87 ᠭᠠᠵᠠᠷ ᠰᠢᠨ᠎ᠡ ᠪᠠᠷ ᠨᠡᠮᠡᠭᠳᠡᠪᠡ︕ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠵᠢᠷᠭᠤᠳᠤᠭᠠᠷ ᠪᠦᠯᠦᠭ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯ ᠤᠨ  ᠬᠠᠮᠠᠭᠠᠯᠠᠯᠲᠠ ᠶᠢᠨ ᠨᠢᠭᠡᠴᠢ ᠶᠢ ᠨᠡᠶᠢᠲᠡᠯᠡᠪᠡ
ᠨᠡᠶᠢᠲᠡᠯᠡᠭᠰᠡᠨ ᠴᠠᠭ᠄
2024/1/6
     2023 ᠣᠨ ᠤ 12 ᠳ᠋ᠤᠭᠠᠷ ᠰᠠᠷ᠎ᠠ ᠶᠢᠨ 27 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠵᠢᠷᠭᠤᠳᠤᠭᠠᠷ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ ᠶᠢ ᠨᠡᠶᠢᠲᠡᠯᠡᠪᠡ᠃ ᠡᠭᠦᠨ ᠳᠤ ᠡᠷᠲᠡᠨ ᠤ ᠪᠠᠭᠤᠷᠢ 31᠂ ᠡᠷᠲᠡᠨ ᠤ ᠪᠤᠯᠠᠰᠢ 5᠂ ᠡᠷᠲᠡᠨ ᠤ ᠪᠠᠷᠢᠯᠭ᠎ᠠ 17᠂ ᠠᠭᠤᠢ ᠶᠢᠨ ᠰᠦᠮ᠎ᠡ ᠶᠢᠨ ᠴᠢᠯᠠᠭᠤᠨ ᠰᠡᠶᠢᠯᠦᠮᠡᠯ 13᠂ ᠣᠷᠴᠢᠨ ᠣᠲᠣ ᠦᠶ᠎ᠡ ᠶᠢᠨ ᠴᠢᠬᠤᠯᠠ ᠲᠡᠦᠬᠡ ᠶᠢᠨ ᠳᠤᠷᠠᠰᠬᠠᠯ ᠵᠢᠴᠢ ᠲᠥᠯᠥᠭᠡᠯᠡᠬᠦ ᠴᠢᠨᠠᠷᠲᠠᠢ ᠪᠠᠷᠢᠯᠭ᠎ᠠ 21 ᠪᠣᠶ᠃    ᠲᠣᠰ ᠤᠳᠠᠭᠠᠨ ᠤ ᠰᠢᠨ᠎ᠡ ᠪᠠᠷ ᠨᠡᠮᠡᠭᠳᠡᠭᠰᠡᠨ ᠥᠪᠡᠷᠲᠡᠭᠡᠨ ᠵᠠᠰᠠᠬᠤ ᠣᠷᠣᠨ ᠤ 87 ᠲᠡᠦᠬᠡ ᠶᠢᠨ ᠳᠤᠷᠠᠰᠬᠠᠯᠲᠤ  ᠵᠦᠢᠯ ᠤᠨ ᠬᠠᠮᠠᠭᠠᠯᠠᠯᠲᠠ ᠶᠢᠨ ᠨᠢᠭᠡᠴᠢ ᠨᠢ ᠰᠢᠨ᠎ᠡ ᠴᠢᠯᠠᠭᠤᠨ ᠵᠡᠪᠰᠡᠭ ᠤᠨ ᠴᠠᠭ ᠦᠶ᠎ᠡ ᠵᠢᠴᠢ ᠰᠢᠶᠠ ᠱᠠᠩ ᠤᠨ ᠦᠶ᠎ᠡ ᠠᠴᠠ ᠡᠬᠢᠯᠡᠨ᠂ ᠮᠢᠩ ᠴᠢᠩ ᠤᠨ ᠦᠶ᠎ᠡ ᠪᠠ ᠣᠷᠴᠢᠨ ᠣᠲᠣ ᠦᠶ᠎ᠡ ᠬᠦᠷᠲᠡᠯ᠎ᠡ ᠦᠷᠬᠦᠯᠵᠢᠯᠡᠵᠦ ᠮᠠᠰᠢ ᠣᠯᠠᠨ ᠬᠢᠯᠠᠰ ᠴᠡᠭ ᠢᠯᠡᠷᠡᠭᠰᠡᠨ ᠪᠠᠶᠢᠨ᠎ᠠ᠃ ᠬᠤᠪᠢᠰᠬᠠᠯ ᠤᠨ ᠡᠬᠢ ᠪᠠᠶᠠᠯᠢᠭ ᠢ ᠬᠠᠮᠠᠭᠠᠯᠠᠨ ᠠᠰᠢᠭᠯᠠᠬᠤ᠂ ᠪᠠᠷᠠᠭᠤᠨ ᠯᠢᠶᠤᠤ ᠡᠾᠧ ᠭᠤᠣᠯ ᠤᠨ ᠰᠠᠪᠠ ᠭᠠᠵᠠᠷ ᠤᠨ ᠪᠣᠯᠪᠠᠰᠤᠨ ᠤ ᠰᠤᠳᠤᠯᠭᠠᠨ᠂ ︽ᠳᠤᠮᠳᠠᠳᠤ ᠶᠢᠨ ᠪᠣᠯᠪᠠᠰᠤᠨ ᠤ ᠡᠬᠢ ᠰᠤᠷᠪᠤᠯᠵᠢ ᠶᠢ ᠬᠠᠶᠢᠬᠤ︾ ᠪᠠ ︽ᠬᠠᠭᠤᠴᠢ ᠰᠤᠳᠤᠯᠤᠯ ᠤᠨ ᠳᠤᠮᠳᠠᠳᠤ ᠤᠯᠤᠰ︾ ᠵᠡᠷᠭᠡ ᠲᠠᠯ᠎ᠠ ᠳᠤ ᠬᠤᠯᠪᠣᠭᠳᠠᠵᠤ᠂ ᠤᠮᠠᠷᠠᠲᠤ ᠬᠢᠯᠢ ᠶᠢᠨ ᠰᠣᠶᠣᠯ ᠤᠨ ᠷᠢᠳᠢ ᠰᠢᠳᠢ ᠶᠢ ᠲᠤᠰᠬᠠᠵᠤ᠂ ᠥᠪᠥᠷ ᠮᠣᠩᠭᠤᠯ ᠤᠨ ᠲᠡᠦᠬᠡ ᠶᠢᠨ ᠤᠯᠠ ᠮᠥᠷ ᠢ ᠰᠡᠶᠢᠯᠵᠦ᠂ ᠨᠡᠯᠢᠶᠡᠳ ᠥᠨᠳᠥᠷ ᠲᠡᠦᠬᠡ᠂ ᠤᠷᠠᠯᠢᠭ᠂ ᠰᠢᠨᠵᠢᠯᠡᠬᠦ ᠤᠬᠠᠭᠠᠨ᠂ ᠨᠡᠶᠢᠭᠡᠮ᠂ ᠰᠣᠶᠣᠯ ᠤᠨ ᠦᠨ᠎ᠡ ᠦᠷᠳᠡᠭ ᠲᠠᠢ᠃      ᠥᠪᠥᠷ ᠮᠣᠩᠭᠤᠯ ᠥᠨᠢ ᠤᠳᠠᠭᠠᠨ ᠲᠡᠦᠬᠡ ᠲᠠᠢ᠂ ᠭᠦᠨ ᠵᠤᠵᠠᠭᠠᠨ ᠰᠣᠶᠣᠯ ᠲᠠᠢ᠂ ᠳᠤᠮᠳᠠᠳᠤ ᠤᠯᠤᠰ ᠤᠨ ᠤᠮᠠᠷᠠᠲᠤ ᠶᠢᠨ ᠬᠥᠮᠥᠨ ᠲᠥᠷᠥᠯᠬᠢᠲᠡᠨ ᠤ ᠴᠢᠬᠤᠯᠠ ᠡᠭᠦᠰᠦᠯᠲᠡ ᠶᠢᠨ ᠣᠷᠣᠨ ᠤ ᠨᠢᠭᠡ ᠪᠣᠯᠣᠨ᠎ᠠ᠂ ᠬᠠᠲᠤᠨ ᠭᠤᠣᠯ ᠥᠪᠥᠷ ᠮᠣᠩᠭᠤᠯ ᠤᠨ ᠮᠢᠩᠭᠠᠨ ᠣᠨ ᠤ ᠰᠣᠶᠣᠯ ᠤᠨ ᠰᠤᠳᠠᠰᠤ ᠶᠢ ᠰᠢᠮᠡᠵᠢᠭᠦᠯᠵᠦ᠂ ᠮᠠᠰᠢ ᠤᠯᠠᠨ ᠰᠣᠶᠣᠯ ᠤᠨ ᠥᠪ ᠢ ᠦᠯᠡᠳᠡᠭᠡᠭᠰᠡᠨ ᠪᠠᠶᠢᠨ᠎ᠠ᠃ 1964 ᠣᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠨᠢᠭᠡᠨᠲᠡ ᠲᠠᠪᠤᠨ ᠪᠦᠯᠦᠭ ︽ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠨᠢᠭᠡᠴᠢ︾ ᠶᠢ ᠨᠡᠶᠢᠲᠡᠯᠡᠪᠡ᠃ ᠲᠣᠰ ᠤᠳᠠᠭᠠᠨ ᠤ ᠵᠢᠷᠭᠤᠳᠤᠭᠠᠷ ᠪᠦᠯᠦᠭ ᠤᠨ ︽ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠨᠢᠭᠡᠴᠢ︾ ᠶᠢ ᠨᠡᠶᠢᠲᠡᠯᠡᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠨᠢᠭᠡᠴᠢ 578 ᠪᠣᠯᠵᠤ ᠨᠡᠮᠡᠭᠳᠡᠪᠡ᠃      ᠤᠯᠠᠨ ᠵᠢᠯ ᠤᠨ ᠲᠤᠷᠰᠢ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯ ᠤᠨ ᠲᠣᠪᠴᠢᠶ᠎ᠠ ᠰᠣᠶᠣᠯ ᠤᠨ ᠥᠪ ᠢ ᠬᠠᠮᠠᠭᠠᠯᠠᠵᠤ ᠠᠰᠢᠭᠯᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠭᠰᠠᠭᠠᠷ ᠢᠷᠡᠭᠰᠡᠨ᠃ ᠪᠢᠳᠡ ᠵᠢᠷᠭᠤᠳᠤᠭᠠᠷ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠨᠢᠭᠡᠴᠢ ᠶᠢ ᠨᠡᠶᠢᠲᠡᠯᠡᠬᠦ ᠪᠠᠷ ᠰᠢᠨ᠎ᠡ ᠭᠠᠷᠤᠭ᠎ᠠ ᠪᠣᠯᠭᠠᠵᠤ᠂ ᠪᠦᠬᠦ ᠣᠷᠣᠨ ᠤ ᠡᠯ᠎ᠡ ᠲᠦᠷᠦᠯ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠰᠤᠳᠤᠯᠤᠨ ᠲᠠᠶᠢᠯᠪᠤᠷᠢᠯᠠᠬᠤ ᠶᠢ ᠴᠢᠩᠭᠠᠳᠬᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠰᠣᠶᠣᠯ ᠤᠨ ᠠᠭᠤᠯᠤᠭᠳᠠᠬᠤᠨ ᠢ ᠭᠦᠨᠵᠡᠭᠡᠢ ᠠᠭᠤᠳᠠᠯᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠭᠯᠠᠬᠤ ᠡᠷᠴᠢᠮ  ᠢᠶᠠᠨ ᠦᠨᠡᠨ ᠬᠦ ᠴᠢᠩᠭᠠᠷᠠᠭᠤᠯᠵᠤ᠂ ᠥᠪᠥᠷ ᠮᠣᠩᠭᠤᠯ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号