦᠭᠰᠡᠨ ᠤ ᠳᠠᠷᠠᠭ᠎ᠠ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠶᠢᠨ ᠬᠠᠮᠲᠤ ᠴᠢᠬᠤᠯᠠ ᠵᠢᠭᠠᠪᠤᠷᠢ ᠥᠭᠴᠦ᠂ ᠠᠪᠤᠷᠠᠨ ᠲᠤᠰᠠᠯᠠᠬᠤ ᠬᠦᠴᠦᠨ ᠢ ᠲᠦᠷᠭᠡᠨ ᠵᠣᠬᠢᠶᠠᠨ ᠪᠠᠶᠢᠭᠤᠯᠵᠤ᠂ ᠬᠤᠯᠪᠣᠭ᠎ᠠ ᠲᠠᠰᠤᠷᠠᠭᠰᠠᠨ ᠬᠥᠮᠥᠰ ᠢ ᠪᠦᠬᠦ ᠬᠦᠴᠦᠨ ᠢᠶᠠᠷ ᠢᠶᠠᠨ ᠡᠷᠢᠨ ᠠᠪᠤᠷᠠᠵᠤ᠂ ᠬᠠᠮᠤᠭ ᠤᠨ ᠶᠡᠭᠡ ᠴᠢᠷᠮᠠᠶᠢᠯᠭ᠎ᠠ ᠭᠠᠷᠭᠠᠵᠤ ᠬᠥᠮᠥᠨ ᠬᠠᠷ᠎ᠠ ᠶᠢᠨ ᠦᠬᠦᠵᠦ ᠰᠢᠷᠬᠠᠲᠤᠬᠤ ᠶᠢ ᠪᠠᠭᠠᠰᠬᠠᠬᠤ ᠬᠡᠷᠡᠭᠲᠡᠢ᠃ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠰᠢᠨᠵᠢᠯᠡᠬᠦ ᠤᠬᠠᠭᠠᠨᠴᠢ ᠪᠠᠷ ᠡᠷᠢᠵᠦ ᠠᠪᠤᠷᠠᠬᠤ ᠶᠢ ᠴᠢᠩᠭᠠᠳᠬᠠᠵᠤ᠂ ᠡᠭᠦᠰᠦᠮᠡᠯ ᠭᠠᠮᠰᠢᠭ ᠭᠠᠷᠬᠤ ᠶᠢ ᠰᠡᠷᠭᠡᠶᠢᠯᠡᠬᠦ ᠬᠡᠷᠡᠭᠲᠡᠢ᠃ ᠡ᠊ᠨᠳᠡᠭᠰᠡᠳ ᠤᠨ ᠭᠡᠷ ᠪᠦᠯᠢ ᠶᠢᠨ ᠬᠢᠨ ᠢ ᠲᠣᠬᠤᠨᠢᠭᠤᠯᠬᠤ ᠪᠠ ᠭᠠᠮᠰᠢᠭᠳᠠᠭᠰᠠᠨ ᠤᠯᠠᠨ ᠲᠦᠮᠡᠨ ᠢ ᠲᠥᠪᠬᠢᠨᠡᠭᠦᠯᠬᠦ ᠵᠡᠷᠭᠡ ᠠᠵᠢᠯ ᠢ ᠲᠣᠬᠢᠲᠠᠢ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠃ ᠰᠢ ᠶᠢᠨ ᠫᠢᠩ᠂ ᠴᠠᠭᠠᠨ ᠰᠠᠷ᠎ᠠ ᠣᠶᠢᠷᠠᠲᠤᠵᠤ ᠢᠷᠡᠭᠰᠡᠨ ᠤ ᠳᠡᠭᠡᠷ᠎ᠡ ᠬᠦᠢᠲᠡᠨ ᠤᠷᠤᠰᠬᠠᠯ ᠤᠨ ᠴᠠᠭ ᠠᠭᠤᠷ ᠤᠨ ᠨᠥᠯᠥᠭᠡ ᠳᠠᠪᠬᠤᠴᠠᠵᠤ᠂ ᠪᠠᠶᠢᠭᠠᠯᠢ ᠶᠢᠨ ᠭᠠᠮᠰᠢᠭ᠂ ᠵᠠᠮ ᠬᠠᠷᠢᠯᠴᠠᠭᠠᠨ ᠤ ᠠᠳᠡᠯ᠂ ᠠᠶᠤᠯᠭᠦᠢ ᠦᠢᠯᠡᠳᠪᠦᠷᠢᠯᠡᠯ ᠤᠨ ᠠᠳᠡᠯ ᠵᠡᠷᠭᠡ ᠠᠮᠠᠷᠬᠠᠨ ᠡᠭᠦᠰᠴᠦ ᠮᠡᠳᠡᠨ᠎ᠡ᠂ ᠡᠯ᠎ᠡ ᠭᠠᠵᠠᠷ ᠣᠷᠣᠨ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠶᠤᠯ ᠲᠦᠭᠰᠢᠭᠦᠷᠢ ᠬᠡᠮ ᠰᠣᠭᠤᠭ ᠢ ᠴᠢᠩᠭ᠎ᠠ ᠠᠩᠬᠠᠷᠴᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠬᠥᠮᠥᠨ ᠬᠠᠷ᠎ᠠ ᠦᠬᠦᠵᠦ ᠰᠢᠷᠬᠠᠲᠤᠬᠤ ᠬᠦᠨᠳᠦ ᠶᠡᠭᠡ ᠬᠡᠷᠡᠭ ᠡᠭᠦᠰᠬᠦ ᠶᠢ ᠰᠡᠷᠭᠡᠶᠢᠯᠡᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃    ᠨᠠᠮ ᠤᠨ ᠲᠥᠪ ᠬᠤᠷᠢᠶ᠎ᠠ ᠶᠢᠨ ᠤᠯᠤᠰ ᠳᠦᠢᠷᠪ᠊ ᠶᠢᠨ ᠲᠣᠪᠴᠢᠶᠠᠨ ᠤ ᠪᠠᠶᠢᠩᠭ᠍ᠪ᠊ ᠶᠢᠨ ᠭᠡᠰᠢᠭᠦᠨ᠂ ᠳᠦᠢᠷᠪ᠊ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ ᠴᠣᠬᠤᠯᠠᠪᠤᠷᠢ ᠥᠭᠴᠦ᠂ ᠠᠶᠤᠯ ᠠᠴᠠ ᠠᠪᠤᠷᠠᠨ ᠲᠤᠰᠠᠯᠠᠬᠤ ᠠᠵᠢᠯ ᠢ ᠪᠦᠬᠦ ᠬᠦᠴᠦᠨ ᠢᠶᠠᠷ ᠢᠶᠠᠨ ᠵᠣᠬᠢᠶᠠᠨ ᠪᠠᠶᠢᠭᠤᠯᠵᠤ᠂ ᠴᠠᠭ ᠮᠥᠴᠡ ᠲᠠᠢ ᠤᠷᠤᠯᠳᠤᠨ ᠬᠤᠯᠪᠣᠭ᠎ᠠ ᠲᠠᠰᠤᠷᠠᠭᠰᠠᠨ ᠬᠥᠮᠥᠰ ᠢ ᠡᠷᠢᠨ ᠠᠪᠤᠷᠠᠵᠤ᠂ ᠬᠠᠮᠤᠭ ᠤᠨ ᠶᠡᠭᠡ ᠴᠢᠷᠮᠠᠶᠢᠯᠭ᠎ᠠ ᠭᠠᠷᠭᠠᠵᠤ ᠦᠬᠦᠵᠦ ᠰᠢᠷᠬᠠᠲᠤᠬᠤ ᠶᠢ ᠪᠠᠭᠠᠰᠬᠠᠬᠤ ᠬᠡᠷᠡᠭᠲᠡᠢ ᠂ ᠡᠭᠦᠨ ᠤ ᠵᠡᠷᠭᠡ ᠳᠤ ᠡᠷᠭᠢᠨ ᠲᠣᠭᠤᠷᠢᠨ ᠤ ᠭᠠᠵᠠᠷ ᠤᠨ ᠭᠠᠮᠰᠢᠭ ᠤᠨ ᠬᠡᠮ ᠰᠣᠭᠤᠭ ᠢ ᠨᠠᠷᠢᠨ ᠨᠢᠮᠪᠠᠢ ᠪᠠᠶᠢᠴᠠᠭᠠᠵᠤ᠂ ᠠᠶᠤᠯ ᠲᠦᠭᠰᠢᠭᠦᠷᠢ ᠶᠢᠨ ᠪᠠᠶᠢᠳᠠᠯ ᠢ ᠬᠢᠨᠠᠨ ᠬᠡᠮᠵᠢᠵᠦ ᠰᠡᠷᠡᠮᠵᠢᠯᠡᠭᠦᠯᠬᠦ ᠠᠵᠢᠯ ᠢ ᠴᠢᠩᠭᠠᠳᠬᠠᠵᠤ᠂ ᠡᠭᠦᠰᠦᠮᠡᠯ ᠭᠠᠮᠰᠢᠭ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠬᠡᠷᠡᠭ ᠭᠠᠷᠤᠭᠰᠠᠨ ᠭᠠᠵᠠᠷ ᠨᠢ ᠶᠡᠭᠡ ᠬᠦᠢᠲᠡᠨ ᠠᠭᠤᠯᠠᠷᠬᠠᠭ ᠣᠷᠣᠨ ᠪᠣᠯᠣᠨ ᠦᠨᠳᠦᠰᠦᠲᠡᠨ ᠤ ᠭᠠᠵᠠᠷ ᠣᠷᠣᠨ ᠳᠤ ᠬᠠᠷᠢᠶᠠᠯᠠᠭᠳᠠᠬᠤ ᠪᠣᠯᠬᠤᠷ ᠠᠶᠤᠯ ᠳᠤ ᠤᠴᠠᠷᠠᠭᠰᠠᠨ ᠤᠯᠠᠨ ᠲᠦᠮᠡᠨ ᠢ ᠳᠠᠷᠦ᠋ᠢᠬᠠᠨ ᠰᠢᠯᠵᠢᠭᠦᠯᠵᠦ᠂ ᠲᠥᠪᠬᠢᠨᠡᠭᠦᠯᠬᠦ ᠠᠵᠢᠯ ᠢ ᠲᠣᠬᠢᠲᠠᠢ ᠰᠠᠶᠢᠲᠤᠷ ᠬᠢᠵᠦ᠂ ᠤᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠬᠠᠮᠠᠭᠠᠯᠠᠬᠤ ᠬᠡᠷᠡᠭᠲᠡᠢ ᠭᠡᠵᠦ ᠱᠠᠭᠠᠷᠳᠠᠪᠠ᠃    ᠰᠢ ᠶᠢᠨ ᠫᠢᠩ ᠤᠨ ᠵᠢᠭᠠᠪᠤᠷᠢ ᠪᠣᠯᠣᠨ ᠯᠢ ᠴᠢᠶᠠᠩ ᠤᠨ ᠱᠠᠭᠠᠷᠳᠠᠯᠭ᠎ᠠ ᠶᠢ ᠦᠨᠳᠦᠰᠦᠯᠡᠨ᠂ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶᠠᠨ ᠤ ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠵᠠᠩ ᠭᠦᠸᠧ ᠴᠢᠩ ᠠᠵᠢᠯᠯᠠᠬᠤ ᠳᠤᠭᠤᠶᠢᠯᠠᠩ ᠳᠠᠭᠠᠭᠤᠯᠤᠨ ᠶᠦᠨᠨᠠᠨ ᠳᠤ ᠬᠦᠷᠴᠦ ᠲᠤᠬᠠᠢ ᠶᠢᠨ ᠲᠠᠯᠠᠪᠤᠷ ᠲᠤ ᠡᠷᠢᠵᠦ ᠠᠪᠤᠷᠠᠬᠤ ᠠᠵᠢᠯ ᠢ ᠵᠢᠯᠤᠭᠤᠳᠴᠤ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠨᠢᠭᠡᠨᠲᠡ ᠪᠠᠴᠢᠮ ᠪᠠᠶᠢᠳᠠᠯ ᠢ ᠠᠷᠭᠠᠴᠠᠭᠠᠬᠤ ᠲᠥᠰᠥᠯ ᠢ ᠡᠬᠢᠯᠡᠨ ᠬᠡᠷᠡᠭᠵᠢᠭᠦᠯᠵᠦ᠂ ᠶᠦᠨᠨᠠᠨ ᠮᠤᠵᠢ᠂ ᠵᠣᠣ ᠲᠦᠩ ᠬᠤᠲᠠ ᠶᠢᠨ ᠬᠢᠨ ᠬᠦᠴᠦᠨ ᠢᠶᠠᠨ ᠵᠣᠬᠢᠶᠠᠨ ᠪᠠᠶᠢᠭᠤᠯᠵᠤ ᠠᠪᠤᠷᠠᠨ ᠲᠤᠰᠠᠯᠠᠬᠤ ᠠᠵᠢᠯ ᠥᠷᠨᠢᠭᠦᠯᠵᠦ ᠪᠠᠶᠢᠨ᠎ᠠ᠃ ᠣᠳᠣᠬᠠᠨ ᠳᠤ᠂ ᠡᠯ᠎ᠡ ᠵᠦᠢᠯ ᠤᠨ ᠠᠵᠢᠯ ᠪᠠᠴᠢᠮ ᠶᠠᠭᠠᠷᠠᠯᠲᠠᠢ ᠡᠮᠬᠢ ᠵᠢᠷᠤᠮ ᠲᠠᠢ ᠶᠠᠪᠤᠭᠳᠠᠵᠤ ᠪᠠᠶᠢᠨ᠎ᠠ᠃        
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号