ᠪᠦᠭᠦᠳᠡ ᠬᠤᠷᠠᠯᠳᠤᠭᠠᠨ ᠤ ︽ᠲᠣᠭᠲᠠᠭᠠᠯ︾ ᠳᠠᠬᠢ ᠡᠳᠡᠭᠡᠷ ᠨᠡᠷ᠎ᠡ ᠦᠭᠡᠰ ᠢ ᠣᠶᠢᠯᠠᠭᠠᠶ᠎ᠠ ︵ᠶᠢᠰᠦ︶
ᠨᠡᠶᠢᠲᠡᠯᠡᠭᠰᠡᠨ ᠴᠠᠭ᠄
2024/10/11
         ︽ᠨᠡᠭᠦᠷᠡᠰᠦᠲᠥ᠋ᠷᠥᠭᠴᠢ ᠶᠢᠨ ᠤᠯᠠ ᠮᠥᠷ︾         ᠨᠡᠭᠦᠷᠡᠰᠦᠲᠥ᠋ᠷᠥᠭᠴᠢ ᠶᠢᠨ ᠤᠯᠠ ᠮᠥᠷ ᠭᠡᠳᠡᠭ ᠨᠢ ᠣᠨᠴᠠ ᠲᠣᠭᠲᠠᠭᠰᠠᠨ ᠡᠲᠡᠭᠡᠳ ᠤᠨ ᠵᠣᠬᠢᠬᠤ ᠴᠠᠭ ᠬᠤᠭᠤᠴᠠᠭᠠᠨ ᠳᠤ ᠰᠢᠭᠤᠳ ᠪᠤᠶᠤ ᠳᠠᠮ ᠢᠶᠠᠷ ᠬᠦᠯᠡᠮᠵᠢ ᠶᠢᠨ ᠬᠡᠢ ᠪᠡᠶᠡᠲᠦ ᠶᠢ ᠭᠠᠳᠠᠭᠰᠢᠯᠠᠭᠤᠯᠤᠭᠰᠠᠨ ᠬᠡᠮᠵᠢᠶ᠎ᠡ ᠪᠠ ᠠᠷᠢᠯᠭᠠᠭᠰᠠᠨ ᠬᠡᠮᠵᠢᠶᠡᠨ ᠤ ᠨᠡᠶᠢᠯᠡᠪᠦᠷᠢ ᠶᠢ ᠵᠢᠭᠠᠵᠤ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠲᠡᠩᠴᠡᠯ ᠢᠶᠠᠷ ᠢᠯᠡᠳᠬᠡᠨ᠎ᠡ᠃ ᠣᠨᠴᠠ ᠲᠣᠭᠲᠠᠭᠰᠠᠨ ᠡᠲᠡᠭᠡᠳ ᠨᠢ ᠬᠤᠪᠢ ᠬᠥᠮᠥᠨ᠂ ᠵᠣᠬᠢᠶᠠᠨ ᠪᠠᠶᠢᠭᠤᠯᠤᠯᠲᠠ᠂ ᠤᠯᠤᠰ᠂ ᠦᠢᠯᠡᠳᠬᠦᠨ ᠵᠡᠷᠭᠡ ᠪᠠᠶᠢᠵᠤ ᠪᠣᠯᠣᠨ᠎ᠠ᠃ ᠨᠡᠭᠦᠷᠡᠰᠦᠲᠥ᠋ᠷᠥᠭᠴᠢ ᠶᠢᠨ ᠤᠯᠠ ᠮᠥᠷ ᠨᠢ ᠬᠥᠮᠦᠨ ᠲᠥᠷᠥᠯᠬᠢᠲᠡᠨ ᠤ ᠠᠵᠢᠯᠯᠠᠭ᠎ᠠ ᠶᠢᠨ ᠣᠷᠴᠢᠨ ᠲᠣᠭᠤᠷᠢᠨ ᠳᠤ ᠦᠵᠡᠭᠦᠯᠦᠭᠰᠡᠨ ᠨᠥᠯᠥᠭᠡ ᠶᠢ ᠲᠤᠰᠬᠠᠵᠤ᠂ ᠬᠦᠯᠡᠮᠵᠢ ᠶᠢᠨ ᠬᠡᠢ ᠪᠡᠶᠡᠲᠦ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠳᠤ ᠯᠠᠪᠯᠠᠯᠲᠠ ᠬᠠᠩᠭᠠᠵᠤ ᠪᠣᠯᠤᠨ᠎ᠠ᠃ ᠣᠶᠢᠷ᠎ᠠ ᠶᠢᠨ ᠵᠢᠯ ᠤᠳ ᠲᠤ᠂ ᠵᠠᠷᠢᠮ ᠤᠯᠤᠰ ᠤᠨ ᠵᠠᠰᠠᠭ ᠤᠨ ᠣᠷᠳᠣᠨ ᠨᠡᠭᠦᠷᠡᠰᠦᠲᠥ᠋ᠷᠥᠭᠴᠢ ᠶᠢᠨ ᠤᠯᠠ ᠮᠥᠷ ᠤᠨ ᠬᠠᠮᠢᠶᠠᠷᠤᠯᠲᠠ ᠶᠢ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠲᠥᠷᠥ ᠶᠢᠨ ᠪᠣᠳᠣᠯᠭ᠎ᠠ ᠶᠢᠨ ᠪᠠᠭᠠᠵᠢ ᠪᠣᠯᠭᠠᠵᠤ ᠪᠣᠢ᠂ ᠡᠭᠦᠨ ᠳᠤ ᠦᠢᠯᠡᠳᠬᠦᠨ ᠤ ᠨᠡᠭᠦᠷᠡᠰᠦᠲᠥ᠋ᠷᠥᠭᠴᠢ ᠶᠢᠨ ᠤᠯᠠ ᠮᠥᠷ ᠤᠨ ᠬᠡᠷᠡᠭᠯᠡᠯᠲᠡ ᠬᠠᠮᠤᠭ ᠤᠨ ᠥᠷᠭᠡᠨ ᠬᠡᠪᠴᠢᠶ᠎ᠡ ᠲᠠᠢ ᠪᠣᠯᠵᠠᠢ᠃ ᠮᠠᠨ ᠤ ᠤᠯᠤᠰ ᠤᠨ ᠨᠡᠭᠦᠷᠡᠰᠦᠲᠥ᠋ᠷᠥᠭᠴᠢ ᠶᠢᠨ ᠤᠯᠠ ᠮᠥᠷ ᠤᠨ ᠬᠠᠮᠢᠶᠠᠷᠤᠯᠲᠠ ᠶᠢᠨ ᠲᠣᠭᠲᠠᠯᠴᠠᠭ᠎ᠠ ᠶᠢ ᠲᠦᠷᠭᠡᠳᠭᠡᠨ ᠪᠠᠶᠢᠭᠤᠯᠬᠤ ᠨᠢ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠬᠠᠩᠭᠠᠯᠭ᠎ᠠ ᠶᠢᠨ ᠬᠡᠯᠬᠢᠶ᠎ᠡ ᠪᠣᠯᠤᠨ ᠦᠢᠯᠡᠳᠪᠦᠷᠢᠯᠡᠯ ᠠᠮᠢᠳᠤᠷᠠᠯ ᠤᠨ ᠠᠷᠭ᠎ᠠ ᠬᠡᠯᠪᠡᠷᠢ ᠶᠢᠨ ᠪᠦᠷᠢᠯᠳᠦᠬᠦ ᠶᠢ ᠠᠬᠢᠭᠤᠯᠵᠤ᠂ ᠨᠡᠭᠦᠷᠡᠰᠦᠲᠥ᠋ᠷᠥᠭᠴᠢ ᠶᠢᠨ ᠤᠯᠠ ᠮᠥᠷ ᠤᠨ ᠠᠵᠢᠯ ᠤᠨ ᠤᠯᠠᠨ ᠤᠯᠤᠰ ᠤᠨ ᠰᠣᠯᠢᠯᠴᠠᠭ᠎ᠠ ᠢᠲᠡᠭᠡᠯᠴᠡᠭᠡ ᠶᠢ ᠨᠡᠮᠡᠭᠳᠡᠭᠦᠯᠵᠦ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠤᠷᠬᠢᠯ ᠬᠡᠮᠵᠢᠭᠳᠡᠯ ᠳᠤ ᠬᠦᠷᠭᠡᠬᠦ ᠪᠠ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠰᠠᠭᠠᠷᠮᠠᠭᠵᠢᠭᠤᠯᠬᠤ ᠬᠠᠷᠠᠯᠲᠠ ᠶᠢ ᠪᠡᠶᠡᠯᠡᠭᠦᠯᠬᠦ ᠳᠤ ᠠᠰᠢᠭᠲᠠᠢ ᠪᠣᠯᠣᠨ᠎ᠠ᠃          ︽ᠴᠡᠷᠢᠭ ᠤᠨ ᠬᠡᠷᠡᠭᠰᠡᠯ ᠤᠨ ᠵᠢᠷᠤᠭ ᠲᠥᠯᠥᠪᠯᠡᠭᠡᠨ ᠤ ᠬᠠᠷᠢᠭᠤ ᠣᠯᠭᠤᠮᠵᠢ︾          ᠴᠡᠷᠢᠭ ᠤᠨ ᠬᠡᠷᠡᠭᠰᠡᠯ ᠤᠨ ᠵᠢᠷᠤᠭ ᠲᠥᠯᠥᠪᠯᠡᠭᠡ ᠪᠣᠯ ᠴᠡᠷᠢᠭ ᠤᠨ ᠬᠡᠷᠡᠭᠰᠡᠯ ᠤᠨ ᠵᠢᠷᠤᠭ ᠲᠥᠯᠥᠪᠯᠡᠭᠡ ᠬᠢᠬᠦ ᠨᠢᠭᠡᠴᠢ ᠨᠢ ᠬᠡᠷᠡᠭᠯᠡᠭᠴᠢ ᠯᠦᠭᠡ ᠬᠠᠮᠵᠢᠯᠴᠠᠭᠠᠳ ᠬᠡᠷᠡᠭᠴᠡᠭᠡᠨ ᠤ ᠨᠤᠲᠠᠯᠠᠯᠲᠠ ᠬᠢᠬᠦ᠂ ᠵᠠᠩᠭᠢᠯᠠᠭ᠎ᠠ ᠶᠢᠨ ᠮᠡᠷᠭᠡᠵᠢᠯ ᠢ ᠨᠡᠭᠡᠭᠡᠨ ᠬᠥᠭᠵᠢᠭᠦᠯᠬᠦ ᠬᠢᠭᠡᠳ ᠰᠢᠯᠭᠠᠨ ᠨᠤᠲᠠᠯᠠᠬᠤ᠂ ᠬᠡᠯᠪᠡᠷᠢ ᠮᠠᠶ᠋ᠢᠭ ᠤᠨ ᠵᠢᠷᠤᠭ ᠲᠥᠯᠥᠪᠯᠡᠭᠡ ᠬᠢᠬᠦ ᠪᠠ ᠦᠢᠯᠡᠳᠪᠦᠷᠢᠯᠡᠯ ᠢ ᠳᠠᠭᠠᠵᠤ ᠦᠢᠯᠡᠴᠢᠯᠡᠭᠡ ᠬᠢᠬᠦ ᠵᠡᠷᠭᠡ ᠠᠵᠢᠯᠯᠠᠭ᠎ᠠ ᠶᠢᠨ ᠶᠡᠷᠦᠩᠬᠡᠶ ᠨᠡᠷᠡᠶᠢᠳᠦᠯ ᠪᠣᠯᠤᠨ᠎ᠠ᠃ ᠴᠡᠷᠢᠭ ᠤᠨ ᠬᠡᠷᠡᠭᠰᠡᠯ ᠤᠨ ᠵᠢᠷᠤᠭ ᠲᠥᠯᠦᠪᠯᠡᠭᠡᠨ ᠤ ᠬᠠᠷᠢᠭᠤ ᠣᠯᠭᠤᠮᠵᠢ ᠪᠣᠯ ᠴᠡᠷᠢᠭ ᠤᠨ ᠬᠡᠷᠡᠭᠰᠡᠯ ᠤᠨ ᠵᠢᠷᠤᠭ ᠲᠥᠯᠥᠪᠯᠡᠭᠡ᠂ ᠦᠢᠯᠡᠳᠪᠦᠷᠢᠯᠡᠬᠦ ᠨᠢᠭᠡᠴᠢ ᠨᠦᠭᠦᠳ ᠤᠨ ᠬᠤᠭᠤᠷᠣᠨᠳᠣᠬᠢ ᠠᠰᠢᠭ ᠣᠯᠵᠠᠪᠤᠷᠢ ᠶᠢᠨ ᠬᠤᠪᠢᠶᠠᠷᠢᠯᠠᠯ ᠳᠤ ᠬᠢᠭᠰᠡᠨ ᠨᠢᠭᠡ ᠵᠦᠢᠯ ᠤᠨ ᠲᠣᠬᠢᠷᠠᠭᠤᠯᠭ᠎ᠠ ᠡᠵᠡᠮᠳᠡᠯ ᠤᠨ ᠠᠷᠭ᠎ᠠ ᠬᠡᠯᠪᠡᠷᠢ ᠮᠥᠨ᠃ ᠣᠳᠣᠬᠠᠨ ᠳᠤ᠂ ᠴᠡᠷᠢᠭ ᠤᠨ ᠬᠡᠷᠡᠭᠰᠡᠯ ᠤᠨ ᠵᠢᠷᠤᠭ ᠲᠥᠯᠥᠪᠯᠡᠭᠡ᠂ ᠦᠢᠯᠡᠳᠪᠦᠷᠢᠯᠡᠬᠦ ᠨᠢᠭᠡᠴᠢ ᠶᠢᠨ ᠠᠰᠢᠭ ᠣᠯᠵᠠᠪᠤᠷᠢ ᠶᠢᠨ ᠬᠤᠪᠢᠶᠠᠷᠢᠯᠠᠯᠲᠠ ᠲᠡᠩᠴᠡᠭᠦᠷᠢ ᠦᠭᠡᠢ ᠪᠠᠶᠢᠵᠤ᠂ ᠴᠡᠷᠢᠭ ᠤᠨ ᠬᠡᠷᠡᠭᠰᠡᠯ ᠤᠨ ᠵᠢᠷᠤᠭ ᠲᠥᠯᠥᠪᠯᠡᠭᠡᠨ ᠤ ᠨᠢᠭᠡᠴᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠤᠶᠤᠨ ᠤ ᠣᠷᠣᠭᠤᠯᠤᠯᠲᠠ᠂ ᠮᠡᠳᠡᠯᠭᠡ ᠶᠢᠨ ᠥᠮᠴᠢᠯᠡᠬᠦ ᠡᠷᠬᠡ ᠶᠢᠨ ᠠᠰᠢᠭ ᠣᠷᠣᠯᠭ᠎ᠠ ᠵᠡᠷᠭᠡ ᠲᠠᠯ᠎ᠠ ᠪᠠᠷ ᠭᠦᠢᠴᠡᠳ ᠪᠠᠲᠤᠯᠠᠭ᠎ᠠ ᠣᠯᠬᠤ ᠳᠤ ᠬᠦᠴᠢᠷᠳᠡᠵᠦ᠂ ᠵᠢᠷᠤᠭ ᠲᠥᠯᠥᠪᠯᠡᠭᠡᠨ ᠤ ᠨᠢᠭᠡᠴᠢ ᠶᠢᠨ ᠰᠢᠨ᠎ᠡ ᠶᠢ ᠡᠭᠦᠳᠬᠦ ᠳᠣᠲᠣᠭᠠᠳᠤ ᠬᠥᠳᠡᠯᠭᠡᠬᠦ ᠬᠦᠴᠦᠨ ᠢ ᠨᠢ ᠨᠥᠯᠥᠭᠡᠯᠡᠵᠦ ᠪᠠᠶᠢᠨ᠎ᠠ᠃ ᠴᠡᠷᠢᠭ ᠤᠨ ᠬᠡᠷᠡᠭᠰᠡᠯ ᠤᠨ ᠵᠢᠷᠤᠭ ᠲᠥᠯᠥᠪᠯᠡᠭᠡᠨ ᠤ ᠬᠠᠷᠢᠭᠤ ᠣᠯᠭᠤᠮᠵᠢ ᠶᠢᠨ ᠲᠣᠭᠲᠠᠴᠠ ᠶᠢ ᠪᠠᠶᠢᠭᠤᠯᠬᠤ ᠳᠤ᠂ ᠭᠤᠣᠯᠳᠠᠭᠤ ᠠᠳᠠᠯᠢ ᠪᠤᠰᠤ ᠲᠦᠷᠦᠯ ᠤᠨ ᠴᠡᠷᠢᠭ ᠤᠨ ᠬᠡᠷᠡᠭᠰᠡᠯ ᠤᠨ ᠵᠢᠷᠤᠭ ᠲᠥᠯᠥᠪᠯᠡᠭᠡᠨ ᠤ ᠮᠡᠳᠡᠯᠭᠡ ᠶᠢᠨ ᠥᠮᠴᠢᠯᠡᠬᠦ ᠡᠷᠬᠡ ᠶᠢᠨ ᠬᠠᠷᠢᠶᠠᠯᠠᠯ ᠢ ᠲᠣᠳᠣᠷᠬᠠᠶᠢᠯᠠᠬᠤ ᠪᠠᠷ ᠳᠠᠮᠵᠢᠭᠤᠯᠵᠤ᠂ ᠮᠡᠳᠡᠯᠭᠡ ᠶᠢᠨ ᠥᠮᠴᠢᠯᠡᠬᠦ ᠡᠷᠬᠡ ᠶᠢ ᠬᠡᠷᠡᠭᠯᠡᠬᠦ ᠵᠠᠷᠤᠳᠠᠯ᠂ ᠦᠢᠯᠡᠳᠪᠦᠷᠢᠯᠡᠯ ᠢ ᠳᠠᠭᠠᠵᠤ ᠮᠡᠷᠭᠡᠵᠢᠯ ᠤᠨ ᠦᠢᠯᠡᠴᠢᠯᠡᠭᠡ ᠬᠢᠬᠦ ᠵᠠᠷᠤᠳᠠᠯ ᠤᠨ ᠰᠦᠢᠳᠬᠡᠯ ᠠᠪᠬᠤ ᠬᠠᠷᠢᠴᠠᠯ ᠢ ᠲᠤᠬᠢᠷᠠᠭᠤᠯᠵᠤ᠂ ᠬᠤᠳᠠᠯᠳᠤᠭᠰᠠᠨ ᠤ ᠳᠠᠷᠠᠭᠠᠬᠢ ᠦᠢᠯᠡᠴᠢᠯᠡᠭᠡᠨ ᠬᠢᠬᠦ ᠵᠠᠷᠤᠳᠠᠯ ᠤᠨ ᠪᠠᠲᠤᠯᠠᠭ᠎ᠠ ᠶᠢᠨ ᠬᠡᠪ ᠵᠠᠭᠪᠤᠷ ᠵᠡᠷᠭᠡ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠴᠡᠷᠢᠭ ᠤᠨ ᠬᠡᠷᠡᠭᠰᠡᠯ ᠤᠨ ᠦᠨ᠎ᠡ ᠲᠣᠭᠲᠠᠭᠠᠬᠤ ᠲᠣᠭᠲᠠᠴᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠴᠡᠷᠢᠭ ᠤᠨ ᠬᠡᠷᠡᠭᠰᠡᠯ ᠤᠨ ᠵᠢᠷᠤᠭ ᠲᠥᠯᠥᠪᠯᠡᠭᠡᠨ ᠤ ᠨᠢᠭᠡᠴᠢ ᠶᠢᠨ ᠥᠪᠡᠷ ᠤᠨ ᠦᠷᠳᠡᠭ ᠲᠤ ᠨᠢ ᠵᠣᠬᠢᠬᠤ ᠨᠥᠬᠦᠪᠥᠷᠢ ᠣᠯᠭᠤᠵᠤ᠂ ᠲᠡᠳᠡᠭᠡᠷ ᠤᠨ ᠴᠢᠨᠠᠷ ᠰᠠᠶᠢᠲᠠᠢ᠂ ᠦᠷᠭᠦᠯᠵᠢᠯᠡᠬᠦ᠋ᠢᠴᠡ ᠬᠥᠭᠵᠢᠯᠲᠡ ᠶᠢᠨ ᠲᠦᠪᠰᠢᠨ ᠢ ᠨᠢ ᠳᠡᠭᠡᠭᠰᠢᠯᠡᠭᠦᠯᠦᠨ᠎ᠡ᠃          ︽ᠦᠨᠳᠦᠰᠦᠨ ᠪᠣᠯᠪᠠᠰᠤᠷᠠᠯ︾         ᠦᠨᠳᠦᠰᠦᠨ ᠪᠣᠯᠪᠠᠰᠤᠷᠠᠯ ᠪᠣᠯ ᠺᠠᠳ᠋ᠷ ᠤᠨ ᠬᠥᠮᠦᠵᠢᠯ ᠪᠣᠯᠪᠠᠰᠤᠷᠠᠯ ᠳᠤᠮᠳᠠᠬᠢ ᠰᠠᠭᠤᠷᠢ ᠴᠢᠨᠠᠷᠲᠠᠶ᠂ ᠭᠤᠤᠯ ᠴᠣᠭᠴᠠᠲᠤ ᠴᠢᠨᠠᠷᠲᠠᠶ᠂ ᠬᠥᠲᠥᠯᠥᠨ ᠳᠠᠭᠠᠭᠤᠯᠬᠤ ᠴᠢᠨᠠᠷᠲᠠᠶ ᠪᠣᠯᠪᠠᠰᠤᠷᠠᠯ ᠤᠨ ᠡᠭᠦᠷᠭᠡ ᠶᠢ ᠵᠢᠭᠠᠵᠤ᠂ ᠬᠥᠮᠦᠵᠢᠯ ᠪᠣᠯᠪᠠᠰᠤᠷᠠᠯ ᠤᠨ ᠪᠠᠶᠢᠭᠤᠯᠤᠮᠵᠢ ᠢᠯᠠᠩᠭᠤᠶ᠎ᠠ ᠨᠠᠮ ᠤᠨ ᠰᠤᠷᠭᠠᠭᠤᠯᠢ ᠶᠢᠨ ᠬᠠᠮᠤᠭ ᠤᠨ ᠴᠢᠬᠤᠯᠠ᠂ ᠡᠷᠬᠡᠪᠰᠢ ᠪᠡᠶᠡᠯᠡᠭᠦᠯᠬᠦ ᠪᠣᠯᠪᠠᠰᠤᠷᠠᠯ ᠤᠨ ᠡᠭᠦᠷᠭᠡ ᠪᠣᠯᠣᠨ᠎ᠠ᠂ ᠶᠡᠷᠦᠩᠬᠡᠶ ᠱᠦᠵᠢ ᠰᠢ ᠶᠢᠨ ᠫᠢᠩ ᠤᠨ ᠺᠠᠳ᠋ᠷ ᠤᠨ ᠬᠥᠮᠦᠵᠢᠯ ᠪᠣᠯᠪᠠᠰᠤᠷᠠᠯ ᠤᠨ ᠲᠤᠬᠠᠶ ᠴᠢᠬᠤᠯᠠ ᠥᠭᠦᠯᠡᠯᠲᠡ ᠪᠠ ᠨᠠᠮ ᠤᠨ ᠲᠥᠪ ᠬᠤᠷᠢᠶᠠᠨ ᠤ ᠺᠠᠳ᠋ᠷ ᠤᠨ ᠬᠥᠮᠦᠵᠢᠯ ᠪᠣᠯᠪᠠᠰᠤᠷᠠᠯ ᠤᠨ ᠲᠤᠬᠠᠶ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ᠂ ᠪᠥᠬᠦ ᠠᠵᠢᠯᠲᠠᠳ ᠢ ᠪᠣᠯᠪᠠᠰᠤᠷᠠᠭᠤᠯᠬᠤ᠂ ᠪᠥᠬᠦ ᠲᠠᠯ᠎ᠠ ᠶᠢ ᠬᠠᠮᠤᠷᠬᠤ᠂ ᠪᠥᠬᠦ ᠦᠶᠡᠯᠡᠯ ᠲᠠᠢ ᠬᠡᠷᠡᠭᠵᠢᠭᠦᠯᠬᠦ ᠶᠢ ᠪᠡᠶᠡᠯᠡᠭᠦᠯᠬᠦ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠮᠥᠨ᠃ ᠦᠨᠳᠦᠰᠦᠨ ᠪᠣᠯᠪᠠᠰᠤᠷᠠᠯ ᠪᠣᠯ ᠨᠢᠭᠡ ᠵᠦᠢᠯ ᠤᠨ ᠰᠢᠰᠲ᠋ᠧᠮᠲᠦ ᠢᠨᠵᠧᠨᠧᠷᠢᠩ ᠪᠠᠶᠢᠵᠤ᠂ ᠬᠦᠴᠦᠯᠡᠬᠦ ᠴᠡᠭ ᠨᠢ ᠪᠣᠯᠪᠠᠰᠤᠷᠠᠯ ᠬᠦᠷᠲᠡᠭᠴᠢ᠂ ᠪᠣᠯᠪᠠᠰᠤᠷᠠᠯ ᠤᠨ ᠠᠭᠤᠯᠭ᠎ᠠ᠂ ᠪᠣᠯᠪᠠᠰᠤᠷᠠᠯ ᠤᠨ ᠠᠷᠭ᠎ᠠ ᠮᠠᠶ᠋ᠢᠭ᠂ ᠪᠣᠯᠪᠠᠰᠤᠷᠠᠯ ᠤᠨ ᠰᠤᠷᠤᠯᠭ᠎ᠠ ᠶᠢᠨ ᠳᠦᠷᠢᠮ᠂ ᠪᠣᠯᠪᠠᠰᠤᠷᠠᠯ ᠤᠨ ᠦᠶᠡᠯᠡᠯ ᠵᠡᠷᠭᠡ ᠵᠠᠩᠭᠢᠯᠠᠭ᠎ᠠ ᠪᠣᠯᠬᠤ ᠬᠦᠴᠦᠨ ᠵᠦᠢᠯ ᠳᠤ ᠪᠠᠶᠢᠵᠤ᠂ ᠣᠯᠠᠨ ᠬᠦᠴᠦᠨ ᠵᠦᠢᠯ ᠢ ᠠᠭᠤᠰᠤᠯᠴᠠᠭᠤᠯᠤᠭᠰᠠᠨ᠂ ᠣᠯᠠᠨ ᠭᠤᠭᠴᠤᠭ᠎ᠠ ᠶᠢ ᠬᠡᠯᠬᠢᠭᠰᠡᠨ᠂ ᠣᠯᠠᠨ ᠭᠤᠣᠯ ᠴᠣᠭᠴᠠ ᠬᠠᠮᠵᠢᠯᠴᠠᠭᠰᠠᠨ ᠪᠣᠯᠪᠠᠰᠤᠷᠠᠯ ᠤᠨ ᠰᠢᠨ᠎ᠡ ᠲᠥᠯᠥᠪ ᠪᠠᠶᠢᠳᠠᠯ ᠲᠠᠢ ᠪᠣᠯᠭᠠᠬᠤ ᠶᠢ ᠠᠬᠢᠭᠤᠯᠤᠨ᠂ ᠺᠠᠳ᠋ᠷ ᠤᠨ ᠬᠥᠮᠦᠵᠢᠯ ᠪᠣᠯᠪᠠᠰᠤᠷᠠᠯ ᠤᠨ ᠬᠤᠷᠸ᠎ᠠ ᠪᠠ ᠬᠤᠮᠠᠬᠢ ᠲᠠᠯ᠎ᠠ ᠶᠢᠨ ᠶᠠᠰᠤ ᠴᠢᠨᠠᠷ ᠢ ᠬᠠᠷᠢᠯᠴᠠᠨ ᠨᠢᠭᠡᠳᠬᠡᠬᠦ᠂ ᠬᠠᠮᠲᠤ ᠪᠠᠷ ᠳᠡᠭᠡᠭᠰᠢᠯᠡᠭᠦᠯᠬᠦ ᠶᠢ ᠪᠡᠶᠡᠯᠡᠭᠦᠯᠦᠨ᠎ᠡ᠃ ᠦᠨᠳᠦᠰᠦᠨ ᠪᠣᠯᠪᠠᠰᠤᠷᠠᠯ ᠬᠦᠷᠲᠡᠭᠴᠢ ᠨᠢ ᠡᠯ᠎ᠡ ᠱᠠᠲᠤᠨ ᠤ ᠨᠠᠮ ᠵᠠᠰᠠᠭ ᠤᠨ ᠤᠳᠤᠷᠢᠳᠬᠤ ᠺᠠᠳ᠋ᠷ᠂ ᠠᠯᠪᠠᠲᠠᠨ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠤᠳᠤᠷᠢᠳᠬᠤ ᠬᠥᠮᠦᠰ᠂ ᠠᠵᠢᠯ ᠦᠢᠯᠡᠰ ᠤᠨ ᠨᠢᠭᠡᠴᠢ ᠶᠢᠨ ᠤᠳᠤᠷᠢᠳᠬᠤ ᠬᠥᠮᠦᠰ᠂ ᠵᠠᠯᠠᠭᠤ ᠺᠠᠳ᠋ᠷ᠂ ᠣᠨᠣᠯ ᠤᠬᠠᠭᠤᠯᠬᠤ ᠭᠤᠤᠯᠯᠠᠭᠴᠢ᠂ ᠳᠡᠭᠡᠳᠦ ᠳᠡᠰ ᠳᠠᠪᠬᠤᠷᠭ᠎ᠠ ᠶᠢᠨ ᠴᠢᠳᠠᠪᠤᠷᠢᠲᠠᠨ᠂ ᠦᠨᠳᠦᠰᠦᠨ ᠱᠠᠲᠤᠨ ᠤ ᠺᠠᠳ᠋ᠷ᠂ ᠨᠠᠮ ᠤᠨ ᠭᠡᠰᠢᠭᠦᠨ ᠵᠡᠷᠭᠡ ᠪᠣᠯᠤᠨ᠎ᠠ᠃ ᠦᠨᠳᠦᠰᠦᠨ ᠪᠣᠯᠪᠠᠰᠤᠷᠠᠯ ᠤᠨ ᠠᠭᠤᠯᠭ᠎ᠠ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠪᠠᠷ ᠭᠤᠣᠯ ᠰᠡᠳᠦᠪ ᠪᠣᠯᠭᠠᠵᠤ᠂ ᠨᠠᠮ ᠤᠨ ᠤᠨᠤᠯ ᠤᠨ ᠬᠥᠮᠦᠵᠢᠯ᠂ ᠨᠠᠮᠴᠢ ᠴᠢᠨᠠᠷ ᠤᠨ ᠬᠥᠮᠦᠵᠢᠯ ᠪᠣᠯᠤᠨ ᠡᠭᠦᠷᠭᠡ ᠲᠤᠰᠢᠶᠠᠯ ᠭᠦᠢᠴᠡᠳᠬᠡᠬᠦ ᠴᠢᠳᠠᠪᠤᠷᠢ ᠶᠢᠨ ᠪᠣᠯᠪᠠᠰᠤᠷᠠᠯ ᠢᠶᠠᠷ ᠭᠤᠣᠯᠳᠠᠯᠭ᠎ᠠ ᠪᠣᠯᠭᠠᠵᠤ᠂ ᠮᠡᠳᠡᠯᠭᠡ ᠶᠢᠨ ᠪᠣᠯᠪᠠᠰᠤᠷᠠᠯ ᠢ ᠴᠢᠬᠤᠯᠠᠴᠢᠯᠠᠬᠤ ᠪᠣᠯᠣᠨ᠎ᠠ᠃ ᠦᠨᠳᠦᠰᠦᠨ ᠪᠣᠯᠪᠠᠰᠤᠷᠠᠯ ᠤᠨ ᠠᠷᠭ᠎ᠠ ᠮᠠᠶ᠋ᠢᠭ ᠨᠢ ᠲᠥᠪᠯᠡᠷᠡᠭᠦᠯᠦᠨ ᠰᠤᠷᠤᠯᠴᠠᠬᠤ ᠶᠢ ᠪᠠᠷᠢᠮᠲᠠᠯᠠᠵᠤ᠂ ᠨᠥᠬᠦᠴᠡᠯ ᠲᠠᠢ ᠪᠣᠯ ᠲᠥᠪᠯᠡᠷᠡᠭᠦᠯᠦᠨ ᠪᠠᠶᠢᠷᠢ ᠳᠤ ᠰᠠᠭᠤᠯᠭᠠᠨ ᠪᠣᠯᠪᠠᠰᠤᠷᠠᠯ ᠬᠦᠷᠲᠡᠭᠡᠵᠦ᠂ ᠰᠤᠷᠤᠭᠴᠢᠳ ᠤᠨ ᠬᠠᠮᠢᠶᠠᠷᠤᠯᠲᠠ ᠶᠢ ᠴᠢᠩᠳᠠᠯᠠᠨ᠎ᠠ︔ ᠤᠳᠤ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠢ ᠰᠠᠶᠢᠲᠤᠷ ᠬᠡᠷᠡᠭᠯᠡᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠨᠠᠬᠢ ᠶᠢ ᠠᠭᠤᠰᠤᠯᠴᠠᠭᠤᠯᠬᠤ᠂ ᠰᠢᠭᠤᠳ ᠨᠡᠪᠲᠡᠷᠡᠭᠦᠯᠬᠦ ᠪᠠ ᠰᠢᠩᠭᠡᠭᠡᠨ ᠨᠡᠪᠲᠡᠷᠡᠭᠦᠯᠬᠦ ᠶᠢ ᠤᠶᠠᠯᠳᠤᠭᠤᠯᠬᠤ ᠠᠷᠭ᠎ᠠ ᠮᠠᠶ᠋ᠢᠭ ᠢ ᠬᠡᠷᠡᠭᠯᠡᠨ᠂ ᠠᠭᠤᠯᠭ᠎ᠠ ᠨᠢ ᠰᠠᠶᠢᠲᠠᠢ ᠬᠢᠴᠢᠶᠡᠯ᠂ ᠰᠠᠶᠢᠨ ᠡᠬᠢ ᠪᠠᠶᠠᠯᠢᠭ ᠢ ᠦᠨᠳᠦᠰᠦᠨ ᠱᠠᠲᠤᠨ ᠳᠤ ᠬᠦᠷᠲᠡᠯ᠎ᠡ ᠬᠠᠮᠤᠷᠤᠭᠤᠯᠬᠤ ᠶᠢ ᠠᠬᠢᠭᠤᠯᠤᠨ᠎ᠠ᠃ ᠦᠨᠳᠦᠰᠦᠨ ᠪᠣᠯᠪᠠᠰᠤᠷᠠᠯ ᠤᠨ ᠰᠤᠷᠤᠯᠭ᠎ᠠ ᠶᠢᠨ ᠳᠦᠷᠢᠮ ᠨᠢ ᠺᠠᠳ᠋ᠷ ᠤᠨ ᠬᠥᠮᠦᠵᠢᠯ ᠪᠣᠯᠪᠠᠰᠤᠷᠠᠯ ᠤᠨ ᠬᠠᠷᠠᠯᠲᠠ ᠪᠠ ᠪᠣᠯᠪᠠᠰᠤᠷᠠᠯ ᠬᠦᠷᠲᠡᠭᠴᠢ ᠶᠢᠨ ᠪᠣᠳᠠᠲᠤ ᠪᠠᠶᠢᠳᠠᠯ ᠳᠤ ᠰᠠᠭᠤᠷᠢᠯᠠᠨ᠂ ᠪᠣᠯᠪᠠᠰᠤᠷᠠᠯ ᠤᠨ ᠠᠩᠭᠢ ᠶᠢᠨ ᠬᠢᠴᠢᠶᠡᠯᠯᠡᠬᠦ ᠴᠠᠭ ᠢ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠬᠤ ᠶᠠᠪᠤᠳᠠᠯ ᠪᠣᠯᠤᠨ᠎ᠠ᠃ ᠦᠨᠳᠦᠰᠦᠨ ᠪᠣᠯᠪᠠᠰᠤᠷᠠᠯ ᠤᠨ ᠦᠶᠡᠯᠡᠯ ᠨᠢ ᠨᠠᠮ ᠤᠨ ᠲᠥᠪ ᠬᠤᠷᠢᠶᠠᠨ ᠤ ᠨᠢᠭᠡᠳᠦᠯᠲᠡᠶ ᠪᠠᠶᠢᠷᠢᠯᠠᠭᠤᠯᠤᠯᠲᠠ ᠶᠢ ᠦᠨᠳᠦᠰᠦᠯᠡᠨ᠂ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠬᠤ ᠦᠶᠡᠯᠡᠯ ᠤᠨ ᠬᠤᠭᠤᠴᠠᠭ᠎ᠠ ᠶᠣᠰᠣᠭᠠᠷ᠂ ᠡᠩ ᠤᠨ ᠪᠠᠶᠢᠳᠠᠯ ᠳᠤ ᠲᠠᠪᠤᠨ ᠵᠢᠯ ᠳᠤ ᠨᠢᠭᠡ ᠡᠭᠡᠯᠵᠢ ᠶᠢᠨ ᠪᠥᠬᠦ ᠤᠯᠤᠰ ᠤᠨ ᠺᠠᠳ᠋ᠷ ᠤᠨ ᠬᠥᠮᠦᠵᠢᠯ ᠪᠣᠯᠪᠠᠰᠤᠷᠠᠯ ᠤᠨ ᠲᠥᠯᠥᠪᠵᠢᠭᠦᠯᠭᠡ ᠶᠢ ᠲᠣᠭᠲᠠᠭᠠᠨ ᠬᠡᠷᠡᠭᠵᠢᠭᠦᠯᠦᠨ᠎ᠡ᠃ ᠡᠭᠦᠨ ᠤ ᠬᠠᠮᠲᠤ᠂ ᠴᠠᠭ ᠤᠨ ᠪᠠᠶᠢᠳᠠᠯ ᠡᠭᠦᠷᠭᠡ ᠶᠢᠨ ᠬᠡᠷᠡᠭᠴᠡᠭᠡ ᠪᠣᠯᠤᠨ ᠪᠣᠳᠠᠲᠠᠶ ᠪᠠᠶᠢᠳᠠᠯ ᠢ ᠦᠨᠳᠦᠰᠦᠯᠡᠨ ᠬᠠᠷᠢᠮᠠᠬᠠᠶ ᠲᠣᠬᠢᠷᠠᠭᠤᠯᠤᠯᠲᠠ ᠬᠢᠵᠦ᠂ ᠺᠠᠳ᠋ᠷ ᠤᠨ ᠰᠤᠷᠤᠯᠴᠠᠯᠭ᠎ᠠ ᠶᠢᠨ ᠪᠦᠬᠦᠯᠢ ᠴᠣᠭᠴᠠᠲᠤ ᠴᠢᠨᠠᠷ᠂ ᠠᠪᠴᠠᠯᠳᠤᠬᠤ ᠴᠢᠨᠠᠷ ᠪᠣᠯᠤᠨ ᠪᠦᠲᠦᠮᠵᠢᠲᠦ ᠴᠢᠨᠠᠷ ᠢ ᠦᠨᠡᠨ ᠬᠦ ᠪᠠᠲᠤᠯᠠᠨ᠎ᠠ᠃ ᠦᠨᠳᠦᠰᠦᠨ ᠪᠣᠯᠪᠠᠰᠤᠷᠠᠯ ᠤᠨ ᠱᠠᠭᠠᠷᠳᠠᠯᠭ᠎ᠠ ᠶᠢ ᠭᠤᠤᠯᠳᠠᠭᠤ ᠡᠯ᠎ᠡ ᠱᠠᠲᠤᠨ ᠤ ᠨᠠᠮ ᠤᠨ ᠰᠤᠷᠭᠠᠭᠤᠯᠢ ᠳᠤ ᠲᠣᠬᠢᠷᠠᠭᠤᠯᠤᠨ ᠬᠡᠷᠡᠭᠯᠡᠨ᠎ᠡ᠂ ᠺᠠᠳ᠋ᠷ ᠤᠨ ᠬᠥᠮᠦᠵᠢᠯ ᠪᠣᠯᠪᠠᠰᠤᠷᠠᠯ ᠤᠨ ᠪᠤᠰᠤᠳ ᠪᠠᠶᠢᠭᠤᠯᠤᠮᠵᠢ ᠯᠠᠪᠯᠠᠯᠲᠠ ᠪᠣᠯᠭᠠᠨ ᠬᠡᠷᠡᠭᠵᠢᠭᠦᠯᠵᠦ ᠪᠣᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号