2023 ᠣᠨ ᠤ ᠪᠥᠬᠦ ᠤᠯᠤᠰ ᠤᠨ ᠬᠥᠬᠡ ᠲᠠᠰ᠂ ᠬᠥᠬᠡᠭᠴᠢᠨ ᠲᠠᠰ ᠤᠨ ᠵᠢᠭᠤᠯᠴᠢᠯᠠᠯ ᠤᠨ ᠠᠷᠠᠳ ᠤᠨ ᠣᠷᠣᠨ ᠰᠠᠭᠤᠴᠠ ᠶᠢ ᠦᠨᠡᠯᠡᠨ ᠲᠣᠭᠲᠠᠭᠠᠭᠰᠠᠨ ᠦᠷ᠎ᠡ ᠳ᠋ᠦᠩ ᠢ ᠨᠡᠶᠢᠲᠡᠯᠡᠪᠡ᠂ ᠥᠪᠥᠷ ᠮᠣᠩᠭᠤᠯ ᠤᠨ ᠳᠥᠷᠪᠡᠨ ᠡᠷᠦᠬᠡ ᠨᠡᠷᠡᠰ ᠤᠨ ᠵᠢᠭᠰᠠᠭᠠᠯᠲᠠ ᠳᠤ ᠤᠷᠤᠪᠠ︕
ᠨᠡᠶᠢᠲᠡᠯᠡᠭᠰᠡᠨ ᠴᠠᠭ᠄
2024/1/26
    ᠪᠥᠬᠦ ᠤᠯᠤᠰ ᠤᠨ ᠵᠢᠭᠤᠯᠴᠢᠯᠠᠯ ᠤᠨ ᠪᠠᠷᠢᠮᠵᠢᠶᠠᠵᠢᠭᠤᠯᠤᠯᠲᠠ ᠶᠢᠨ ᠮᠡᠷᠭᠡᠵᠢᠯ ᠤᠨ ᠵᠥᠪᠯᠡᠯ ᠲᠦᠷᠦᠭᠦᠬᠡᠨ 2023 ᠣᠨ ᠤ ᠪᠥᠬᠦ ᠤᠯᠤᠰ ᠤᠨ ᠬᠥᠬᠡ ᠲᠠᠰ᠂ ᠬᠥᠬᠡᠭᠴᠢᠨ ᠲᠠᠰ ᠤᠨ ᠵᠢᠭᠤᠯᠴᠢᠯᠠᠯ ᠤᠨ ᠠᠷᠠᠳ ᠤᠨ ᠣᠷᠣᠨ ᠰᠠᠭᠤᠴᠠ ᠶᠢ ᠦᠨᠡᠯᠡᠨ ᠲᠣᠭᠲᠠᠭᠠᠭᠰᠠᠨ ᠦᠷ᠎ᠡ ᠳ᠋ᠦᠩ ᠢ ᠨᠡᠶᠢᠲᠡᠯᠡᠪᠡ᠂ ᠪᠥᠬᠦ ᠠᠭᠤᠯᠭ᠎ᠠ ᠨᠢ ᠳᠣᠣᠷᠠᠬᠢ ᠮᠡᠲᠦ᠃    ᠵᠢᠭᠤᠯᠴᠢᠯᠠᠯ ᠤᠨ ᠠᠷᠠᠳ ᠤᠨ ᠣᠷᠣᠨ ᠰᠠᠭᠤᠴᠠ ᠶᠢ ᠰᠠᠶᠢᠨ ᠳᠤᠷ᠎ᠠ ᠠᠴᠠ ᠪᠠᠨ ᠭᠤᠶᠤᠴᠢᠯᠠᠨ ᠮᠡᠳᠡᠭᠦᠯᠦᠭᠰᠡᠨ᠂ ᠮᠤᠵᠢ ᠶᠢᠨ ᠲᠠᠰ ᠤᠨ ᠵᠢᠭᠤᠯᠴᠢᠯᠠᠯ ᠤᠨ ᠠᠷᠠᠳ ᠤᠨ ᠣᠷᠣᠨ ᠰᠠᠭᠤᠴᠠ ᠶᠢ ᠦᠨᠡᠯᠡᠨ ᠲᠣᠭᠲᠠᠭᠠᠬᠤ ᠪᠠᠶᠢᠭᠤᠯᠤᠮᠵᠢ ᠶᠢᠨ ᠠᠩᠬᠠᠨ ᠤ ᠬᠢᠨᠠᠯᠲᠠ ᠪᠠᠷ ᠳᠡᠮᠵᠢᠨ᠂ ᠪᠥᠬᠦ ᠤᠯᠤᠰ ᠤᠨ ᠵᠢᠭᠤᠯᠴᠢᠯᠠᠯ ᠤᠨ ᠪᠠᠷᠢᠮᠵᠢᠶᠠᠵᠢᠭᠤᠯᠤᠯᠲᠠ ᠶᠢᠨ ᠮᠡᠷᠭᠡᠵᠢᠯ ᠤᠨ ᠵᠦᠪᠯᠡᠯ ᠡᠴᠦᠰ ᠤᠨ ᠦᠨᠡᠯᠡᠯᠲᠡ ᠬᠢᠵᠦ᠂ 112 ᠠᠷᠠᠳ ᠤᠨ ᠣᠷᠣᠨ ᠰᠠᠭᠤᠴᠠ ᠶᠢ ᠦᠨᠳᠦᠰᠦᠨ ᠳᠤ ᠪᠠᠨ ᠬᠥᠬᠡ ᠲᠠᠰ᠂ ᠬᠥᠬᠡᠭᠴᠢᠨ ᠲᠠᠰ ᠤᠨ ᠵᠢᠭᠤᠯᠴᠢᠯᠠᠯ ᠤᠨ ᠠᠷᠠᠳ ᠤᠨ ᠣᠷᠣᠨ ᠰᠠᠭᠤᠴᠠ ᠶᠢᠨ ᠪᠠᠷᠢᠮᠵᠢᠶ᠎ᠠ ᠳᠤ ᠬᠦᠷᠪᠡ ᠭᠡᠵᠡᠢ᠃     ︽︿ᠵᠢᠭᠤᠯᠴᠢᠯᠠᠯ ᠤᠨ ᠠᠷᠠᠳ ᠤᠨ ᠤᠷᠤᠨ ᠰᠠᠭᠤᠴᠠ ᠶᠢᠨ ᠦᠨᠳᠦᠰᠦᠨ ᠱᠠᠭᠠᠷᠳᠠᠯᠭ᠎ᠠ ᠬᠢᠭᠡᠳ ᠵᠡᠷᠭᠡ ᠳᠡᠰ ᠤᠨ ᠬᠤᠪᠢᠶᠠᠷᠢᠯᠠᠯ﹀ ︵GB/T 41648 ︱ 2022︶ ᠢ ᠬᠡᠷᠡᠭᠵᠢᠭᠦᠯᠬᠦ ᠠᠵᠢᠯ ᠤᠨ ᠵᠢᠯᠤᠭᠤᠳᠬᠤ ᠳᠦᠷᠢᠮ︾ ᠢ ᠦᠨᠳᠦᠰᠦᠯᠡᠨ ᠳᠣᠣᠷᠠᠬᠢ ᠮᠡᠲᠦ ᠨᠡᠶᠢᠲᠡᠯᠡᠪᠡ᠄ ︵ᠳᠠᠭᠠᠯᠳᠤᠭᠤᠯᠤᠯ ᠳᠤ ᠦᠵᠡ︶      ᠵᠠᠷᠯᠠᠨ ᠨᠡᠶᠢᠲᠡᠯᠡᠬᠦ ᠬᠤᠭᠤᠴᠠᠭ᠎ᠠ ᠨᠢ 2024 ᠣᠨ ᠤ 1 ᠳ᠋ᠤᠭᠡᠷ ᠰᠠᠷ᠎ᠠ ᠶᠢᠨ 9 ᠤ ᠡᠳᠦᠷ ᠠᠴᠠ 2024 ᠣᠨ ᠤ 1 ᠳ᠋ᠤᠭᠡᠷ ᠰᠠᠷ᠎ᠠ ᠶᠢᠨ 15 ᠤ ᠡᠳᠦᠷ ︵5 ᠠᠵᠢᠯᠯᠠᠬᠤ ᠡᠳᠦᠷ︶ ᠪᠣᠯᠣᠨ᠎ᠠ᠃ ᠵᠠᠷᠯᠠᠨ ᠨᠡᠶᠢᠲᠡᠯᠡᠬᠦ ᠬᠤᠭᠤᠴᠠᠭᠠᠨ ᠳᠤ ᠬᠡᠷᠪᠡ ᠠᠰᠠᠭᠤᠳᠠᠯ ᠲᠠᠢ ᠪᠣᠯ᠂ ᠪᠥᠬᠦ ᠤᠯᠤᠰ ᠤᠨ ᠵᠢᠭᠤᠯᠴᠢᠯᠠᠯ ᠤᠨ ᠪᠠᠷᠢᠮᠵᠢᠶᠠᠵᠢᠭᠤᠯᠤᠯᠲᠠ ᠶᠢᠨ ᠮᠡᠷᠭᠡᠵᠢᠯ ᠤᠨ ᠵᠥᠪᠯᠡᠯ ᠤᠨ ᠨᠠᠷᠢᠨ ᠪᠢᠴᠢᠭ ᠤᠨ ᠭᠠᠵᠠᠷ ᠲᠤ ᠲᠤᠰᠬᠠᠬᠤ ᠬᠡᠷᠡᠭᠲᠡᠢ᠃      ᠬᠢᠨᠠᠯᠲᠠ ᠲᠠᠯᠪᠢᠬᠤ ᠤᠲᠠᠰᠤ᠄ 010 ︱ 65201402/1466     ᠬᠠᠷᠢᠯᠴᠠᠬᠤ ᠬᠠᠶ᠋ᠢᠭ᠄ ᠪᠡᠭᠡᠵᠢᠩ ᠬᠤᠲᠠ ᠶᠢᠨ ᠳ᠋ᠦ᠋ᠩᠴᠸᠡᠭ ᠲᠣᠭᠤᠷᠢᠭ ᠤᠨ ᠵᠢᠶᠠᠨ ᠭᠦᠸᠧ ᠮᠧᠨ ᠤ ᠳᠤᠲᠤᠷ᠎ᠠ ᠶᠡᠭᠡ ᠵᠡᠭᠡᠯᠢ ᠶᠢᠨ ᠬᠥᠬᠡ 9  ᠳ᠋ᠤᠭᠡᠷ ᠨᠣᠮᠧᠷ      ᠰᠢᠤᠳᠠᠨ ᠳ᠋ᠤᠭᠠᠷ᠄ 100740                          ᠪᠦᠬᠦ ᠤᠯᠤᠰ ᠤᠨ ᠵᠢᠭᠤᠯᠴᠢᠯᠠᠯ ᠤᠨ ᠪᠠᠷᠢᠮᠵᠢᠶᠠᠵᠢᠭᠤᠯᠤᠯᠲᠠ ᠶᠢᠨ ᠮᠡᠷᠭᠡᠵᠢᠯ ᠤᠨ ᠵᠦᠪᠯᠡᠯ                                      2024 ᠣᠨ ᠤ 1 ᠳ᠋ᠤᠭᠡᠷ ᠰᠠᠷ᠎ᠠ ᠶᠢᠨ 8 ᠤ ᠡᠳᠦᠷ      ᠨᠠᠷᠢᠨ ᠪᠠᠶᠢᠳᠠᠯ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠬᠢᠲᠠᠳ ᠰᠦᠯᠵᠢᠶᠡᠨ ᠠᠴᠠ ᠦᠵᠡᠭᠡᠷᠡᠢ  
 
ᠢᠷᠡᠯᠲᠡ᠄ ᠪᠥᠬᠦ ᠤᠯᠤᠰ ᠤᠨ ᠵᠢᠭᠤᠯᠴᠢᠯᠠᠯ ᠤᠨ ᠪᠠᠷᠢᠮᠵᠢᠶᠠᠵᠢᠭᠤᠯᠤᠯᠲᠠ ᠶᠢᠨ ᠮᠡᠷᠭᠡᠵᠢᠯ ᠤᠨ ᠵᠦᠪᠯᠡᠯ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号