| ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ᠤᠨ ᠪᠢᠴᠢᠭ ᠮᠠᠲ᠋ᠧᠷᠢᠶᠠᠯ | ᠥᠪᠥᠷ ᠵᠠᠰᠠᠭ ᠠᠯᠪᠠᠨ ᠲᠠᠷᠬᠠᠭᠠᠭᠰᠠᠨ ﹇2024﹈ 37 ᠳ᠋ᠤᠭᠠᠷ ᠲᠣᠭᠠᠲᠤ | ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠬᠦᠷᠢᠶᠡᠨ ᠳᠠᠬᠢ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ | ᠪᠠᠭᠤᠷᠠᠭᠤᠯᠬᠤ ᠶᠢ ᠲᠦᠷᠭᠡᠳᠬᠡᠨ ᠠᠬᠢᠭᠤᠯᠬᠤ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ | ᠮᠡᠳᠡᠭᠳᠡᠯ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ | ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ | ᠦᠢᠯᠡᠰ ᠤᠨ ᠨᠢᠭᠡᠴᠢ ᠳᠤ᠄ | ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠬᠦᠷᠢᠶᠡᠨ ᠳᠠᠬᠢ ᠡᠨᠧᠷᠭᠢ | ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠶᠢ ᠲᠦᠷᠭᠡᠳᠬᠡᠨ ᠠᠬᠢᠭᠤᠯᠬᠤ ᠬᠡᠷᠡᠭᠵᠢᠭᠦᠯᠬᠦ ᠲᠥᠰᠥᠯ︾ ᠢ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠲᠠ ᠨᠠᠷ ᠲᠤ | ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ | ᠨᠠᠶᠢᠳᠠᠪᠤᠷᠢᠵᠢᠭᠤᠯᠲᠤᠭᠠᠢ᠃ | 2024 ᠣᠨ ᠤ 9 ᠳ᠋ᠦ᠋ᠭᠡᠷ ᠰᠠᠷ᠎ᠠ ᠶᠢᠨ 10 ᠤ ᠡᠳᠦᠷ | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠬᠦᠷᠢᠶᠡᠨ ᠳᠠᠬᠢ ᠡᠨᠧᠷᠭᠢ ᠠᠷᠪᠢᠯᠠᠵᠤ | ᠨᠡᠭᠦᠷᠡᠰᠦᠲᠥ᠋ᠷᠥᠭᠴᠢ ᠪᠠᠭᠤᠷᠠᠭᠤᠯᠬᠤ ᠶᠢ ᠲᠦᠷᠭᠡᠳᠬᠡᠨ ᠠᠬᠢᠭᠤᠯᠬᠤ ᠬᠡᠷᠡᠭᠵᠢᠭᠦᠯᠬᠦ ᠲᠥᠰᠥᠯ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠢ ᠨᠡᠶᠢᠭᠡᠮ ᠤᠨ ᠪᠥᠬᠦ ᠲᠠᠯ᠎ᠠ ᠪᠠᠷ | ᠪᠣᠬᠢᠷᠲᠤᠯ ᠦᠭᠡᠢ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠂ ᠥᠪᠡᠷᠲᠡᠭᠡᠨ ᠵᠠᠰᠠᠬᠤ ᠣᠷᠣᠨ ᠤ | ᠪᠠᠷᠢᠯᠭ᠎ᠠ ᠶᠢᠨ ᠬᠦᠷᠢᠶᠡᠨ ᠳᠠᠬᠢ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠶᠢ ᠲᠦᠷᠭᠡᠳᠬᠡᠨ | ᠠᠬᠢᠭᠤᠯᠬᠤ ᠶᠢᠨ ᠲᠤᠰᠠᠳᠠ᠂ ︽ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ︿ᠪᠠᠷᠢᠯᠭ᠎ᠠ ᠶᠢᠨ ᠬᠦᠷᠢᠶᠡᠨ ᠳᠠᠬᠢ | ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠶᠢ ᠲᠦᠷᠭᠡᠳᠬᠡᠨ ᠠᠬᠢᠭᠤᠯᠬᠤ ᠠᠵᠢᠯ ᠤᠨ ᠲᠥᠰᠥᠯ﹀ ᠢ | ᠤᠯᠠᠮᠵᠢᠯᠠᠨ ᠶᠠᠪᠤᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ | ᠲᠥᠷᠥ ᠠᠯᠪᠠᠨ ᠵᠠᠬᠢᠳᠠᠯ ﹇2024﹈ 20 ᠳ᠋ᠤᠭᠠᠷ ᠲᠣᠭᠠᠲᠤ︶ ᠵᠡᠷᠭᠡ ᠶᠢᠨ ᠱᠠᠭᠠᠷᠳᠠᠯᠭ᠎ᠠ ᠶᠢ ᠦᠨᠳᠦᠰᠦᠯᠡᠨ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ | ᠰᠢᠵᠢᠮ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ᠂ ᠲᠣᠰ ᠲᠥᠰᠥᠯ ᠢ | ᠲᠣᠭᠲᠠᠭᠠᠪᠠ᠃ | ᠨᠢᠭᠡ᠂ ᠭᠤᠣᠯ ᠬᠠᠷᠠᠯᠲᠠ | 2025 ᠣᠨ ᠪᠣᠯᠬᠤ ᠳᠤ᠂ ᠪᠥᠬᠦ ᠣᠷᠣᠨ ᠤ ᠪᠠᠷᠢᠯᠭ᠎ᠠ ᠶᠢᠨ ᠬᠦᠷᠢᠶᠡᠨ ᠳᠠᠬᠢ ᠡᠨᠧᠷᠭᠢ ᠠᠷᠪᠢᠯᠠᠵᠤ | ᠨᠡᠭᠦᠷᠡᠰᠦᠲᠥ᠋ᠷᠥᠭᠴᠢ ᠪᠠᠭᠤᠷᠠᠭᠤᠯᠬᠤ ᠳᠦᠷᠢᠮ ᠤᠨ ᠲᠣᠭᠲᠠᠯᠴᠠᠭ᠎ᠠ ᠶᠢ ᠨᠠᠩ ᠪᠦᠷᠢᠨᠰᠢᠭᠦᠯᠵᠦ᠂ ᠬᠤᠲᠠ | ᠪᠠᠯᠭᠠᠰᠤᠨ ᠤ ᠰᠢᠨ᠎ᠡ ᠪᠠᠷ ᠪᠠᠶᠢᠭᠤᠯᠬᠤ ᠪᠠᠷᠢᠯᠭ᠎ᠠ ᠳᠤ ᠪᠣᠬᠢᠷᠲᠤᠯ ᠦᠭᠡᠢ ᠪᠠᠷᠢᠯᠭ᠎ᠠ ᠶᠢᠨ ᠪᠠᠷᠢᠮᠵᠢᠶ᠎ᠠ ᠶᠢ ᠪᠥᠬᠦ | ᠲᠠᠯ᠎ᠠ ᠪᠠᠷ ᠬᠡᠷᠡᠭᠵᠢᠭᠦᠯᠦᠨ᠂ ᠰᠢᠨ᠎ᠡ ᠪᠠᠷ ᠪᠠᠶᠢᠭᠤᠯᠤᠭᠰᠠᠨ ᠬᠡᠳᠦ ᠳᠣᠣᠷ᠎ᠠ ᠡᠨᠧᠷᠭᠢ ᠶᠢᠨ ᠬᠤᠷᠣᠭᠳᠠᠯ ᠲᠠᠢ᠂ | ᠡᠨᠧᠷᠭᠢ ᠶᠢᠨ ᠬᠤᠷᠣᠭᠳᠠᠯ ᠪᠠᠷᠤᠭ ᠦᠭᠡᠢ ᠪᠠᠷᠢᠯᠭ᠎ᠠ ᠶᠢᠨ ᠲᠠᠯᠠᠪᠠᠶ ᠶᠢ 30 ᠲᠦᠮᠡᠨ ᠲᠡᠭᠰᠢ ᠳᠥᠷᠪᠡᠯᠵᠢᠨ | ᠮᠧᠳ᠋ᠷ ᠠᠴᠠ ᠳᠠᠪᠠᠭᠤᠯᠵᠤ᠂ ᠨᠢᠭᠡᠨᠲᠡ ᠪᠠᠶᠢᠭ᠎ᠠ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢᠨ | ᠲᠠᠯᠠᠪᠠᠶ ᠶᠢ 2023 ᠣᠨ ᠤ ᠬᠢ ᠠᠴᠠ 500 ᠲᠦᠮᠡᠨ ᠲᠡᠭᠰᠢ ᠳᠥᠷᠪᠡᠯᠵᠢᠨ ᠮᠧᠳ᠋ᠷ ᠠᠴᠠ ᠳᠡᠭᠡᠭᠰᠢ ᠨᠡᠮᠡᠭᠳᠡᠭᠦᠯᠦᠨ | ᠂ ᠪᠠᠷᠢᠯᠭ᠎ᠠ ᠳᠤ ᠬᠡᠷᠡᠭᠯᠡᠬᠦ ᠡᠨᠧᠷᠭᠢ ᠳᠠᠬᠢ ᠴᠠᠬᠢᠯᠭᠠᠨ ᠬᠦᠴᠦᠨ ᠤ ᠬᠡᠷᠡᠭᠯᠡᠭᠡ ᠶᠢᠨ ᠡᠵᠡᠯᠡᠬᠦ ᠬᠠᠷᠢᠴᠠᠯ ᠢ 40% ᠠᠴᠠ | ᠳᠠᠪᠠᠭᠤᠯᠬᠤ ᠪᠠᠷ ᠬᠦᠴᠦᠯᠡᠨ ᠴᠢᠷᠮᠠᠶᠢᠵᠤ᠂ ᠬᠤᠲᠠ ᠪᠠᠯᠭᠠᠰᠤᠨ ᠤ ᠪᠠᠷᠢᠯᠭ᠎ᠠ ᠶᠢᠨ ᠳᠠᠬᠢᠨ ᠡᠭᠦᠰᠴᠦ ᠪᠣᠯᠬᠤ | ᠡᠨᠧᠷᠭᠢ ᠪᠠᠷ ᠣᠷᠣᠯᠠᠭᠤᠯᠬᠤ ᠨᠣᠷᠮ᠎ᠠ ᠶᠢ ᠲᠣᠭᠲᠠᠭᠤᠨ ᠢᠶᠠᠷ ᠳᠡᠭᠡᠭᠰᠢᠯᠡᠭᠦᠯᠵᠦ᠂ ᠪᠠᠷᠢᠯᠭ᠎ᠠ ᠶᠢᠨ ᠬᠦᠷᠢᠶᠡᠨ ᠳᠠᠬᠢ | ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠲᠠᠯ᠎ᠠ ᠪᠠᠷ ᠢᠳᠡᠪᠬᠢᠲᠡᠢ ᠠᠬᠢᠴᠠ ᠲᠠᠢ ᠪᠣᠯᠭᠠᠨ᠎ᠠ᠃ | 2027 ᠣᠨ ᠪᠣᠯᠬᠤ ᠳᠤ᠂ ᠨᠢᠭᠡᠨᠲᠡ ᠪᠠᠶᠢᠭ᠎ᠠ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢᠨ | ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠵᠦ᠂ ᠨᠢᠭᠡ ᠪᠦᠯᠦᠭ ᠬᠡᠲᠦ ᠳᠣᠣᠷ᠎ᠠ ᠡᠨᠧᠷᠭᠢ ᠶᠢᠨ ᠬᠤᠷᠣᠭᠳᠠᠯ ᠲᠠᠢ | ᠪᠠᠷᠢᠯᠭ᠎ᠠ ᠶᠢ ᠪᠠᠶᠢᠭᠤᠯᠤᠨ ᠪᠦᠲᠦᠭᠡᠵᠦ᠂ ᠪᠠᠷᠢᠯᠭ᠎ᠠ ᠳᠤ ᠬᠡᠷᠡᠭᠯᠡᠬᠦ ᠡᠨᠧᠷᠭᠢ ᠶᠢᠨ ᠪᠦᠲᠦᠴᠡ ᠶᠢ ᠨᠠᠩ | ᠰᠢᠯᠢᠳᠡᠭᠵᠢᠭᠦᠯᠦᠨ᠂ ᠪᠣᠬᠢᠷᠲᠤᠯ ᠦᠭᠡᠢ ᠪᠠ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠴᠢᠨᠠᠷ ᠰᠠᠶᠢᠲᠠᠢ | ᠪᠠᠷᠢᠯᠭ᠎ᠠ ᠶᠢᠨ ᠬᠡᠪᠴᠢᠶᠡᠵᠢᠭᠰᠡᠨ ᠬᠥᠭᠵᠢᠯᠲᠡ ᠶᠢ ᠪᠡᠶᠡᠯᠡᠭᠦᠯᠵᠦ᠂ ᠪᠠᠷᠢᠯᠭ᠎ᠠ ᠶᠢᠨ ᠬᠦᠷᠢᠶᠡᠨ ᠳᠠᠬᠢ ᠡᠨᠧᠷᠭᠢ | ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠲᠠᠯ᠎ᠠ ᠪᠠᠷ ᠢᠯᠡᠳᠲᠡ ᠦᠷ᠎ᠡ ᠪᠦᠲᠦᠮᠵᠢ ᠲᠠᠢ ᠪᠣᠯᠭᠠᠨ᠎ᠠ᠃ | ᠬᠤᠶᠠᠷ᠂ ᠭᠤᠣᠯᠳᠠᠯᠭ᠎ᠠ ᠲᠠᠢ ᠡᠭᠦᠷᠭᠡ | ︵ᠨᠢᠭᠡ︶ ᠬᠤᠲᠠ ᠪᠠᠯᠭᠠᠰᠤᠨ ᠤ ᠰᠢᠨ᠎ᠡ ᠪᠠᠷ ᠪᠠᠶᠢᠭᠤᠯᠬᠤ ᠪᠠᠷᠢᠯᠭ᠎ᠠ ᠶᠢᠨ ᠡᠨᠧᠷᠭᠢ ᠠᠷᠪᠢᠯᠠᠵᠤ | ᠨᠡᠭᠦᠷᠡᠰᠦᠲᠥ᠋ᠷᠥᠭᠴᠢ ᠪᠠᠭᠤᠷᠠᠭᠤᠯᠬᠤ ᠲᠦᠪᠰᠢᠨ ᠢ ᠳᠡᠭᠡᠭᠰᠢᠯᠡᠭᠦᠯᠦᠨ᠎ᠡ᠃ ᠰᠢᠨ᠎ᠡ ᠪᠠᠷ ᠪᠠᠶᠢᠭᠤᠯᠬᠤ ᠪᠠᠷᠢᠯᠭ᠎ᠠ ᠶᠢᠨ | ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠵᠢᠷᠤᠭ ᠲᠥᠯᠥᠪᠯᠡᠭᠡ ᠶᠢ ᠰᠢᠯᠢᠳᠡᠭᠵᠢᠭᠦᠯᠵᠦ᠂ | ᠠᠶᠠᠨᠳᠠᠭᠠᠨ ᠤ ᠭᠡᠷᠡᠯ ᠠᠪᠤᠯᠭ᠎ᠠ ᠪᠠ ᠰᠠᠯᠬᠢ ᠨᠡᠪᠲᠡᠷᠡᠭᠦᠯᠬᠦ ᠶᠢ ᠭᠦᠢᠴᠡᠳ ᠠᠰᠢᠭᠯᠠᠨ᠂ ᠥᠨᠳᠥᠷ ᠦᠷ᠎ᠡ | ᠪᠦᠲᠦᠮᠵᠢᠲᠡᠶ ᠡᠨᠧᠷᠭᠢ ᠳᠤ ᠠᠷᠪᠢᠲᠠᠢ ᠨᠡᠭᠦᠷᠡᠰᠦᠲᠥ᠋ᠷᠥᠭᠴᠢ ᠪᠠᠭᠠᠲᠠᠢ ᠲᠥᠬᠦᠭᠡᠷᠦᠮᠵᠢ ᠶᠢ ᠬᠡᠷᠡᠭᠯᠡᠵᠦ᠂ ᠪᠠᠷᠢᠯᠭ᠎ᠠ ᠶᠢᠨ | ᠬᠦᠷᠢᠶᠡᠯᠡᠨ ᠬᠠᠮᠠᠭᠠᠯᠠᠬᠤ ᠪᠦᠲᠦᠴᠡ ᠶᠢᠨ ᠳᠤᠯᠠᠭᠠᠨ ᠢ ᠬᠠᠮᠠᠭᠠᠯᠠᠨ ᠢᠯᠴᠢ ᠬᠠᠯᠬᠠᠯᠠᠬᠤ ᠪᠠ ᠭᠠᠯ ᠰᠡᠷᠭᠡᠶᠢᠯᠡᠬᠦ | ᠴᠢᠳᠠᠪᠬᠢ ᠶᠢ ᠨᠢ ᠳᠡᠭᠡᠭᠰᠢᠯᠡᠭᠦᠯᠦᠨ᠎ᠡ᠃ ᠰᠢᠨ᠎ᠡ ᠪᠠᠷ ᠪᠠᠶᠢᠭᠤᠯᠬᠤ ᠪᠠᠷᠢᠯᠭ᠎ᠠ ᠶᠢᠨ ᠡᠨᠧᠷᠭᠢ ᠠᠷᠪᠢᠯᠠᠬᠤ | ᠠᠯᠪᠠᠳᠠᠯᠭ᠎ᠠ ᠶᠢᠨ ᠴᠢᠨᠠᠷᠲᠠᠢ ᠪᠠᠷᠢᠮᠵᠢᠶᠠᠨ ᠤ ᠪᠦᠬᠦ ᠶᠠᠪᠤᠴᠠ ᠶᠢᠨ ᠬᠠᠮᠢᠶᠠᠷᠤᠯᠲᠠ᠂ ᠢᠯᠠᠩᠭᠤᠶ᠎ᠠ ᠪᠠᠷᠢᠯᠭ᠎ᠠ ᠶᠢᠨ | ᠠᠵᠢᠯ ᠤᠨ ᠵᠢᠷᠤᠭ ᠢ ᠬᠢᠨᠠᠨ ᠪᠠᠶᠢᠴᠠᠭᠠᠬᠤ ᠪᠠ ᠪᠠᠷᠢᠯᠭ᠎ᠠ ᠶᠢᠨ ᠲᠥᠷᠥᠯ ᠵᠦᠢᠯ ᠢ ᠰᠢᠯᠭᠠᠨ ᠬᠤᠷᠢᠶᠠᠵᠤ ᠠᠪᠬᠤ | ᠭᠤᠭᠴᠤᠭ᠎ᠠ ᠶᠢ ᠴᠢᠩᠭᠠᠳᠬᠠᠨ᠂ ᠵᠢᠷᠤᠭ ᠲᠥᠯᠥᠪᠯᠡᠭᠡ ᠪᠠ ᠪᠠᠷᠢᠯᠭ᠎ᠠ ᠶᠢᠨ ᠬᠡᠷᠡᠭᠵᠢᠭᠦᠯᠦᠯᠲᠡ ᠶᠢᠨ ᠨᠣᠷᠮ᠎ᠠ ᠶᠢ | 100% ᠳᠤ ᠬᠦᠷᠦᠭᠦᠯᠬᠦ ᠶᠢ ᠦᠨᠡᠨ ᠬᠦ ᠪᠠᠲᠤᠯᠠᠨ᠎ᠠ᠃ ᠣᠨ ᠤ ᠠᠵᠢᠯᠯᠠᠭᠠᠨ ᠤ ᠡᠨᠧᠷᠭᠢ ᠶᠢᠨ ᠬᠤᠷᠣᠭᠳᠠᠯ ᠨᠢ | 1000 ᠲᠣᠨ ᠪᠠᠷᠢᠮᠵᠢᠶᠠᠲᠤ ᠨᠡᠭᠦᠷᠡᠰᠦ ︵ᠪᠤᠶᠤ ᠴᠠᠬᠢᠯᠭᠠᠨ ᠤ ᠬᠤᠷᠣᠭᠳᠠᠯ ᠨᠢ 500 ᠲᠦᠮᠡᠨ ᠺᠢᠯᠣᠸᠠᠲ ᠴᠠᠭ︶ | ᠵᠢᠴᠢ ᠲᠡᠭᠦᠨ ᠠᠴᠠ ᠳᠡᠭᠡᠭᠰᠢᠬᠢ ᠪᠠᠷᠢᠯᠭ᠎ᠠ ᠶᠢᠨ ᠲᠥᠷᠥᠯ ᠵᠦᠢᠯ ᠳᠠᠬᠢ ᠡᠨᠧᠷᠭᠢ ᠠᠷᠪᠢᠯᠠᠬᠤ ᠬᠢᠨᠠᠨ ᠪᠠᠶᠢᠴᠠᠭᠠᠯᠲᠠ ᠶᠢ | ᠴᠢᠩᠭᠠᠷᠠᠭᠤᠯᠵᠤ᠂ ᠪᠠᠷᠢᠯᠭ᠎ᠠ ᠶᠢᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠠᠯᠪᠠᠳᠠᠯᠭ᠎ᠠ ᠶᠢᠨ | ᠴᠢᠨᠠᠷᠲᠠᠢ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠦᠨ᠎ᠡ᠃ ᠬᠡᠲᠦ ᠳᠣᠣᠷ᠎ᠠ ᠡᠨᠧᠷᠭᠢ ᠶᠢᠨ ᠬᠤᠷᠣᠭᠳᠠᠯ ᠲᠠᠢ ᠪᠠᠷᠢᠯᠭ᠎ᠠ ᠪᠠ | ᠪᠣᠬᠢᠷᠲᠤᠯ ᠦᠭᠡᠢ ᠪᠠᠷᠢᠯᠭ᠎ᠠ ᠶᠢᠨ ᠬᠠᠮᠢᠶ᠎ᠠ ᠪᠦᠬᠦᠢ ᠮᠡᠷᠭᠡᠵᠢᠯ ᠤᠨ ᠪᠠᠷᠢᠮᠵᠢᠶᠠᠨ ᠤ ᠲᠣᠭᠲᠠᠯᠴᠠᠭ᠎ᠠ ᠶᠢ | ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠠᠴᠠ ᠪᠡᠯᠡ ᠣᠷᠣᠭᠤᠯᠤᠭᠰᠠᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ | ᠪᠠᠷᠢᠯᠭ᠎ᠠ ᠶᠢ ᠬᠡᠳᠦ ᠳᠣᠣᠷ᠎ᠠ ᠡᠨᠧᠷᠭᠢ ᠶᠢᠨ ᠬᠤᠷᠣᠭᠳᠠᠯ ᠲᠠᠢ ᠪᠠᠷᠢᠯᠭ᠎ᠠ ᠶᠢᠨ ᠪᠠᠷᠢᠮᠵᠢᠶ᠎ᠠ ᠪᠠᠷ ᠪᠦᠲᠦᠭᠡᠨ | ᠪᠠᠶᠢᠭᠤᠯᠬᠤ ᠶᠢ ᠵᠣᠷᠢᠭᠵᠢᠭᠤᠯᠤᠨ᠂ ᠬᠥᠬᠡᠬᠤᠲᠠ᠂ ᠪᠤᠭᠤᠲᠤ ᠬᠤᠲᠠ᠂ ᠣᠷᠳᠣᠰ ᠬᠤᠲᠠ ᠵᠡᠷᠭᠡ ᠨᠥᠬᠦᠴᠡᠯ ᠲᠠᠢ | ᠭᠠᠵᠠᠷ ᠣᠷᠣᠨ ᠨᠢ ᠬᠡᠲᠦ ᠳᠣᠣᠷ᠎ᠠ ᠡᠨᠧᠷᠭᠢ ᠶᠢᠨ ᠬᠤᠷᠣᠭᠳᠠᠯ ᠲᠠᠢ ᠪᠠᠷᠢᠯᠭ᠎ᠠ ᠶᠢ ᠬᠡᠪᠴᠢᠶᠡᠵᠢᠭᠦᠯᠦᠨ | ᠬᠥᠭᠵᠢᠭᠦᠯᠬᠦ ᠶᠢ ᠲᠦᠷᠭᠡᠳᠬᠡᠨ ᠠᠬᠢᠭᠤᠯᠤᠨ᠎ᠠ᠃ ᠰᠢᠨ᠎ᠡ ᠪᠠᠷ ᠪᠠᠶᠢᠭᠤᠯᠬᠤ ᠪᠠᠷᠢᠯᠭ᠎ᠠ ᠶᠢᠨ ᠳᠣᠲᠣᠷᠠᠬᠢ ᠣᠳᠣᠨ | ᠲᠠᠰ ᠤᠨ ᠪᠣᠬᠢᠷᠲᠤᠯ ᠦᠭᠡᠢ ᠪᠠᠷᠢᠯᠭ᠎ᠠ ᠶᠢᠨ ᠬᠠᠷᠢᠴᠠᠯ ᠢ ᠦᠷᠭᠦᠯᠵᠢᠯᠡᠨ ᠳᠡᠭᠡᠭᠰᠢᠯᠡᠭᠦᠯᠵᠦ᠂ ᠪᠠᠶᠢᠭᠤᠯᠭ᠎ᠠ ᠶᠢᠨ | ᠠᠯᠪᠠᠯᠠᠬᠤ ᠪᠠᠷᠢᠯᠭ᠎ᠠ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ | ᠪᠠᠷᠢᠯᠭ᠎ᠠ᠂ 2 ᠲᠦᠮᠡᠨ ᠲᠡᠭᠰᠢ ᠳᠥᠷᠪᠡᠯᠵᠢᠨ ᠮᠧᠳ᠋ᠷ ᠠᠴᠠ ᠳᠡᠭᠡᠭᠰᠢᠬᠢ ᠲᠣᠮᠣ ᠬᠡᠯᠪᠡᠷᠢ ᠶᠢᠨ ᠣᠯᠠᠨ ᠨᠡᠶᠢᠲᠡ ᠶᠢᠨ | ᠪᠠᠷᠢᠯᠭ᠎ᠠ᠂ 5 ᠲᠦᠮᠡᠨ ᠲᠡᠭᠰᠢ ᠳᠥᠷᠪᠡᠯᠵᠢᠨ ᠮᠧᠳ᠋ᠷ ᠠᠴᠠ ᠳᠡᠭᠡᠭᠰᠢᠬᠢ ᠣᠷᠣᠨ ᠰᠠᠭᠤᠴᠠ ᠶᠢᠨ ᠰᠠᠭᠤᠭᠠᠯᠢ | ᠲᠣᠭᠤᠷᠢᠭ᠂ ᠬᠤᠲᠠ ᠶᠢᠨ ᠰᠢᠨ᠎ᠡ ᠪᠠᠷ ᠪᠠᠶᠢᠭᠤᠯᠬᠤ ᠲᠣᠭᠤᠷᠢᠭ ᠬᠢᠭᠡᠳ ᠪᠣᠬᠢᠷᠲᠤᠯ ᠦᠭᠡᠢ ᠠᠮᠢ ᠠᠬᠤᠶᠢᠲᠤ | ᠬᠤᠲᠠ ᠶᠢᠨ ᠲᠣᠭᠤᠷᠢᠭ ᠲᠠᠬᠢ ᠠᠷᠠᠳ ᠤᠨ ᠬᠡᠷᠡᠭᠯᠡᠭᠡᠨ ᠤ ᠪᠠᠷᠢᠯᠭ᠎ᠠ ᠳᠤ ᠣᠳᠣᠨ ᠲᠠᠰ ᠤᠨ ᠪᠣᠬᠢᠷᠲᠤᠯ ᠦᠭᠡᠢ | ᠪᠠᠷᠢᠯᠭ᠎ᠠ ᠶᠢᠨ ᠪᠠᠷᠢᠮᠵᠢᠶ᠎ᠠ ᠶᠢ ᠪᠥᠬᠦ ᠲᠠᠯ᠎ᠠ ᠪᠠᠷ ᠬᠡᠷᠡᠭᠵᠢᠭᠦᠯᠦᠨ᠂ ᠭᠠᠵᠠᠷ ᠬᠡᠷᠡᠭᠯᠡᠬᠦ ᠲᠥᠯᠦᠪᠵᠢᠭᠦᠯᠭᠡ ᠶᠢᠨ ᠵᠢᠷᠤᠭ | ᠲᠥᠯᠥᠪᠯᠡᠭᠡ ᠶᠢᠨ ᠨᠥᠬᠦᠴᠡᠯ ᠤᠨ ᠪᠢᠴᠢᠭ ᠵᠢᠴᠢ ᠭᠠᠵᠠᠷ ᠰᠣᠩᠭᠤᠬᠤ ᠰᠠᠨᠠᠯ ᠤᠨ ᠪᠢᠴᠢᠭ ᠢ ᠬᠠᠷᠭᠤᠭᠤᠯᠤᠨ | ᠣᠯᠭᠤᠬᠤ ᠳᠤ᠂ ︽ᠪᠦᠲᠦᠭᠡᠨ ᠪᠠᠶᠢᠭᠤᠯᠬᠤ ᠱᠠᠭᠠᠷᠳᠠᠯᠭ᠎ᠠ︾ ᠳᠤ ᠣᠳᠣᠨ ᠲᠠᠰ ᠤᠨ ᠪᠣᠬᠢᠷᠲᠤᠯ ᠦᠭᠡᠢ | ᠪᠠᠷᠢᠯᠭ᠎ᠠ ᠶᠢᠨ ᠪᠠᠷᠢᠮᠵᠢᠶ᠎ᠠ ᠶᠢ ᠬᠡᠷᠡᠭᠵᠢᠭᠦᠯᠬᠦ ᠪᠠᠨ ᠲᠣᠳᠣᠷᠬᠠᠶᠢᠯᠠᠨ᠎ᠠ᠃ ︵ᠥᠪᠡᠷᠲᠡᠭᠡᠨ ᠵᠠᠰᠠᠬᠤ ᠣᠷᠣᠨ ᠤ | ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠪᠠᠶᠢᠭᠤᠯᠭ᠎ᠠ ᠶᠢᠨ | ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠵᠡᠷᠭᠡ ᠨᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ | ᠶᠣᠰᠣᠭᠠᠷ ᠬᠠᠷᠢᠭᠤᠴᠠᠵᠤ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ | ᠨᠠᠶᠢᠳᠠᠪᠤᠷᠢᠵᠢᠭᠤᠯᠤᠨ᠎ᠠ᠃ ᠳᠣᠣᠷᠠᠬᠢ ᠡᠭᠦᠷᠭᠡ ᠶᠢ ᠴᠥᠮ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ | ᠵᠠᠰᠠᠭ ᠤᠨ ᠣᠷᠳᠣᠨ ᠨᠠᠶᠢᠳᠠᠪᠤᠷᠢᠵᠢᠭᠤᠯᠬᠤ ᠴᠢᠬᠤᠯᠠᠲᠠᠢ ᠪᠣᠯᠬᠤᠷ ᠳᠠᠬᠢᠵᠤ ᠵᠢᠭᠰᠠᠭᠠᠬᠤ ᠦᠭᠡᠢ︶ | ︵ᠬᠤᠶᠠᠷ︶ ᠬᠤᠲᠠ ᠪᠠᠯᠭᠠᠰᠤᠨ ᠤ ᠨᠢᠭᠡᠨᠲᠡ ᠪᠠᠶᠢᠭ᠎ᠠ ᠪᠠᠷᠢᠯᠭ᠎ᠠ ᠶᠢ ᠥᠭᠡᠷᠡᠴᠢᠯᠡᠨ ᠳᠡᠰ ᠳᠡᠪᠰᠢᠭᠦᠯᠬᠦ ᠶᠢ | ᠠᠬᠢᠭᠤᠯᠤᠨ᠎ᠠ᠃ ᠡᠨᠧᠷᠭᠢ ᠶᠢᠨ ᠠᠰᠢᠭᠯᠠᠮᠵᠢ ᠶᠢᠨ ᠣᠨᠣᠰᠢᠯᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ | ᠬᠤᠲᠠ ᠪᠠᠯᠭᠠᠰᠤᠨ ᠤ ᠨᠢᠭᠡᠨᠲᠡ ᠪᠠᠶᠢᠭ᠎ᠠ ᠪᠠᠷᠢᠯᠭ᠎ᠠ ᠶᠢᠨ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠶᠢ ᠪᠥᠬᠦ ᠲᠠᠯ᠎ᠠ ᠪᠠᠷ | ᠥᠷᠨᠢᠭᠦᠯᠦᠨ᠂ ᠠᠶᠢᠮᠠᠭ ᠬᠤᠲᠠ ᠶᠢᠨ ᠱᠠᠲᠤᠨ ᠤ ᠪᠠᠷᠢᠯᠭ᠎ᠠ ᠶᠢᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ | ᠪᠠᠭᠤᠷᠠᠭᠤᠯᠬᠤ ᠥᠭᠡᠷᠡᠴᠢᠯᠡᠯᠲᠡ ᠶᠢᠨ ᠳ᠋ᠠᠶᠢᠲ᠋ᠠ ᠬᠥᠮᠥᠷᠭᠡ ᠪᠠ ᠲᠥᠷᠥᠯ ᠵᠦᠢᠯ ᠨᠥᠭᠡᠴᠡᠯᠡᠬᠦ ᠬᠥᠮᠥᠷᠭᠡ ᠶᠢ | ᠪᠠᠶᠢᠭᠤᠯᠤᠨ᠎ᠠ᠃ ᠠᠶᠢᠮᠠᠭ ᠬᠤᠲᠠ ᠪᠠᠷ ᠨᠢᠭᠡᠴᠢ ᠪᠣᠯᠭᠠᠨ ᠨᠢᠭᠡᠨᠲᠡ ᠪᠠᠶᠢᠭ᠎ᠠ ᠪᠠᠷᠢᠯᠭ᠎ᠠ ᠶᠢᠨ ᠣᠨ ᠤ | ᠥᠭᠡᠷᠡᠴᠢᠯᠡᠯᠲᠡ ᠶᠢᠨ ᠲᠥᠯᠥᠪᠯᠡᠭᠡ ᠶᠢ ᠲᠣᠭᠲᠠᠭᠠᠵᠤ᠂ ᠥᠭᠡᠷᠡᠴᠢᠯᠡᠬᠦ ᠴᠠᠭ ᠤᠨ ᠳᠡᠰ ᠳᠠᠷᠠᠭᠠᠯᠠᠯ ᠢ ᠵᠦᠢ ᠵᠣᠬᠢᠰᠲᠠᠢ | ᠲᠣᠭᠲᠠᠭᠠᠨ᠂ ᠭᠡᠷ ᠪᠠᠶᠢᠰᠢᠩ ᠤᠨ ᠠᠮᠤᠷ ᠲᠦᠪᠰᠢᠨ ᠤ ᠪᠠᠶᠢᠳᠠᠯ ᠲᠠᠢ ᠤᠶᠠᠯᠳᠤᠭᠤᠯᠤᠨ᠂ ᠠᠭᠠᠷ ᠲᠣᠬᠢᠷᠠᠭᠤᠯᠤᠭᠴᠢ᠂ | ᠭᠡᠷᠡᠯᠲᠦᠭᠦᠯᠭᠡ᠂ ᠴᠠᠬᠢᠯᠭᠠᠨ ᠱᠠᠲᠤ ᠵᠡᠷᠭᠡ ᠭᠤᠣᠯᠳᠠᠯᠭᠠᠲᠤ ᠡᠨᠧᠷᠭᠢ ᠬᠡᠷᠡᠭᠯᠡᠬᠦ ᠲᠥᠬᠦᠭᠡᠷᠦᠮᠵᠢ ᠪᠠ ᠭᠠᠳᠠᠷ | ᠬᠡᠷᠡᠮ ᠤᠨ ᠳᠤᠯᠠᠭᠠᠨ ᠢ ᠬᠠᠮᠠᠭᠠᠯᠠᠬᠤ᠂ ᠡᠭᠦᠳᠡ ᠴᠣᠩᠬᠤ ᠵᠡᠷᠭᠡ ᠪᠠᠷ ᠭᠤᠣᠯᠳᠠᠯᠭ᠎ᠠ ᠲᠠᠢ ᠠᠭᠤᠯᠭ᠎ᠠ ᠪᠣᠯᠭᠠᠵᠤ ᠳᠡᠰ | ᠳᠡᠪᠰᠢᠭᠦᠯᠦᠨ ᠥᠭᠡᠷᠡᠴᠢᠯᠡᠬᠦ ᠶᠢ ᠲᠣᠳᠣᠷᠬᠠᠶᠢᠯᠠᠨ᠎ᠠ᠃ ᠣᠯᠠᠨ ᠨᠡᠶᠢᠲᠡ ᠶᠢᠨ ᠪᠠᠷᠢᠯᠭ᠎ᠠ ᠶᠢᠨ ᠡᠨᠧᠷᠭᠢ ᠶᠢᠨ | ᠠᠰᠢᠭᠯᠠᠮᠵᠢ ᠶᠢ ᠳᠡᠭᠡᠭᠰᠢᠯᠡᠭᠦᠯᠬᠦ ᠭᠤᠣᠯᠳᠠᠯᠭ᠎ᠠ ᠲᠠᠢ ᠬᠤᠲᠠ ᠳᠤ ᠣᠷᠣᠭᠤᠯᠤᠭᠰᠠᠨ ᠬᠥᠬᠡᠬᠤᠲᠠ᠂ ᠪᠤᠭᠤᠲᠤ ᠬᠤᠲᠠ | ᠪᠠ ᠴᠡᠪᠡᠷ ᠳᠤᠯᠠᠭᠠᠯᠠᠭ᠎ᠠ ᠶᠢᠨ ᠲᠤᠷᠰᠢᠯᠲᠠ ᠶᠢᠨ ᠬᠤᠲᠠ ᠳᠤ ᠣᠷᠣᠭᠤᠯᠤᠭᠰᠠᠨ ᠬᠥᠬᠡᠬᠤᠲᠠ᠂ ᠪᠤᠭᠤᠲᠤ ᠬᠤᠲᠠ᠂ | ᠤᠯᠠᠭᠠᠨᠴᠠᠪ ᠬᠤᠲᠠ᠂ ᠪᠠᠶᠠᠨᠨᠠᠭᠤᠷ ᠬᠤᠲᠠ ᠵᠡᠷᠭᠡ ᠪᠠᠷ ᠭᠤᠣᠯᠳᠠᠯᠭ᠎ᠠ ᠪᠣᠯᠭᠠᠵᠤ᠂ ᠪᠤᠰᠤᠳ ᠠᠶᠢᠮᠠᠭ ᠬᠤᠲᠠ ᠨᠢ | ᠨᠥᠬᠦᠴᠡᠯ ᠪᠦᠷᠢᠳᠦᠭᠦᠯᠵᠦ ᠢᠳᠡᠪᠬᠢᠲᠡᠢ ᠠᠬᠢᠭᠤᠯᠤᠨ᠂ ᠪᠣᠬᠢᠷᠲᠤᠯ ᠦᠭᠡᠢ ᠪᠠ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠣᠯᠠᠨ ᠨᠡᠶᠢᠲᠡ ᠶᠢᠨ ᠪᠠᠶᠢᠭᠤᠯᠤᠮᠵᠢ ᠡᠭᠦᠳᠦᠨ ᠪᠠᠶᠢᠭᠤᠯᠬᠤ ᠠᠵᠢᠯ ᠲᠠᠢ ᠤᠶᠠᠯᠳᠤᠭᠤᠯᠤᠨ᠂ | ᠨᠢᠭᠡᠨᠲᠡ ᠪᠠᠶᠢᠭ᠎ᠠ ᠣᠯᠠᠨ ᠨᠡᠶᠢᠲᠡ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠨᠢᠭᠡᠳᠦᠯᠲᠡᠢ | ᠲᠥᠯᠥᠪᠯᠡᠨ ᠥᠷᠨᠢᠭᠦᠯᠦᠨ᠎ᠡ᠃ ᠣᠷᠣᠨ ᠰᠠᠭᠤᠴᠠ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢᠨ | ᠬᠡᠰᠡᠭ ᠤᠨ ᠡᠨᠧᠷᠭᠢ ᠶᠢᠨ ᠠᠰᠢᠭᠯᠠᠮᠵᠢ ᠶᠢ ᠣᠲᠣ ᠶᠢᠨ ᠬᠡᠷᠡᠭᠵᠢᠭᠦᠯᠵᠦ ᠪᠠᠶᠢᠭ᠎ᠠ ᠪᠠᠷᠢᠮᠵᠢᠶᠠᠨ ᠤ ᠲᠣᠭᠲᠠᠭᠠᠯ ᠳᠤ | ᠬᠦᠷᠦᠭᠦᠯᠵᠦ᠂ ᠡᠨᠧᠷᠭᠢ ᠠᠷᠪᠢᠯᠠᠬᠤ ᠠᠷᠭ᠎ᠠ ᠬᠡᠮᠵᠢᠶ᠎ᠡ ᠠᠪᠤᠭᠰᠠᠨ ᠦᠭᠡᠢ ᠣᠯᠠᠨ ᠨᠡᠶᠢᠲᠡ ᠶᠢᠨ ᠪᠠᠷᠢᠯᠭ᠎ᠠ ᠶᠢ | ᠥᠭᠡᠷᠡᠴᠢᠯᠡᠭᠰᠡᠨ ᠤ ᠳᠠᠷᠠᠭ᠎ᠠ ᠪᠦᠬᠦᠯᠢ ᠴᠣᠭᠴᠠ ᠶᠢᠨ ᠡᠨᠧᠷᠭᠢ ᠶᠢᠨ ᠠᠰᠢᠭᠯᠠᠮᠵᠢ ᠶᠢ 20% ᠠᠴᠠ ᠳᠡᠭᠡᠭᠰᠢ | ᠳᠡᠭᠡᠭᠰᠢᠯᠡᠭᠦᠯᠬᠦ ᠶᠢ ᠪᠡᠶᠡᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ | ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ | ᠶᠣᠰᠣᠭᠠᠷ ᠬᠠᠷᠢᠭᠤᠴᠠᠨ᠎ᠠ︶ | ︵ᠭᠤᠷᠪᠠ︶ ᠪᠠᠷᠢᠯᠭ᠎ᠠ ᠶᠢᠨ ᠠᠵᠢᠯᠯᠠᠭᠠᠨ ᠤ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ | ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠣᠷᠣᠨ ᠰᠠᠭᠤᠴᠠ ᠶᠢᠨ ᠬᠠᠭᠤᠴᠢᠷᠠᠭᠰᠠᠨ ᠴᠠᠬᠢᠯᠭᠠᠨ ᠱᠠᠲᠤ ᠶᠢ | ᠰᠢᠨᠡᠳᠬᠡᠬᠦ ᠪᠠᠨ ᠠᠬᠢᠭᠤᠯᠵᠤ᠂ ᠥᠨᠳᠥᠷ ᠦᠷ᠎ᠡ ᠪᠦᠲᠦᠮᠵᠢᠲᠡᠢ ᠡᠨᠧᠷᠭᠢ ᠠᠷᠪᠢᠯᠠᠬᠤ ᠭᠡᠷ ᠤᠨ ᠴᠠᠬᠢᠯᠭᠠᠨ ᠬᠡᠷᠡᠭᠰᠡᠯ | ᠵᠡᠷᠭᠡ ᠲᠥᠬᠦᠭᠡᠷᠦᠮᠵᠢ ᠶᠢ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠤᠨ᠂ ᠰᠠᠭᠤᠭᠠᠯᠢ ᠠᠷᠠᠳ ᠤᠨ ᠦᠷ᠎ᠡ | ᠠᠰᠢᠭ ᠢᠶᠠᠷ ᠳᠣᠣᠷ᠎ᠠ ᠮᠥᠷᠲᠡᠭᠡᠨ ᠬᠤᠴᠤᠷᠤᠩᠭᠤᠢ ᠡᠨᠧᠷᠭᠢ ᠬᠡᠷᠡᠭᠯᠡᠬᠦ ᠲᠥᠬᠦᠭᠡᠷᠦᠮᠵᠢ ᠪᠠᠨ ᠰᠣᠯᠢᠬᠤ ᠶᠢ ᠨᠢ | ᠵᠣᠷᠢᠭᠵᠢᠭᠤᠯᠤᠨ᠎ᠠ᠃ ᠪᠠᠷᠢᠯᠭ᠎ᠠ ᠶᠢᠨ ᠡᠨᠧᠷᠭᠢ ᠠᠷᠪᠢᠯᠠᠬᠤ ᠦᠢᠯᠡᠳᠬᠦᠨ ᠪᠠ ᠮᠡᠷᠭᠡᠵᠢᠯ ᠢ ᠳᠡᠯᠭᠡᠷᠡᠭᠦᠯᠬᠦ | ᠭᠠᠷᠴᠠᠭ ᠢᠶᠠᠨ ᠨᠠᠶᠢᠷᠠᠭᠤᠯᠤᠨ ᠵᠣᠬᠢᠶᠠᠵᠤ ᠵᠠᠰᠠᠪᠤᠷᠢ ᠣᠷᠣᠭᠤᠯᠤᠨ᠎ᠠ᠃ ᠡᠯ᠎ᠡ ᠠᠶᠢᠮᠠᠭ ᠬᠤᠲᠠ ᠨᠢ ᠣᠯᠠᠨ | ᠨᠡᠶᠢᠲᠡ ᠶᠢᠨ ᠪᠠᠷᠢᠯᠭ᠎ᠠ ᠶᠢᠨ ᠥᠷᠥᠭᠡᠨ ᠤ ᠳᠤᠯᠠᠭᠠᠨ ᠤ ᠬᠡᠮᠵᠢᠶ᠎ᠡ ᠶᠢ ᠡᠵᠡᠮᠳᠡᠬᠦ ᠲᠣᠭᠲᠠᠴᠠ ᠶᠢ ᠲᠦᠷᠭᠡᠳᠬᠡᠨ | ᠪᠠᠶᠢᠭᠤᠯᠬᠤ ᠶᠢᠨ ᠬᠠᠮᠲᠤ ᠴᠢᠩᠭ᠎ᠠ ᠬᠡᠷᠡᠭᠵᠢᠭᠦᠯᠦᠨ᠂ ᠬᠠᠤᠯᠢ ᠠᠴᠠ ᠵᠥᠷᠢᠴᠡᠨ ᠡᠨᠧᠷᠭᠢ ᠬᠡᠷᠡᠭᠯᠡᠭᠰᠡᠨ ᠦᠢᠯᠡ | ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠣᠯᠠᠨ ᠨᠡᠶᠢᠲᠡ ᠶᠢᠨ ᠪᠠᠶᠢᠭᠤᠯᠤᠮᠵᠢ ᠶᠢᠨ ᠠᠯᠪᠠᠨ ᠠᠵᠢᠯ | ᠪᠠ ᠮᠡᠷᠭᠡᠵᠢᠯ ᠤᠨ ᠲᠤᠬᠠᠶᠢᠯᠠᠭᠰᠠᠨ ᠠᠵᠢᠯ ᠳᠤ ᠬᠡᠷᠡᠭᠯᠡᠬᠦ ᠭᠡᠷ ᠪᠠᠶᠢᠰᠢᠩ᠂ ᠤᠯᠤᠰ ᠤᠨ ᠥᠮᠴᠢᠯᠡᠯᠲᠦ ᠠᠵᠤ | ᠠᠬᠤᠶᠢᠯᠠᠯ ᠤᠨ ᠠᠯᠪᠠᠨ ᠠᠵᠢᠯ ᠳᠤ ᠬᠡᠷᠡᠭᠯᠡᠬᠦ ᠭᠡᠷ ᠪᠠᠶᠢᠰᠢᠩ᠂ ᠵᠠᠮ ᠬᠠᠷᠢᠯᠴᠠᠭᠠᠨ ᠤ ᠲᠠᠯᠠᠪᠤᠷ ᠥᠷᠳᠡᠭᠡ ᠵᠡᠷᠭᠡ | ᠣᠯᠠᠨ ᠨᠡᠶᠢᠲᠡ ᠶᠢᠨ ᠪᠠᠷᠢᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠷᠢᠯᠭ᠎ᠠ ᠶᠢᠨ ᠥᠷᠥᠭᠡᠨ ᠤ ᠡᠪᠦᠯ ᠵᠤᠨ ᠤ | ᠳᠤᠯᠠᠭᠠᠨ ᠤ ᠬᠡᠮᠵᠢᠶ᠎ᠡ ᠶᠢ ᠡᠵᠡᠮᠳᠡᠬᠦ᠂ ᠡᠨᠧᠷᠭᠢ ᠬᠡᠷᠡᠭᠯᠡᠬᠦ ᠲᠥᠬᠦᠭᠡᠷᠦᠮᠵᠢ ᠪᠠ ᠰᠢᠰᠲ᠋ᠧᠮ ᠤᠨ ᠠᠵᠢᠯᠯᠠᠭᠠᠨ ᠤ ᠵᠡᠷᠭᠡ | ᠪᠠᠶᠢᠳᠠᠯ ᠤᠨ ᠪᠠᠶᠢᠴᠠᠭᠠᠯᠲᠠ ᠶᠢ ᠬᠠᠤᠯᠢ ᠶᠣᠰᠣᠭᠠᠷ ᠥᠷᠨᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ | ᠡᠨᠧᠷᠭᠢ ᠶᠢᠨ ᠬᠤᠷᠣᠭᠳᠠᠯ ᠢ ᠰᠦᠯᠵᠢᠶ᠎ᠡ ᠪᠠᠷ ᠬᠢᠨᠠᠨ ᠬᠡᠮᠵᠢᠬᠦ ᠰᠢᠰᠲ᠋ᠧᠮ ᠤᠨ ᠪᠠᠶᠢᠭᠤᠯᠤᠯᠲᠠ ᠶᠢᠨ ᠠᠵᠢᠯᠯᠠᠭᠠᠨ ᠢ | ᠲᠡᠭᠦᠯᠳᠡᠷᠵᠢᠭᠦᠯᠵᠦ᠂ ᠣᠯᠠᠨ ᠨᠡᠶᠢᠲᠡ ᠶᠢᠨ ᠪᠠᠷᠢᠯᠭ᠎ᠠ ᠶᠢᠨ ᠬᠢᠨᠠᠨ ᠬᠡᠮᠵᠢᠯᠲᠡ ᠶᠢᠨ ᠲᠤᠭ᠎ᠠ ᠬᠡᠮᠵᠢᠶ᠎ᠡ ᠶᠢ ᠲᠠᠰᠤᠷᠠᠯᠲᠠ | ᠦᠭᠡᠢ ᠨᠡᠮᠡᠭᠳᠡᠭᠦᠯᠦᠨ᠎ᠡ᠃ ᠣᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠶᠢᠨ ᠬᠤᠷᠣᠭᠳᠠᠯ ᠤᠨ ᠲᠣᠭᠲᠠᠭᠰᠠᠨ | ᠨᠣᠷᠮᠠᠲᠤ ᠲᠥᠰᠥᠪ ᠤᠨ ᠳᠦᠷᠢᠮ ᠢ ᠰᠦᠪᠡᠭᠴᠢᠯᠡᠨ᠂ ᠭᠡᠷᠡᠲᠦ ᠡᠨᠧᠷᠭᠢ᠂ ᠤᠰᠤ ᠠᠷᠪᠢᠯᠠᠬᠤ ᠭᠡᠷᠡᠲᠦ | ᠬᠠᠮᠢᠶᠠᠷᠤᠯᠲᠠ ᠶᠢ ᠳᠡᠯᠭᠡᠷᠡᠭᠦᠯᠦᠨ ᠬᠡᠷᠡᠭᠵᠢᠭᠦᠯᠵᠦ᠂ ᠡᠨᠧᠷᠭᠢ ᠠᠷᠪᠢᠯᠠᠬᠤ ᠳᠠᠯᠳᠠ ᠬᠦᠴᠦᠨ ᠢᠶᠠᠷ ᠶᠡᠭᠡ ᠣᠯᠠᠨ | ᠨᠡᠶᠢᠲᠡ ᠶᠢᠨ ᠪᠠᠶᠢᠭᠤᠯᠤᠮᠵᠢ ᠶᠢ ᠰᠣᠩᠭᠤᠨ ᠡᠨᠧᠷᠭᠢ ᠶᠢᠨ ᠵᠠᠷᠤᠳᠠᠯ ᠢ ᠨᠠᠶᠢᠳᠠᠨ ᠬᠠᠮᠢᠶᠠᠷᠤᠭᠤᠯᠬᠤ ᠦᠢᠯᠡᠴᠢᠯᠡᠭᠡ ᠶᠢ | ᠪᠣᠢ ᠪᠣᠯᠭᠠᠵᠤ᠂ ᠪᠣᠬᠢᠷᠲᠤᠯ ᠦᠭᠡᠢ ᠪᠠ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠣᠯᠠᠨ ᠨᠡᠶᠢᠲᠡ ᠶᠢᠨ | ᠪᠠᠶᠢᠭᠤᠯᠤᠮᠵᠢ ᠶᠢ ᠡᠭᠦᠳᠦᠨ ᠪᠠᠶᠢᠭᠤᠯᠬᠤ ᠵᠢᠴᠢ ᠤᠬᠠᠭᠤᠯᠤᠨ ᠰᠠᠨᠠᠭᠠᠴᠢᠯᠠᠬᠤ ᠠᠵᠢᠯ ᠢ ᠰᠠᠶᠢᠲᠤᠷ ᠥᠷᠨᠢᠭᠦᠯᠦᠨ᠎ᠡ᠃ | ᠣᠯᠠᠨ ᠨᠡᠶᠢᠲᠡ ᠶᠢᠨ ᠪᠠᠷᠢᠯᠭ᠎ᠠ ᠶᠢᠨ ᠠᠭᠠᠷ ᠲᠣᠬᠢᠷᠠᠭᠤᠯᠤᠭᠴᠢ᠂ ᠭᠡᠷᠡᠯᠲᠦᠭᠦᠯᠭᠡ᠂ ᠴᠠᠬᠢᠯᠭᠠᠨ ᠱᠠᠲᠤ ᠵᠡᠷᠭᠡ | ᠭᠤᠣᠯᠳᠠᠯᠭᠠᠲᠤ ᠡᠨᠧᠷᠭᠢ ᠬᠡᠷᠡᠭᠯᠡᠬᠦ ᠲᠥᠬᠦᠭᠡᠷᠦᠮᠵᠢ ᠶᠢ ᠲᠣᠬᠢᠷᠠᠭᠤᠯᠤᠨ ᠲᠤᠷᠰᠢᠵᠤ ᠠᠷᠠᠴᠢᠯᠠᠨ ᠬᠠᠮᠠᠭᠠᠯᠠᠬᠤ ᠠᠵᠢᠯ ᠢ | ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠦᠨ᠎ᠡ᠃ ᠲᠣᠮᠣ ᠬᠡᠯᠪᠡᠷᠢ ᠶᠢᠨ ᠣᠯᠠᠨ ᠨᠡᠶᠢᠲᠡ ᠶᠢᠨ ᠪᠠᠷᠢᠯᠭ᠎ᠠ ᠳᠤ | ᠥᠨᠳᠥᠷ ᠦᠷ᠎ᠡ ᠠᠰᠢᠭᠲᠤ ᠤᠶᠠᠨ ᠬᠠᠲᠠᠨ ᠴᠢᠨᠠᠷᠲᠠᠢ ᠣᠶᠤᠨᠴᠢ ᠲᠣᠬᠢᠷᠠᠭᠤᠯᠤᠨ ᠡᠵᠡᠮᠳᠡᠬᠦ ᠮᠡᠷᠭᠡᠵᠢᠯ ᠢ | ᠰᠦᠪᠡᠭᠴᠢᠯᠡᠵᠦ ᠳᠡᠯᠭᠡᠷᠡᠭᠦᠯᠦᠨ ᠬᠡᠷᠡᠭᠯᠡᠵᠦ᠂ ᠴᠠᠬᠢᠯᠭᠠᠨ ᠬᠡᠷᠡᠭᠯᠡᠬᠦ ᠳᠠᠭᠠᠭᠠᠴᠠ ᠶᠢ ᠵᠦᠢ ᠵᠣᠬᠢᠰᠲᠠᠢ ᠲᠣᠬᠢᠷᠠᠭᠤᠯᠤᠨ᠎ᠠ | ᠃ ︵ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠢᠩᠬᠢᠮ᠂ ᠰᠤᠷᠭᠠᠨ ᠬᠥᠮᠦᠵᠢᠯ ᠤᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠰᠣᠶᠣᠯ ᠪᠠ | ᠵᠢᠭᠤᠯᠴᠢᠯᠠᠯ ᠤᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠤᠯᠤᠰ ᠤᠨ ᠥᠮᠴᠢᠯᠡᠯᠲᠦ ᠡᠳ᠋ | ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠪᠡᠶ᠎ᠡ ᠶᠢᠨ ᠲᠠᠮᠢᠷ ᠤᠨ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠪᠠᠶᠢᠭᠤᠯᠭ᠎ᠠ ᠶᠢᠨ ᠶᠠᠪᠤᠳᠠᠯ ᠤᠨ | ᠬᠠᠮᠢᠶᠠᠷᠤᠯᠲᠠ ᠶᠢᠨ ᠲᠣᠪᠴᠢᠶ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠵᠡᠷᠭᠡ ᠡᠭᠦᠷᠭᠡ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠳᠥᠷᠪᠡ︶ ᠪᠠᠷᠢᠯᠭ᠎ᠠ ᠳᠤ ᠬᠡᠷᠡᠭᠯᠡᠬᠦ ᠡᠨᠧᠷᠭᠢ ᠶᠢᠨ ᠨᠡᠭᠦᠷᠡᠰᠦᠲᠥ᠋ᠷᠥᠭᠴᠢ ᠪᠠᠭᠠᠲᠠᠢ ᠲᠡᠶᠢᠰᠢ ᠬᠡᠯᠪᠡᠷᠢ ᠪᠠᠨ | ᠬᠤᠪᠢᠷᠠᠭᠤᠯᠬᠤ ᠶᠢ ᠠᠬᠢᠭᠤᠯᠤᠨ᠎ᠠ᠃ ᠡᠯ᠎ᠡ ᠠᠶᠢᠮᠠᠭ ᠬᠤᠲᠠ ᠨᠢ ᠪᠣᠳᠠᠲᠠᠢ ᠲᠠᠢ ᠪᠠᠨ ᠤᠶᠠᠯᠳᠤᠭᠤᠯᠤᠨ ᠳᠠᠬᠢᠨ | ᠡᠭᠦᠰᠴᠦ ᠪᠣᠯᠬᠤ ᠡᠨᠧᠷᠭᠢ ᠶᠢᠨ ᠪᠠᠷᠢᠯᠭ᠎ᠠ ᠳᠠᠬᠢ ᠬᠡᠷᠡᠭᠯᠡᠭᠡᠨ ᠢ ᠨᠢᠭᠡᠳᠦᠯᠲᠡᠢ ᠲᠥᠯᠥᠪᠵᠢᠭᠦᠯᠵᠦ᠂ ᠴᠠᠭ ᠤᠨ | ᠬᠦᠰᠦᠨᠦᠭᠲᠦ᠂ ᠠᠵᠢᠯ ᠤᠨ ᠱᠤᠭᠤᠮ ᠤᠨ ᠵᠢᠷᠤᠭ᠂ ᠪᠠᠷᠢᠯᠭ᠎ᠠ ᠶᠢᠨ ᠠᠵᠢᠯ ᠤᠨ ᠵᠢᠷᠤᠭ ᠢ ᠲᠣᠭᠲᠠᠭᠠᠨ᠂ ︽ | ᠪᠠᠷᠢᠯᠭ᠎ᠠ ᠶᠢᠨ ᠡᠨᠧᠷᠭᠢ ᠠᠷᠪᠢᠯᠠᠬᠤ ᠬᠢᠭᠡᠳ ᠳᠠᠬᠢᠨ ᠡᠭᠦᠰᠴᠦ ᠪᠣᠯᠬᠤ ᠡᠨᠧᠷᠭᠢ ᠶᠢ ᠠᠰᠢᠭᠯᠠᠬᠤ ᠨᠡᠶᠢᠳᠡᠮ | ᠬᠡᠷᠡᠭᠯᠡᠭᠡᠨ ᠤ ᠵᠢᠷᠤᠮᠵᠢᠯ︾ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠲᠤᠬᠠᠢ ᠶᠢᠨ ᠭᠠᠵᠠᠷ ᠣᠷᠣᠨ ᠤ ᠪᠠᠶᠢᠳᠠᠯ ᠳᠤ ᠨᠢ | ᠲᠣᠬᠢᠷᠠᠭᠤᠯᠤᠨ ᠴᠡᠪᠡᠷ ᠳᠤᠯᠠᠭᠠᠯᠠᠭ᠎ᠠ ᠬᠠᠩᠭᠠᠬᠤ ᠶᠢ ᠠᠬᠢᠭᠤᠯᠵᠤ᠂ ᠢᠯᠴᠢ ᠴᠠᠬᠢᠯᠭᠠᠨ ᠢ ᠵᠡᠷᠭᠡ ᠪᠠᠷ | ᠦᠢᠯᠡᠳᠪᠦᠷᠢᠯᠡᠬᠦ᠂ ᠠᠵᠤ ᠦᠢᠯᠡᠳᠪᠦᠷᠢ ᠶᠢᠨ ᠪᠦᠯᠢᠶᠡᠨ ᠢᠯᠴᠢ ᠶᠢ ᠲᠥᠪᠯᠡᠷᠡᠭᠦᠯᠦᠨ ᠢᠯᠴᠢ ᠬᠠᠩᠭᠠᠬᠤ ᠳᠤ | ᠬᠡᠷᠡᠭᠯᠡᠬᠦ ᠶᠢ ᠶᠡᠭᠡ ᠪᠠᠷ ᠬᠥᠭᠵᠢᠭᠦᠯᠦᠨ᠂ ᠪᠠᠷᠢᠯᠭ᠎ᠠ ᠶᠢᠨ ᠬᠦᠷᠢᠶ᠎ᠡ ᠴᠠᠷᠠᠭᠠᠨ ᠳᠠᠬᠢ ᠭᠠᠵᠠᠷ ᠤᠨ ᠢᠯᠴᠢ ᠶᠢᠨ ᠡᠨᠧᠷᠭᠢ | ᠂ ᠨᠡᠷᠡᠨ ᠤ ᠡᠨᠧᠷᠭᠢ ᠪᠠᠷ ᠢᠯᠴᠢ ᠬᠠᠩᠭᠠᠬᠤ ᠬᠡᠷᠡᠭᠯᠡᠭᠡᠨ ᠢ ᠳᠡᠮᠵᠢᠵᠦ᠂ ᠨᠥᠬᠦᠴᠡᠯ ᠲᠠᠢ ᠭᠠᠵᠠᠷ ᠣᠷᠣᠨ ᠨᠢ | ᠲᠠᠷᠢᠶᠠᠯᠠᠬᠤ ᠮᠠᠯᠵᠢᠬᠤ ᠣᠷᠣᠨ ᠢ ᠡᠮᠬᠢ ᠵᠢᠷᠤᠮ ᠲᠠᠢ ᠵᠢᠯᠣᠭᠤᠳᠴᠤ ᠪᠠᠶᠢᠭᠠᠳ ᠪᠢᠥᠮᠠᠰ ᠤᠨ ᠡᠨᠧᠷᠭᠢᠲᠦ ᠵᠤᠤᠬ᠎ᠠ ᠪᠠᠷ | ᠳᠤᠯᠠᠭᠠᠨ ᠬᠠᠩᠭᠠᠬᠤ ᠶᠢ ᠬᠥᠭᠵᠢᠭᠦᠯᠬᠦ ᠶᠢ ᠨᠢ ᠵᠣᠷᠢᠭᠵᠢᠭᠤᠯᠤᠨ᠎ᠠ᠃ ᠪᠠᠷᠢᠯᠭ᠎ᠠ ᠶᠢ ᠴᠠᠬᠢᠯᠭᠠᠨᠵᠢᠭᠤᠯᠬᠤ ᠬᠡᠮᠵᠢᠶ᠎ᠡ ᠶᠢ | ᠳᠡᠭᠡᠭᠰᠢᠯᠡᠭᠦᠯᠦᠨ᠂ ᠰᠢᠨ᠎ᠡ ᠪᠠᠷ ᠪᠠᠶᠢᠭᠤᠯᠬᠤ ᠣᠯᠠᠨ ᠨᠡᠶᠢᠲᠡ ᠶᠢᠨ ᠪᠠᠷᠢᠯᠭ᠎ᠠ ᠶᠢ ᠪᠦᠬᠦ ᠲᠠᠯ᠎ᠠ ᠪᠠᠷ | ᠴᠠᠬᠢᠯᠭᠠᠨᠵᠢᠭᠤᠯᠬᠤ ᠶᠢ ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ᠂ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ | ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ | ᠲᠣᠪᠴᠢᠶ᠎ᠠ ᠵᠡᠷᠭᠡ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠲᠠᠪᠤ︶ ᠪᠠᠷᠢᠯᠭ᠎ᠠ ᠶᠢᠨ ᠭᠡᠷᠡᠯᠴᠢ ᠴᠡᠨᠡᠭ ᠢ ᠳᠡᠯᠭᠡᠷᠡᠭᠦᠯᠦᠨ ᠬᠡᠷᠡᠭᠯᠡᠬᠦ ᠶᠢ ᠴᠢᠩᠭᠠᠳᠬᠠᠨ᠎ᠠ᠃ ᠥᠪᠡᠷᠲᠡᠭᠡᠨ | ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠡᠯ᠎ᠡ ᠠᠶᠢᠮᠠᠭ ᠬᠤᠲᠠ ᠨᠢ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠭᠡᠷᠡᠯᠴᠢ ᠴᠡᠨᠡᠭ ᠢ ᠳᠡᠯᠭᠡᠷᠡᠭᠦᠯᠦᠨ ᠬᠡᠷᠡᠭᠯᠡᠬᠦ | ᠬᠡᠷᠡᠭᠵᠢᠭᠦᠯᠬᠦ ᠲᠥᠰᠥᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠤᠬᠠᠢ ᠶᠢᠨ ᠭᠠᠵᠠᠷ ᠣᠷᠣᠨ ᠤ | ᠪᠠᠶᠢᠳᠠᠯ ᠳᠤ ᠨᠢ ᠲᠣᠬᠢᠷᠠᠭᠤᠯᠤᠨ ᠪᠠᠷᠢᠯᠭ᠎ᠠ ᠶᠢᠨ ᠭᠡᠷᠡᠯᠴᠢ ᠴᠡᠨᠡᠭ ᠤᠨ ᠬᠥᠭᠵᠢᠯᠲᠡ ᠳᠤ ᠠᠰᠢᠭᠲᠠᠢ ᠲᠣᠭᠲᠠᠴᠠ ᠪᠠ | ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠡᠶᠢᠲᠡᠯᠡᠵᠦ᠂ ᠬᠦᠴᠦᠨ ᠵᠦᠢᠯ ᠤᠨ ᠲᠤᠯᠭᠠᠭᠤᠷᠢᠯᠠᠯ ᠢ | ᠴᠢᠩᠭᠠᠷᠠᠭᠤᠯᠤᠨ᠂ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠭᠡᠷᠡᠯᠴᠢ ᠴᠡᠨᠡᠭ ᠤᠨ ᠴᠢᠨᠠᠷ ᠰᠠᠶᠢᠲᠠᠢ | ᠬᠥᠭᠵᠢᠯᠲᠡ ᠶᠢ ᠬᠠᠮᠵᠢᠯᠴᠠᠨ ᠠᠬᠢᠭᠤᠯᠤᠨ᠎ᠠ᠃ ᠪᠠᠷᠢᠯᠭ᠎ᠠ ᠪᠠ ᠭᠡᠷᠡᠯᠴᠢ ᠴᠡᠨᠡᠭ ᠢ ᠨᠢᠭᠡ ᠴᠣᠭᠴᠠᠵᠢᠭᠤᠯᠤᠨ ᠪᠦᠲᠦᠭᠡᠨ | ᠪᠠᠶᠢᠭᠤᠯᠬᠤ ᠣᠷᠣᠨ ᠨᠤᠲᠤᠭ ᠤᠨ ᠪᠠᠷᠢᠮᠵᠢᠶ᠎ᠠ ᠪᠠ ᠵᠢᠷᠤᠭ ᠤᠨ ᠲᠣᠪᠬᠢᠮᠠᠯ ᠢ ᠲᠣᠭᠲᠠᠭᠠᠨ ᠲᠡᠭᠦᠯᠳᠡᠷᠵᠢᠭᠦᠯᠵᠦ᠂ | ᠠᠵᠤ ᠦᠢᠯᠡᠳᠪᠦᠷᠢ ᠶᠢᠨ ᠭᠡᠷ ᠪᠠᠶᠢᠰᠢᠩ᠂ ᠣᠯᠠᠨ ᠨᠡᠶᠢᠲᠡ ᠶᠢᠨ ᠪᠠᠷᠢᠯᠭ᠎ᠠ᠂ ᠣᠷᠣᠨ ᠰᠠᠭᠤᠴᠠ ᠶᠢᠨ ᠪᠠᠷᠢᠯᠭ᠎ᠠ | ᠵᠡᠷᠭᠡ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠶᠢ ᠭᠡᠷᠡᠯᠴᠢ ᠴᠡᠨᠡᠭ ᠲᠠᠢ ᠨᠢᠭᠡ ᠴᠣᠭᠴᠠᠵᠢᠭᠤᠯᠤᠨ ᠪᠦᠲᠦᠭᠡᠨ | ᠪᠠᠶᠢᠭᠤᠯᠬᠤ ᠠᠵᠢᠯ ᠢ ᠤᠯᠤᠰ ᠤᠨ ᠲᠤᠷᠰᠢᠯᠲᠠ ᠶᠢᠨ ᠴᠡᠭ ᠢᠶᠠᠷ ᠭᠤᠶᠤᠴᠢᠯᠠᠨ ᠮᠡᠳᠡᠭᠦᠯᠬᠦ ᠶᠢ ᠵᠣᠷᠢᠭᠵᠢᠭᠤᠯᠤᠨ᠎ᠠ᠃ | ᠪᠠᠷᠢᠯᠭ᠎ᠠ ᠶᠢᠨ ᠭᠡᠷᠡᠯᠴᠢ ᠴᠡᠨᠡᠭ ᠤᠨ ᠬᠠᠮᠢᠶᠠᠷᠤᠯᠲᠠ ᠶᠢ ᠴᠢᠩᠭᠠᠳᠬᠠᠵᠤ᠂ ᠭᠡᠷᠡᠯᠴᠢ ᠴᠡᠨᠡᠭ ᠢᠶᠠᠷ ᠭᠠᠷᠭᠠᠬᠤ | ᠴᠠᠬᠢᠯᠭᠠᠨ ᠢ ᠪᠠᠭᠲᠠᠭᠠᠨ ᠰᠢᠩᠭᠡᠭᠡᠬᠦ ᠪᠠᠨ ᠰᠠᠶᠢᠲᠤᠷ ᠬᠢᠵᠦ᠂ ᠠᠵᠢᠯᠯᠠᠭᠤᠯᠵᠤ ᠬᠠᠮᠠᠭᠠᠯᠠᠬᠤ ᠬᠠᠮᠢᠶᠠᠷᠤᠯᠲᠠ ᠶᠢ | ᠴᠢᠩᠭᠠᠷᠠᠭᠤᠯᠤᠨ᠂ ᠬᠥᠭᠵᠢᠯᠲᠡ ᠶᠢᠨ ᠵᠠᠭᠪᠤᠷ ᠲᠤ ᠰᠢᠨ᠎ᠡ ᠶᠢ ᠡᠭᠦᠳᠴᠦ᠂ ᠪᠠᠷᠢᠯᠭ᠎ᠠ ᠶᠢᠨ ᠭᠡᠷᠡᠯᠴᠢ ᠴᠡᠨᠡᠭ ᠤᠨ | ᠲᠠᠯ᠎ᠠ ᠪᠠᠷ ᠬᠢ ᠨᠡᠶᠢᠲᠡᠯᠢᠭ ᠠᠵᠢᠯ ᠤᠨ ᠲᠤᠷᠰᠢᠯᠭ᠎ᠠ ᠶᠢ ᠴᠠᠭ ᠲᠤᠬᠠᠢ ᠳᠤ ᠨᠢ ᠤᠬᠠᠭᠤᠯᠤᠨ ᠳᠡᠯᠭᠡᠷᠡᠭᠦᠯᠦᠨ᠎ᠡ᠃ ︵ | ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ | ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠪᠠᠶᠢᠭᠤᠯᠭ᠎ᠠ ᠶᠢᠨ | ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠵᠡᠷᠭᠡ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | ︵ᠵᠢᠷᠭᠤᠭ᠎ᠠ︶ ᠢᠯᠴᠢ ᠶᠢᠨ ᠬᠠᠩᠭᠠᠯᠭ᠎ᠠ ᠶᠢᠨ ᠬᠡᠮᠵᠢᠯᠲᠡ ᠪᠠ ᠢᠯᠴᠢ ᠬᠠᠩᠭᠠᠭᠰᠠᠨ ᠬᠡᠮᠵᠢᠶ᠎ᠡ ᠪᠠᠷ ᠰᠦᠢᠳᠬᠡᠯ | ᠬᠤᠷᠢᠶᠠᠬᠤ ᠶᠢ ᠠᠬᠢᠭᠤᠯᠤᠨ᠎ᠠ᠃ ᠬᠥᠬᠡᠬᠤᠲᠠ᠂ ᠪᠤᠭᠤᠲᠤ ᠬᠤᠲᠠ᠂ ᠤᠯᠠᠭᠠᠨᠬᠠᠳᠠ ᠬᠤᠲᠠ᠂ ᠣᠷᠳᠣᠰ ᠬᠤᠲᠠ᠂ | ᠦᠬᠠᠢ ᠬᠤᠲᠠ ᠳᠤ ᠤᠷᠢᠳ ᠢᠶᠠᠷ ᠲᠤᠷᠰᠢᠨ ᠬᠡᠷᠡᠭᠵᠢᠭᠦᠯᠵᠦ᠂ ᠣᠷᠣᠨ ᠪᠦᠰᠡ ᠬᠤᠪᠢᠶᠠᠨ ᠥᠪᠡᠷᠲᠡᠭᠡᠨ ᠵᠠᠰᠠᠬᠤ | ᠣᠷᠣᠨ ᠤ ᠢᠯᠴᠢ ᠶᠢᠨ ᠬᠠᠩᠭᠠᠯᠭ᠎ᠠ ᠶᠢᠨ ᠬᠡᠮᠵᠢᠯᠲᠡ ᠪᠠᠷ ᠰᠦᠢᠳᠬᠡᠯ ᠬᠤᠷᠢᠶᠠᠬᠤ ᠥᠭᠡᠷᠡᠴᠢᠯᠡᠯᠲᠡ ᠶᠢ ᠵᠢᠱᠢᠶ᠎ᠡ | ᠦᠵᠡᠭᠦᠯᠦᠨ ᠠᠬᠢᠭᠤᠯᠵᠤ᠂ ᠢᠯᠴᠢ ᠶᠢᠨ ᠬᠠᠩᠭᠠᠯᠭ᠎ᠠ ᠶᠢᠨ ᠣᠶᠤᠨᠴᠢᠯᠠᠯᠲᠠ ᠶᠢ ᠪᠡᠶᠡᠯᠡᠭᠦᠯᠦᠨ᠎ᠡ᠃ ᠡᠯ᠎ᠡ ᠠᠶᠢᠮᠠᠭ | ᠬᠤᠲᠠ ᠨᠢ ᠪᠣᠳᠠᠲᠠᠢ ᠲᠠᠢ ᠪᠠᠨ ᠤᠶᠠᠯᠳᠤᠭᠤᠯᠤᠨ ᠢᠯᠴᠢ ᠶᠢᠨ ᠬᠠᠩᠭᠠᠯᠭ᠎ᠠ ᠶᠢ ᠡᠷᠦᠬᠡ ᠡᠷᠦᠬᠡ ᠪᠠᠷ ᠬᠡᠮᠵᠢᠬᠦ | ᠥᠭᠡᠷᠡᠴᠢᠯᠡᠯᠲᠡ ᠶᠢᠨ ᠲᠥᠰᠥᠯ ᠢ ᠲᠣᠭᠲᠠᠭᠠᠵᠤ᠂ ᠬᠡᠮᠵᠢᠶᠡᠯᠡᠬᠦ ᠬᠠᠷᠠᠯᠲᠠ ᠡᠭᠦᠷᠭᠡ ᠪᠠ ᠥᠭᠡᠷᠡᠴᠢᠯᠡᠬᠦ ᠬᠤᠭᠤᠴᠠᠭ᠎ᠠ | ᠬᠢᠵᠠᠭᠠᠷ ᠢ ᠲᠣᠳᠣᠷᠬᠠᠢ ᠪᠣᠯᠭᠠᠨ᠂ ᠨᠥᠬᠦᠴᠡᠯ ᠪᠦᠷᠢᠳᠦᠭᠦᠯᠦᠭᠰᠡᠨ ᠣᠷᠣᠨ ᠰᠠᠭᠤᠴᠠ ᠶᠢᠨ ᠪᠠᠷᠢᠯᠭ᠎ᠠ ᠪᠠ ᠣᠯᠠᠨ | ᠨᠡᠶᠢᠲᠡ ᠶᠢᠨ ᠪᠠᠷᠢᠯᠭ᠎ᠠ ᠠᠴᠠ ᠢᠯᠴᠢ ᠶᠢᠨ ᠬᠡᠷᠡᠭᠯᠡᠴᠡ ᠶᠢ ᠬᠡᠮᠵᠢᠵᠦ ᠰᠦᠢᠳᠬᠡᠯ ᠬᠤᠷᠢᠶᠠᠬᠤ ᠶᠢ ᠠᠯᠬᠤᠮ | ᠠᠯᠬᠤᠮ ᠢᠶᠠᠷ ᠠᠬᠢᠭᠤᠯᠵᠤ᠂ ᠡᠷᠦᠬᠡ ᠶᠢᠨ ᠳᠣᠲᠣᠭᠠᠳᠤ ᠳᠤ ᠢᠯᠴᠢ ᠶᠢᠨ ᠬᠠᠩᠭᠠᠯᠭ᠎ᠠ ᠶᠢᠨ ᠬᠡᠮᠵᠢᠯᠲᠡ ᠶᠢ | ᠥᠭᠡᠷᠡᠴᠢᠯᠡᠨ ᠰᠢᠨᠡᠳᠬᠡᠬᠦ ᠥᠷᠲᠡᠭ ᠪᠠ ᠨᠥᠬᠦᠴᠡᠯ ᠢ ᠡᠰᠡ ᠪᠦᠷᠢᠳᠦᠭᠦᠯᠦᠭᠰᠡᠨ ᠨᠢᠭᠡᠨᠲᠡ ᠪᠠᠶᠢᠭ᠎ᠠ ᠣᠷᠣᠨ | ᠰᠠᠭᠤᠴᠠ ᠶᠢᠨ ᠪᠠᠷᠢᠯᠭ᠎ᠠ ᠳᠤ ᠠᠰᠠᠷ ᠤᠨ ᠣᠷᠤᠴᠠ ᠣᠷᠤᠴᠠ ᠪᠠᠷ ᠬᠡᠮᠵᠢᠬᠦ ᠠᠷᠭ᠎ᠠ ᠶᠢ ᠬᠡᠷᠡᠭᠵᠢᠭᠦᠯᠵᠦ ᠪᠣᠯᠣᠨ᠎ᠠ᠃ | ᠰᠢᠨ᠎ᠡ ᠪᠠᠷ ᠪᠠᠷᠢᠵᠤ ᠳᠠᠭᠤᠰᠬᠠᠭᠰᠠᠨ ᠪᠠᠷᠢᠯᠭ᠎ᠠ ᠶᠢ ᠢᠯᠴᠢ ᠶᠢᠨ ᠬᠠᠩᠭᠠᠯᠭ᠎ᠠ ᠶᠢᠨ ᠬᠡᠮᠵᠢᠯᠲᠡ ᠶᠢᠨ ᠱᠠᠭᠠᠷᠳᠠᠯᠭ᠎ᠠ ᠳᠤ | ᠬᠦᠷᠭᠡᠬᠦ ᠬᠡᠷᠡᠭᠲᠡᠢ᠃ ᠢᠯᠴᠢ ᠶᠢᠨ ᠬᠠᠩᠭᠠᠯᠭ᠎ᠠ ᠶᠢᠨ ᠬᠡᠮᠵᠢᠯᠲᠡ ᠶᠢᠨ ᠰᠢᠨᠵᠢᠯᠡᠬᠦ ᠤᠬᠠᠭᠠᠨᠴᠢ ᠵᠦᠢ ᠵᠣᠬᠢᠰᠲᠠᠢ | ᠰᠦᠢᠳᠬᠡᠯ ᠬᠤᠷᠢᠶᠠᠬᠤ ᠲᠣᠭᠲᠠᠴᠠ ᠶᠢ ᠪᠠᠶᠢᠭᠤᠯᠵᠤ᠂ ᠦᠨᠳᠦᠰᠦᠨ ᠢᠯᠴᠢ ᠶᠢᠨ ᠦᠨ᠎ᠡ ᠪᠠ ᠬᠡᠮᠵᠢᠯᠲᠡ ᠶᠢᠨ | ᠢᠯᠴᠢ ᠶᠢᠨ ᠦᠨ᠎ᠡ ᠶᠢ ᠬᠠᠷᠢᠯᠴᠠᠨ ᠤᠶᠠᠯᠳᠤᠭᠤᠯᠤᠭᠰᠠᠨ ᠬᠤᠶᠠᠷ ᠢᠵᠢ ᠢᠯᠴᠢ ᠶᠢᠨ ᠦᠨ᠎ᠡ ᠶᠢ ᠲᠦᠷᠭᠡᠳᠬᠡᠨ | ᠬᠡᠷᠡᠭᠵᠢᠭᠦᠯᠦᠨ᠎ᠡ᠃ ᠮᠡᠳᠡᠭᠡ ᠵᠠᠩᠭᠢᠴᠢᠯᠠᠯᠲᠠ ᠶᠢᠨ ᠮᠡᠷᠭᠡᠵᠢᠯ ᠢ ᠭᠦᠢᠴᠡᠳ ᠠᠰᠢᠭᠯᠠᠨ᠂ ᠬᠤᠲᠠ ᠶᠢᠨ ᠢᠯᠴᠢ ᠶᠢᠨ | ᠬᠠᠩᠭᠠᠯᠭ᠎ᠠ ᠶᠢᠨ ᠬᠠᠮᠢᠶᠠᠷᠤᠯᠲᠠ ᠶᠢᠨ ᠣᠶᠤᠨᠴᠢᠯᠠᠯᠲᠠ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠵᠦ᠂ ᠢᠯᠴᠢ | ᠬᠠᠩᠭᠠᠬᠤ ᠠᠵᠤ ᠠᠬᠤᠶᠢᠯᠠᠯ ᠤᠨ ᠬᠠᠮᠢᠶᠠᠷᠤᠯᠲᠠ ᠶᠢᠨ ᠲᠣᠭᠠᠵᠢᠭᠤᠯᠤᠯᠲᠠ᠂ ᠣᠶᠤᠨᠴᠢᠯᠠᠯᠲᠠ ᠲᠡᠶᠢᠰᠢ ᠬᠡᠯᠪᠡᠷᠢ ᠪᠠᠨ | ᠬᠤᠪᠢᠷᠠᠭᠤᠯᠵᠤ ᠲᠠᠰ ᠳᠡᠪᠰᠢᠭᠦᠯᠬᠦ ᠶᠢ ᠨᠢ ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ | ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠭᠦᠷᠭᠡ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠳᠣᠯᠤᠭ᠎ᠠ︶ ᠬᠥᠳᠡᠭᠡ ᠲᠣᠰᠬᠤᠨ ᠤ ᠭᠡᠷ ᠪᠠᠶᠢᠰᠢᠩ ᠤᠨ ᠪᠣᠬᠢᠷᠲᠤᠯ ᠦᠭᠡᠢ ᠪᠠ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠲᠦᠪᠰᠢᠨ ᠢ ᠳᠡᠭᠡᠭᠰᠢᠯᠡᠭᠦᠯᠦᠨ᠎ᠡ᠃ ᠲᠠᠷᠢᠶᠠᠴᠢᠨ ᠮᠠᠯᠴᠢᠨ ᠰᠠᠶᠢᠨ ᠳᠤᠷ᠎ᠠ ᠶᠢᠨ ᠪᠠᠶᠢᠬᠤ᠂ | ᠲᠤᠬᠠᠢ ᠶᠢᠨ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠬᠤ᠂ ᠨᠢᠭᠡ ᠡᠷᠦᠬᠡ ᠳᠤ ᠨᠢᠭᠡ ᠠᠷᠭ᠎ᠠ ᠪᠣᠳᠣᠯᠭ᠎ᠠ | ᠬᠡᠷᠡᠭᠵᠢᠭᠦᠯᠬᠦ ᠵᠠᠷᠴᠢᠮ ᠢ ᠪᠠᠷᠢᠮᠲᠠᠯᠠᠵᠤ᠂ ᠪᠣᠬᠢᠷᠲᠤᠯ ᠦᠭᠡᠢ ᠪᠠ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ | ᠬᠥᠳᠡᠭᠡ ᠲᠣᠰᠬᠤᠨ ᠤ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠬᠤ ᠮᠠᠯᠵᠢᠬᠤ ᠣᠷᠣᠨ ᠤ ᠣᠷᠣᠨ ᠰᠠᠭᠤᠴᠠ ᠶᠢᠨ | ᠪᠠᠷᠢᠯᠭ᠎ᠠ ᠶᠢᠨ ᠡᠨᠧᠷᠭᠢ ᠠᠷᠪᠢᠯᠠᠬᠤ ᠵᠢᠷᠤᠭ ᠲᠥᠯᠥᠪᠯᠡᠭᠡ ᠶᠢᠨ ᠪᠠᠷᠢᠮᠵᠢᠶ᠎ᠠ︾᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠬᠤ ᠮᠠᠯᠵᠢᠬᠤ ᠣᠷᠣᠨ ᠤ ᠰᠢᠨ᠎ᠡ ᠬᠡᠯᠪᠡᠷᠢ ᠶᠢᠨ ᠣᠷᠣᠨ ᠰᠠᠭᠤᠴᠠ ᠶᠢᠨ | ᠬᠦᠷᠢᠶ᠎ᠡ ᠬᠠᠰᠢᠶᠠᠨ ᠤ ᠵᠢᠷᠤᠭ ᠲᠥᠯᠥᠪᠯᠡᠭᠡ ᠶᠢᠨ ᠵᠢᠷᠤᠭ ᠤᠨ ᠲᠣᠪᠬᠢᠮᠠᠯ︾ ᠤᠨ ᠬᠡᠷᠡᠭᠯᠡᠭᠡᠨ ᠢ ᠵᠣᠷᠢᠭᠵᠢᠭᠤᠯᠵᠤ᠂ | ᠬᠥᠳᠡᠭᠡ ᠲᠣᠰᠬᠤᠨ ᠤ ᠭᠡᠷ ᠪᠠᠶᠢᠰᠢᠩ ᠤᠨ ᠡᠨᠧᠷᠭᠢ ᠠᠷᠪᠢᠯᠠᠬᠤ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠂ ᠬᠥᠳᠡᠭᠡ | ᠲᠣᠰᠬᠤᠨ ᠤ ᠭᠡᠷ ᠪᠠᠶᠢᠰᠢᠩ ᠤᠨ ᠠᠶᠠᠨᠳᠠᠭᠠᠨ ᠰᠠᠯᠬᠢ ᠨᠡᠪᠲᠡᠷᠡᠬᠦ᠂ ᠭᠡᠷᠡᠯ ᠠᠪᠤᠯᠭ᠎ᠠ ᠪᠠ ᠳᠤᠯᠠᠭᠠᠨ ᠢ ᠬᠠᠮᠠᠭᠠᠯᠠᠬᠤ | ᠴᠢᠳᠠᠮᠵᠢ ᠶᠢ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠭᠡᠷ ᠪᠠᠶᠢᠰᠢᠩ ᠤᠨ ᠡᠨᠧᠷᠭᠢ ᠶᠢᠨ ᠬᠤᠷᠣᠭᠳᠠᠯ ᠢ | ᠪᠠᠭᠠᠰᠬᠠᠬᠤ ᠶᠢᠨ ᠬᠠᠮᠲᠤ ᠲᠠᠭᠠᠯᠠᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠨᠢᠭᠡᠨᠲᠡ ᠪᠠᠶᠢᠭ᠎ᠠ ᠬᠥᠳᠡᠭᠡ | ᠲᠣᠰᠬᠤᠨ ᠤ ᠭᠡᠷ ᠪᠠᠶᠢᠰᠢᠩ ᠤᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠡᠮᠬᠢ ᠵᠢᠷᠤᠮ ᠲᠠᠢ ᠥᠷᠨᠢᠭᠦᠯᠵᠦ᠂ ᠭᠡᠷ | ᠪᠠᠶᠢᠰᠢᠩ ᠤᠨ ᠬᠡᠷᠡᠮ ᠬᠠᠨ᠎ᠠ᠂ ᠡᠭᠦᠳᠡ ᠴᠣᠩᠬᠤ᠂ ᠭᠡᠷ ᠤᠨ ᠳᠡᠭᠡᠪᠦᠷ᠂ ᠱᠠᠯᠠ ᠵᠡᠷᠭᠡ ᠳᠤ ᠲᠣᠪᠶᠤᠭ ᠮᠠᠶ᠋ᠢᠭ ᠤᠨ | ᠪᠢᠴᠢᠯ ᠥᠭᠡᠷᠡᠴᠢᠯᠡᠯᠲᠡ ᠬᠢᠬᠦ ᠶᠢ ᠵᠣᠷᠢᠭᠵᠢᠭᠤᠯᠤᠨ᠎ᠠ᠃ ᠪᠣᠬᠢᠷᠳᠤᠯ ᠦᠭᠡᠢ ᠪᠠᠷᠢᠯᠭ᠎ᠠ ᠶᠢᠨ ᠮᠠᠲ᠋ᠧᠷᠢᠶᠡᠯ ᠢ ᠬᠥᠳᠡᠭᠡ | ᠪᠠᠭᠤᠯᠭᠠᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠥᠨᠳᠥᠷ ᠦᠷ᠎ᠡ ᠪᠦᠳᠦᠮᠵᠢᠳᠡᠢ ᠭᠡᠷᠡᠯᠲᠦᠭᠦᠯᠭᠡ᠂ | ᠵᠤᠤᠬᠠᠨ ᠤ ᠬᠡᠷᠡᠭᠰᠡᠯ᠂ ᠡᠨᠧᠷᠬᠢ ᠠᠷᠪᠢᠯᠠᠬᠤ ᠪᠠᠭᠠᠵᠢ ᠬᠡᠷᠡᠭᠰᠡᠯ ᠵᠡᠷᠭᠡ ᠪᠡᠯᠡᠳᠬᠡᠮᠵᠢ ᠲᠥᠬᠦᠭᠡᠷᠦᠮᠵᠢ ᠶᠢ | ᠳᠡᠯᠭᠡᠷᠡᠭᠦᠯᠦᠨ ᠬᠡᠷᠡᠭᠯᠡᠨ᠎ᠡ᠃ ᠲᠠᠷᠢᠶᠠᠯᠠᠬᠤ ᠮᠠᠯᠵᠢᠬᠤ ᠣᠷᠣᠨ ᠤ ᠴᠡᠪᠡᠷ ᠳᠤᠯᠠᠭᠠᠯᠠᠭ᠎ᠠ ᠶᠢ ᠠᠬᠢᠭᠤᠯᠵᠤ᠂ ᠴᠠᠬᠢᠯᠭᠠᠨ | ᠬᠦᠴᠦᠨ᠂ ᠪᠠᠶᠢᠭᠠᠯᠢ ᠶᠢᠨ ᠰᠢᠲᠠᠮᠠᠬᠠᠢ ᠬᠡᠢ ᠪᠠ ᠨᠡᠷᠡᠨ ᠤ ᠡᠨᠧᠷᠭᠢ᠂ ᠭᠠᠵᠠᠷ ᠤᠨ ᠢᠯᠴᠢ ᠶᠢᠨ ᠡᠨᠧᠷᠭᠢ᠂ ᠠᠭᠠᠷ ᠤᠨ | ᠢᠯᠴᠢ ᠶᠢᠨ ᠡᠨᠧᠷᠭᠢ᠂ ᠪᠢᠥᠮᠠᠰ ᠤᠨ ᠡᠨᠧᠷᠭᠢ ᠵᠡᠷᠭᠡ ᠳᠠᠬᠢᠨ ᠡᠭᠦᠰᠴᠦ ᠪᠣᠯᠬᠤ ᠡᠨᠧᠷᠭᠢ ᠶᠢ ᠲᠤᠬᠠᠢ ᠶᠢᠨ ᠭᠠᠵᠠᠷ | ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠬᠡᠷᠡᠭᠯᠡᠬᠦ ᠶᠢ ᠵᠣᠷᠢᠭᠵᠢᠭᠤᠯᠵᠤ᠂ ᠲᠠᠷᠢᠶᠠᠯᠠᠬᠤ ᠮᠠᠯᠵᠢᠬᠤ ᠡᠷᠦᠬᠡ ᠶᠢᠨ | ᠭᠡᠷᠡᠯᠴᠢ ᠴᠡᠨᠡᠭ ᠢᠶᠠᠷ ᠴᠠᠬᠢᠯᠭᠠᠨ ᠭᠠᠷᠭᠠᠬᠤ ᠰᠢᠰᠲ᠋ᠧᠮ ᠨᠡᠮᠡᠵᠦ ᠤᠭᠰᠠᠷᠠᠬᠤ᠂ ᠨᠡᠭᠦᠷᠡᠰᠦ ᠰᠢᠲᠠᠭᠠᠵᠤ ᠬᠡᠷᠡᠭᠯᠡᠬᠦ ᠶᠢ | ᠪᠠᠭᠠᠰᠬᠠᠬᠤ ᠶᠢ ᠨᠢ ᠵᠣᠷᠢᠭᠵᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ᠂ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠲᠠ ᠶᠢᠨ ᠲᠢᠩᠬᠢᠮ᠂ ᠠᠮᠢ ᠠᠬᠤᠢ ᠣᠷᠴᠢᠨ ᠲᠣᠭᠤᠷᠢᠨ ᠤ ᠲᠢᠩᠬᠢᠮ᠂ ᠲᠠᠷᠢᠶᠠᠯᠠᠩ ᠮᠠᠯ ᠠᠵᠤ ᠠᠬᠤᠢ | ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ | ᠶᠣᠰᠣᠭᠠᠷ ᠬᠠᠷᠢᠭᠤᠴᠠᠨ᠎ᠠ︶ | ︵ᠨᠠᠢᠮᠠ︶ ᠪᠣᠬᠢᠷᠲᠤᠯ ᠦᠭᠡᠢ ᠪᠠ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠪᠠᠶᠢᠭᠤᠯᠤᠯᠲᠠ ᠶᠢ | ᠠᠬᠢᠭᠤᠯᠤᠨ᠎ᠠ᠃ ᠤᠭᠰᠠᠷᠠᠮᠠᠯ ᠮᠠᠶ᠋ᠢᠭ ᠤᠨ ᠪᠠᠷᠢᠯᠭ᠎ᠠ ᠶᠢ ᠲᠦᠷᠭᠡᠳᠬᠡᠨ ᠬᠥᠭᠵᠢᠭᠦᠯᠵᠦ᠂ ᠤᠷᠢᠳᠴᠢᠯᠠᠨ | ᠦᠢᠯᠡᠳᠦᠭᠰᠡᠨ ᠲᠣᠨᠣᠭᠯᠠᠭᠠᠰᠤ ᠪᠠ ᠤᠭᠰᠠᠷᠠᠭ᠎ᠠ ᠦᠢᠯᠡᠳᠬᠦᠨ ᠤᠭᠰᠠᠷᠠᠭ᠎ᠠ ᠲᠣᠨᠤᠭ ᠤᠨ ᠨᠡᠶᠢᠳᠡᠮ ᠬᠡᠷᠡᠭᠯᠡᠭᠡᠨ ᠤ | ᠴᠢᠨᠠᠷ ᠢ ᠳᠡᠭᠡᠭᠰᠢᠯᠡᠭᠦᠯᠦᠨ᠂ ᠪᠠᠷᠢᠮᠵᠢᠶᠠᠵᠢᠭᠤᠯᠤᠭᠰᠠᠨ᠂ ᠴᠥᠭᠡᠨ ᠬᠡᠪ ᠪᠠᠷᠢᠮᠵᠢᠶᠠᠨ ᠤ᠂ ᠣᠯᠡᠨ ᠨᠡᠶᠢᠯᠡᠮᠡᠯ ᠵᠢᠷᠤᠭ | ᠲᠥᠯᠥᠪᠯᠡᠭᠡ ᠶᠢ ᠳᠡᠯᠭᠡᠷᠡᠭᠦᠯᠵᠦ᠂ 2025 ᠣᠨ ᠪᠣᠯᠬᠤ ᠳᠤ᠂ ᠪᠦᠬᠦ ᠣᠷᠣᠨ ᠤ ᠰᠢᠨ᠎ᠡ ᠪᠠᠷ ᠪᠠᠶᠢᠭᠤᠯᠤᠭᠰᠠᠨ | ᠪᠠᠷᠢᠯᠭ᠎ᠠ ᠶᠢᠨ ᠳᠡᠯᠡᠪᠡᠢ ᠳᠠᠬᠢ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠬᠠᠷᠢᠴᠠᠯ ᠢ 30% ᠣᠷᠴᠢᠮ ᠳᠤ | ᠬᠦᠷᠦᠭᠦᠯᠬᠦ ᠪᠠᠷ ᠬᠦᠴᠦᠯᠡᠨ ᠴᠢᠷᠮᠠᠶᠢᠨ᠎ᠠ᠂ ᠡᠭᠦᠨ ᠳᠤ ᠬᠦᠬᠡᠬᠤᠳᠡ᠂ ᠪᠤᠭᠤᠲᠤ ᠬᠤᠳᠡ ᠶᠢᠨ ᠭᠤᠣᠯ ᠬᠤᠳᠡ | ᠲᠣᠭᠤᠷᠢᠭ ᠤᠨ ᠬᠢ ᠶᠢ 40% ᠣᠷᠴᠢᠮ ᠳᠤ ᠬᠦᠷᠦᠭᠦᠯᠦᠨ᠎ᠡ᠃ ᠪᠠᠷᠢᠯᠭ᠎ᠠ ᠶᠢᠨ ᠠᠵᠢᠯ ᠤᠨ ᠠᠮᠤᠷ ᠲᠦᠪᠰᠢᠨ ᠤ | ᠬᠠᠮᠢᠶᠠᠷᠤᠯᠲᠠ ᠶᠢ ᠴᠢᠩᠳᠠᠯᠠᠵᠤ᠂ ᠪᠠᠷᠢᠯᠭ᠎ᠠ ᠶᠢᠨ ᠠᠵᠢᠯ ᠤᠨ ᠶᠠᠰᠤ ᠴᠢᠨᠠᠷ ᠤᠨ ᠠᠮᠤᠷ ᠲᠦᠪᠰᠢᠨ ᠢ ᠦᠨᠡᠨ ᠬᠦ | ᠪᠠᠲᠤᠯᠠᠨ᠎ᠠ᠃ ᠤᠭᠰᠠᠷᠠᠭᠰᠠᠨ ᠵᠠᠰᠠᠯ ᠴᠢᠮᠡᠭᠯᠡᠯ ᠢ ᠢᠳᠡᠪᠬᠢᠲᠡᠢ ᠳᠡᠯᠭᠡᠷᠡᠭᠦᠯᠵᠦ᠂ ᠪᠣᠬᠢᠷᠲᠤᠯ ᠦᠭᠡᠢ ᠪᠠ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠣᠷᠣᠨ ᠰᠠᠭᠤᠴᠠ ᠶᠢ ᠲᠦᠷᠭᠡᠳᠬᠡᠨ ᠪᠠᠶᠢᠭᠤᠯᠤᠨ᠎ᠠ᠃ ᠪᠤᠭᠤᠲᠤ | ᠬᠤᠲᠠ᠂ ᠣᠷᠳᠣᠰ ᠬᠤᠲᠠ ᠪᠠ ᠤᠯᠠᠭᠠᠨᠬᠠᠳᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ | ᠨᠡᠭᠡᠭᠡᠯᠲᠡ ᠶᠢᠨ ᠲᠣᠭᠤᠷᠢᠭ ᠢ ᠵᠢᠯᠣᠭᠤᠳᠤᠨ ᠤᠯᠤᠰ ᠤᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠤᠷᠬᠢᠯ | ᠬᠡᠮᠵᠢᠭᠳᠡᠯ ᠳᠤ ᠬᠦᠷᠬᠦ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠥᠷᠨᠢᠭᠦᠯᠦᠨ᠎ᠡ᠃ | ᠵᠠᠰᠠᠭ ᠤᠨ ᠣᠷᠳᠣᠨ ᠤ ᠬᠤᠳᠠᠯᠳᠤᠨ ᠠᠪᠬᠤ ᠶᠢᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ | ᠵᠠᠰᠠᠭ ᠤᠨ ᠣᠷᠳᠣᠨ ᠤ ᠬᠤᠳᠠᠯᠳᠤᠨ ᠠᠪᠬᠤ ᠪᠠᠷ ᠪᠣᠬᠢᠷᠲᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠤᠨ ᠳᠡᠯᠭᠡᠷᠡᠭᠦᠯᠦᠨ | ᠬᠡᠷᠡᠭᠯᠡᠬᠦ ᠳᠤ ᠳᠡᠮᠵᠢᠯᠭᠡ ᠦᠵᠡᠭᠦᠯᠬᠦ ᠶᠢ ᠰᠦᠪᠡᠭᠴᠢᠯᠡᠵᠦ᠂ ᠵᠠᠰᠠᠭ ᠤᠨ ᠣᠷᠳᠣᠨ ᠤ ᠬᠤᠳᠠᠯᠳᠤᠨ ᠠᠪᠬᠤ | ᠡᠯᠧᠺᠳ᠋ᠷᠣᠨ ᠬᠤᠳᠠᠯᠳᠤᠭᠠᠨ ᠤ ᠲᠠᠯᠠᠪᠤᠷ ᠤᠨ ᠪᠣᠬᠢᠷᠲᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠤᠨ ᠣᠨᠴᠠᠯᠢᠭᠲᠤ | ᠣᠷᠳᠣᠨ ᠢ ᠨᠡᠭᠡᠭᠡᠨ ᠬᠥᠭᠵᠢᠭᠦᠯᠦᠨ ᠪᠦᠲᠦᠭᠡᠨ ᠪᠠᠶᠢᠭᠤᠯᠵᠤ ᠡᠵᠡᠩᠨᠡᠨ ᠠᠵᠢᠯᠯᠠᠭᠤᠯᠬᠤ ᠶᠢ ᠢᠳᠡᠪᠬᠢᠲᠡᠢ | ᠠᠬᠢᠭᠤᠯᠤᠨ᠎ᠠ᠃ ᠬᠥᠬᠡᠬᠤᠲᠠ᠂ ᠣᠷᠳᠣᠰ ᠬᠤᠲᠠ ᠨᠢ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ | ᠠᠪᠬᠤ ᠪᠠᠷ ᠪᠣᠬᠢᠷᠳᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠢ ᠳᠡᠮᠵᠢᠵᠦ ᠪᠠᠷᠢᠯᠭ᠎ᠠ ᠶᠢᠨ ᠶᠠᠰᠤ ᠴᠢᠨᠠᠷ ᠤᠨ | ᠳᠡᠭᠡᠭᠰᠢᠯᠡᠭᠦᠯᠦᠯᠲᠡ ᠶᠢ ᠠᠬᠢᠭᠤᠯᠬᠤ ᠬᠤᠲᠠ ᠪᠣᠯᠣᠭᠰᠠᠨ ᠤ ᠬᠤᠪᠢ ᠳᠤ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ | ᠬᠡᠪᠴᠢᠶᠡᠨ ᠳᠤ ᠣᠷᠣᠭᠤᠯᠤᠭᠰᠠᠨ ᠵᠠᠰᠠᠭ ᠤᠨ ᠣᠷᠳᠣᠨ ᠤ ᠬᠤᠳᠠᠯᠳᠤᠨ ᠠᠪᠬᠤ ᠢᠨᠵᠧᠨᠧᠷᠢᠩ ᠳᠤ ᠪᠣᠬᠢᠷᠳᠤᠯ | ᠦᠭᠡᠢ ᠪᠠᠷᠢᠯᠭ᠎ᠠ ᠪᠠ ᠪᠣᠬᠢᠷᠳᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠤᠨ ᠵᠠᠰᠠᠭ ᠤᠨ ᠣᠷᠳᠣᠨ ᠤ ᠬᠤᠳᠠᠯᠳᠤᠨ | ᠠᠪᠬᠤ ᠬᠡᠷᠡᠭᠴᠡᠭᠡ ᠱᠠᠭᠠᠷᠳᠠᠯᠭ᠎ᠠ ᠶᠢᠨ ᠪᠠᠷᠢᠮᠵᠢᠶ᠎ᠠ ᠳᠤ ᠨᠡᠶᠢᠴᠡᠭᠰᠡᠨ ᠪᠣᠬᠢᠷᠳᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠢ | ᠬᠤᠳᠠᠯᠳᠤᠨ ᠠᠪᠬᠤ ᠬᠡᠷᠡᠭᠲᠡᠢ᠃ ᠪᠣᠬᠢᠷᠳᠤᠯ ᠦᠭᠡᠢ ᠪᠠᠷᠢᠯᠭ᠎ᠠ ᠶᠢᠨ ᠮᠠᠲ᠋ᠧᠷᠢᠶᠡᠯ ᠤᠨ ᠦᠢᠯᠡᠳᠬᠦᠨ ᠤ ᠭᠡᠷᠡᠴᠢᠯᠡᠭᠡ | ᠪᠠ ᠬᠡᠷᠡᠭᠯᠡᠭᠡᠨ ᠢ ᠳᠡᠯᠭᠡᠷᠡᠭᠦᠯᠬᠦ ᠪᠠᠨ ᠲᠦᠷᠭᠡᠳᠬᠡᠨ ᠠᠬᠢᠭᠤᠯᠵᠤ᠂ ᠪᠠᠷᠢᠯᠭ᠎ᠠ ᠶᠢᠨ ᠮᠠᠲ᠋ᠧᠷᠢᠶᠠᠯ ᠦᠢᠯᠡᠳᠪᠦᠷᠢᠯᠡᠬᠦ | ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠪᠣᠬᠢᠷᠳᠤᠯ ᠦᠭᠡᠢ ᠪᠠᠷᠢᠯᠭ᠎ᠠ ᠶᠢᠨ ᠮᠠᠲ᠋ᠧᠷᠢᠶᠡᠯ ᠤᠨ | ᠭᠡᠷᠡᠴᠢᠯᠡᠭᠡ ᠶᠢ ᠥᠷᠨᠢᠭᠦᠯᠵᠦ᠂ ᠪᠣᠬᠢᠷᠳᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠤᠨ ᠦᠨᠡᠮᠯᠡᠯ ᠣᠯᠣᠭᠰᠠᠨ ᠠᠵᠤ | ᠠᠬᠤᠶᠢᠯᠠᠯ ᠤᠨ ᠲᠤᠭ᠎ᠠ ᠬᠡᠮᠵᠢᠶ᠎ᠡ ᠪᠠ ᠦᠢᠯᠡᠳᠬᠦᠨ ᠢ ᠥᠷᠭᠡᠳᠬᠡᠨ᠂ ᠪᠣᠬᠢᠷᠳᠤᠯ ᠦᠭᠡᠢ ᠪᠠᠷᠢᠯᠭ᠎ᠠ ᠶᠢᠨ | ᠮᠠᠲ᠋ᠧᠷᠢᠶᠡᠯ ᠤᠨ ᠮᠡᠳᠡᠭᠡ ᠵᠠᠩᠭᠢ ᠶᠢ ᠴᠤᠭᠯᠠᠭᠤᠯᠬᠤ ᠬᠡᠷᠡᠭᠯᠡᠭᠡᠨ ᠤ ᠳ᠋ᠠᠶᠢᠲ᠋ᠠ ᠬᠥᠮᠥᠷᠭᠡ ᠶᠢ ᠳᠠᠰᠣᠷᠡᠯᠳᠡ ᠦᠭᠡᠢ | ᠲᠡᠭᠦᠯᠳᠡᠷᠵᠢᠭᠦᠯᠦᠨ᠎ᠡ᠃ ᠪᠣᠬᠢᠷᠲᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠢ ᠬᠥᠳᠡᠭᠡ ᠪᠠᠭᠤᠯᠭᠠᠬᠤ ᠠᠵᠢᠯᠯᠠᠭ᠎ᠠ ᠶᠢ | ᠦᠷᠭᠦᠯᠵᠢᠯᠡᠨ ᠥᠷᠨᠢᠭᠦᠯᠦᠨ᠎ᠡ᠃ ᠡᠨᠧᠷᠭᠢ ᠠᠷᠪᠢᠯᠠᠬᠤ ᠬᠡᠯᠪᠡᠷᠢ ᠶᠢᠨ ᠪᠠᠷᠢᠯᠭ᠎ᠠ ᠶᠢᠨ ᠠᠵᠢᠯ ᠤᠨ ᠲᠥᠬᠦᠭᠡᠷᠦᠮᠵᠢ ᠶᠢ | ᠳᠡᠯᠭᠡᠷᠡᠭᠦᠯᠵᠦ᠂ ᠪᠠᠷᠢᠯᠭ᠎ᠠ ᠶᠢᠨ ᠠᠵᠢᠯ ᠤᠨ ᠲᠦᠷ ᠴᠠᠭ ᠤᠨ ᠲᠥᠬᠦᠭᠡᠷᠦᠮᠵᠢ ᠬᠢᠭᠡᠳ ᠡᠭᠦᠷᠢᠳᠡ ᠶᠢᠨ | ᠲᠥᠬᠦᠭᠡᠷᠦᠮᠵᠢ ᠶᠢ ᠶᠡᠷᠦᠩᠬᠡᠶᠢᠯᠡᠨ ᠠᠰᠢᠭᠯᠠᠬᠤ ᠶᠢ ᠨᠢᠭᠡᠳᠦᠯᠲᠡᠢ ᠲᠥᠯᠥᠪᠯᠡᠨ ᠰᠠᠶᠢᠲᠤᠷ ᠬᠢᠨ᠎ᠡ᠃ ᠪᠠᠷᠢᠯᠭ᠎ᠠ ᠶᠢᠨ | ᠲᠤᠬᠠᠢ ᠶᠢᠨ ᠲᠠᠯᠠᠪᠤᠷ ᠤᠨ ᠬᠠᠮᠢᠶᠠᠷᠤᠯᠲᠠ ᠶᠢ ᠵᠢᠷᠤᠮᠵᠢᠭᠤᠯᠵᠤ᠂ ᠪᠠᠷᠢᠯᠭ᠎ᠠ ᠶᠢᠨ ᠬᠤᠭ ᠨᠣᠪᠰᠢ ᠶᠢ ᠲᠥᠷᠥᠯ | ᠬᠤᠪᠢᠶᠠᠨ ᠰᠢᠢᠳᠪᠦᠷᠢᠯᠡᠬᠦ ᠪᠠ ᠡᠬᠢ ᠪᠠᠶᠠᠯᠢᠭᠵᠢᠭᠤᠯᠤᠨ ᠠᠰᠢᠭᠯᠠᠬᠤ ᠶᠢ ᠠᠬᠢᠭᠤᠯᠤᠨ᠎ᠠ᠃ ︵ᠥᠪᠡᠷᠲᠡᠭᠡᠨ ᠵᠠᠰᠠᠬᠤ | ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ | ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠶᠢᠰᠦ︶ ᠪᠠᠷᠢᠯᠭ᠎ᠠ ᠶᠢ ᠨᠤᠷᠠᠭᠠᠵᠤ ᠰᠢᠢᠳᠪᠦᠷᠢᠯᠡᠬᠦ ᠬᠠᠮᠢᠶᠠᠷᠤᠯᠲᠠ ᠶᠢ ᠴᠢᠩᠳᠠᠯᠠᠨ᠎ᠠ᠃ ᠬᠤᠳᠠ ᠶᠢᠨ | ᠣᠷᠭᠠᠨᠢᠭ ᠰᠢᠨᠡᠴᠢᠯᠡᠯᠲᠡ ᠶᠢ ᠠᠬᠢᠭᠤᠯᠵᠤ᠂ ︽ᠦᠯᠡᠳᠡᠭᠡᠬᠦ ᠥᠭᠡᠷᠡᠴᠢᠯᠡᠬᠦ ᠨᠤᠷᠠᠭᠠᠬᠤ︾ ᠶᠢ ᠵᠡᠷᠭᠡ ᠪᠠᠷ | ᠠᠳᠬᠤᠬᠤ ᠶᠢ ᠪᠠᠷᠢᠮᠲᠠᠯᠠᠨ᠂ ᠬᠠᠭᠤᠴᠢᠷᠠᠭᠰᠠᠨ ᠪᠠᠷᠢᠯᠭ᠎ᠠ ᠶᠢ ᠰᠡᠯᠪᠢᠨ ᠵᠠᠰᠠᠵᠤ ᠥᠭᠡᠷᠡᠴᠢᠯᠡᠨ ᠰᠢᠨᠡᠳᠬᠡᠬᠦ ᠪᠠ | ᠦᠯᠡᠳᠡᠭᠡᠨ ᠠᠰᠢᠭᠯᠠᠬᠤ ᠶᠢ ᠴᠢᠩᠭᠠᠳᠬᠠᠨ᠎ᠠ᠃ ᠡᠯ᠎ᠡ ᠭᠠᠵᠠᠷ ᠣᠷᠣᠨ ᠤ ᠪᠠᠷᠢᠯᠭ᠎ᠠ ᠶᠢ ᠨᠤᠷᠠᠭᠠᠨ ᠰᠢᠢᠳᠪᠦᠷᠢᠯᠡᠭᠰᠡᠨ | ᠪᠠᠶᠢᠳᠠᠯ ᠳᠤ ᠬᠢᠨᠠᠯᠲᠠ ᠲᠠᠯᠪᠢᠵᠤ ᠬᠠᠮᠢᠶᠠᠷᠬᠤ ᠪᠠᠨ ᠴᠢᠩᠭᠠᠳᠬᠠᠨ᠎ᠠ᠃ ᠪᠦᠲᠦᠭᠡᠨ ᠪᠠᠶᠢᠭᠤᠯᠬᠤ ᠨᠢᠭᠡᠴᠢ ᠨᠢ ᠵᠣᠬᠢᠬᠤ | ᠬᠢᠷᠢ ᠭᠡᠮ ᠲᠠᠢ ᠪᠠᠷᠢᠯᠭ᠎ᠠ ᠨᠤᠷᠠᠭᠠᠵᠤ ᠰᠢᠢᠳᠪᠦᠷᠢᠯᠡᠬᠦ ᠢᠨᠵᠧᠨᠧᠷᠢᠩ ᠳᠠᠭᠠᠭᠠᠴᠢᠯᠠᠬᠤ ᠨᠢᠭᠡᠴᠢ ᠳᠤ ᠲᠣᠭᠲᠠᠭᠠᠯ | ᠶᠣᠰᠣᠭᠠᠷ ᠨᠠᠶᠢᠳᠠᠵᠤ ᠭᠡᠷ ᠪᠠᠷᠢᠯᠭ᠎ᠠ ᠨᠤᠷᠠᠭᠠᠵᠤ ᠰᠢᠢᠳᠪᠦᠷᠢᠯᠡᠬᠦ ᠢᠨᠵᠧᠨᠧᠷᠢᠩ ᠢ ᠬᠡᠷᠡᠭᠵᠢᠭᠦᠯᠵᠦ᠂ ᠪᠠᠷᠢᠯᠭ᠎ᠠ ᠶᠢᠨ | ᠬᠠᠶᠠᠭᠳᠠᠮᠠᠯ ᠪᠣᠳᠠᠰ ᠢ ᠳᠠᠬᠢᠨ ᠠᠰᠢᠭᠯᠠᠵᠤ ᠪᠣᠯᠬᠤ ᠳᠤ ᠬᠦᠷᠪᠡᠯ᠂ ᠣᠷᠴᠢᠯᠳᠤᠭᠤᠯᠤᠨ ᠠᠰᠢᠭᠯᠠᠨ᠎ᠠ︔ ᠳᠠᠬᠢᠨ | ᠠᠰᠢᠭᠯᠠᠵᠤ ᠳᠡᠶᠢᠯᠬᠦ ᠦᠭᠡᠢ ᠶᠢ ᠨᠢ ᠲᠣᠭᠲᠠᠭᠠᠯ ᠶᠣᠰᠣᠭᠠᠷ ᠬᠤᠣᠷ ᠦᠭᠡᠶᠢᠳᠡᠭᠦᠯᠦᠨ ᠰᠢᠢᠳᠪᠦᠷᠢᠯᠡᠨ᠎ᠡ᠃ ᠡᠯ᠎ᠡ | ᠭᠠᠵᠠᠷ ᠣᠷᠣᠨ ᠨᠢ ᠪᠦᠲᠦᠭᠡᠨ ᠪᠠᠶᠢᠭᠤᠯᠤᠯᠲᠠ ᠶᠢᠨ ᠴᠠᠭ ᠤᠨ ᠳᠡᠰ ᠳᠠᠷᠠᠭᠠᠯᠠᠯ ᠢ ᠡᠵᠡᠮᠳᠡᠵᠦ᠂ ᠶᠡᠭᠡ ᠪᠠᠷ ᠨᠤᠷᠠᠭᠠᠵᠤ | ᠶᠡᠭᠡ ᠪᠠᠷ ᠪᠠᠶᠢᠭᠤᠯᠬᠤ ᠠᠴᠠ ᠪᠣᠯᠵᠤ ᠡᠨᠧᠷᠭᠢ ᠡᠬᠢ ᠪᠠᠶᠠᠯᠢᠭ ᠢ ᠪᠦᠷᠢᠯᠭᠡᠬᠦ ᠦᠵᠡᠭᠳᠡᠯ ᠭᠠᠷᠬᠤ ᠶᠢ ᠡᠷᠡᠰ | ᠬᠤᠷᠢᠭᠯᠠᠨ᠎ᠠ᠃ ︵ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ | ᠪᠠᠶᠠᠯᠢᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠠᠷᠪᠠ︶ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠲᠡᠷᠢᠭᠦᠨ ᠤ ᠮᠡᠷᠭᠡᠵᠢᠯ ᠢ ᠰᠤᠳᠤᠯᠤᠨ | ᠨᠡᠭᠡᠭᠡᠵᠦ ᠳᠡᠯᠭᠡᠷᠡᠭᠦᠯᠬᠦ ᠶᠢ ᠲᠦᠷᠭᠡᠳᠬᠡᠨ᠎ᠡ᠃ ᠪᠣᠬᠢᠷᠲᠤᠯ ᠦᠭᠡᠢ ᠪᠠ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠪᠠᠷᠢᠯᠭ᠎ᠠ᠂ ᠪᠣᠬᠢᠷᠲᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠵᠡᠷᠭᠡ ᠬᠦᠷᠢᠶ᠎ᠡ ᠴᠠᠷᠠᠭᠠᠨ ᠳᠤ | ᠠᠩᠬᠠᠷᠤᠯ ᠢᠶᠠᠨ ᠲᠥᠪᠯᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠨᠢᠭᠡ ᠪᠦᠯᠦᠭ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠵᠤ ᠦᠢᠯᠡᠰ ᠤᠨ | ᠵᠠᠩᠭᠢᠯᠠᠭ᠎ᠠ ᠶᠢᠨ ᠮᠡᠷᠭᠡᠵᠢᠯ ᠤᠨ ᠬᠦᠴᠢᠷ ᠠᠰᠠᠭᠤᠳᠠᠯ ᠢ ᠰᠢᠢᠳᠪᠦᠷᠢᠯᠡᠨ᠂ ᠰᠢᠨ᠎ᠡ ᠦᠢᠯᠡᠳᠬᠦᠨ᠂ ᠰᠢᠨ᠎ᠡ | ᠮᠡᠷᠭᠡᠵᠢᠯ ᠢᠶᠠᠨ ᠤᠯᠠᠷᠢᠭᠤᠯᠤᠨ ᠰᠢᠨᠡᠳᠬᠡᠬᠦ ᠶᠢ ᠨᠢ ᠠᠬᠢᠭᠤᠯᠵᠤ᠂ ᠨᠡᠭᠦᠷᠡᠰᠦᠲᠥ᠋ᠷᠥᠭᠴᠢ ᠪᠠᠭᠠᠲᠠᠢ᠂ | ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠵᠡᠷᠭᠡ ᠮᠡᠷᠭᠡᠵᠢᠯ ᠤᠨ ᠪᠠᠷᠢᠯᠭ᠎ᠠ ᠶᠢᠨ ᠬᠦᠷᠢᠶᠡᠨ ᠳᠤ ᠥᠷᠭᠡᠨ ᠢᠶᠠᠷ | ᠬᠡᠷᠡᠭᠯᠡᠭᠳᠡᠬᠦ ᠶᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ᠂ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ | ᠵᠡᠷᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠳᠤ ᠲᠦᠰᠢᠭᠯᠡᠨ᠂ ᠥᠪᠡᠷᠲᠡᠭᠡᠨ | ᠵᠠᠰᠠᠬᠤ ᠣᠷᠣᠨ ᠤ ᠠᠭᠤᠷ ᠠᠮᠢᠰᠬᠤᠯ ᠤᠨ ᠣᠨᠴᠠᠯᠢᠭ ᠲᠤ ᠲᠣᠬᠢᠷᠠᠭᠰᠠᠨ ᠪᠣᠬᠢᠷᠳᠤᠯ ᠦᠭᠡᠢ ᠪᠠ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠪᠠᠷᠢᠯᠭ᠎ᠠ ᠶᠢᠨ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ | ᠰᠢᠪᠲᠤᠯᠤᠯᠲᠠ ᠶᠢ ᠥᠷᠨᠢᠭᠦᠯᠵᠦ᠂ ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠬᠤᠯᠪᠣᠭ᠎ᠠ ᠶᠢ | ᠪᠤᠶᠢᠵᠢᠭᠤᠯᠤᠨ᠂ ᠬᠠᠬᠢᠷ ᠬᠦᠢᠲᠡᠨ᠂ ᠬᠦᠢᠲᠡᠨ ᠭᠠᠵᠠᠷ ᠣᠷᠣᠨ ᠤ ᠬᠡᠷᠡᠭᠴᠡᠭᠡ ᠱᠠᠭᠠᠷᠳᠠᠯᠭ᠎ᠠ ᠳᠤ ᠲᠣᠬᠢᠷᠠᠬᠤ ᠬᠡᠳᠦ | ᠳᠣᠣᠷ᠎ᠠ ᠡᠨᠧᠷᠭᠢ ᠶᠢᠨ ᠬᠤᠷᠣᠭᠳᠠᠯ ᠲᠠᠢ ᠪᠠᠷᠢᠯᠭ᠎ᠠ ᠶᠢᠨ ᠰᠢᠨ᠎ᠡ ᠮᠡᠷᠭᠡᠵᠢᠯ᠂ ᠰᠢᠨ᠎ᠡ ᠮᠠᠲ᠋ᠧᠷᠢᠶᠠᠯ᠂ ᠰᠢᠨ᠎ᠡ | ᠲᠥᠬᠦᠭᠡᠷᠦᠮᠵᠢ ᠪᠠ ᠪᠣᠬᠢᠷᠳᠤᠯ ᠦᠭᠡᠢ ᠡᠨᠧᠷᠭᠢ ᠶᠢᠨ ᠬᠡᠷᠡᠭᠯᠡᠭᠡᠨ ᠢ ᠰᠤᠳᠤᠯᠤᠨ ᠨᠡᠭᠡᠭᠡᠨ᠎ᠡ᠃ ᠪᠠᠷᠢᠯᠭ᠎ᠠ ᠶᠢᠨ | ᠬᠦᠷᠢᠶᠡᠨ ᠳᠠᠬᠢ ᠡᠨᠧᠷᠭᠢ ᠶᠢᠨ ᠬᠠᠮᠢᠶᠠᠷᠤᠯᠲᠠ ᠶᠢᠨ ᠲᠣᠭᠲᠠᠯᠴᠠᠭᠠᠨ ᠤ ᠭᠡᠷᠡᠴᠢᠯᠡᠭᠡ ᠶᠢ ᠠᠬᠢᠭᠤᠯᠵᠤ᠂ ᠪᠠᠷᠢᠯᠭ᠎ᠠ ᠶᠢᠨ | ᠬᠦᠷᠢᠶᠡᠨ ᠳᠠᠬᠢ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠲᠡᠷᠢᠭᠦᠨ ᠤ ᠬᠡᠷᠡᠭᠯᠡᠭᠡᠨ ᠤ ᠮᠡᠷᠭᠡᠵᠢᠯ ᠤᠨ | ᠬᠡᠷᠡᠭᠯᠡᠯᠲᠡ ᠶᠢᠨ ᠨᠡᠶᠢᠲᠡᠯᠢᠭ ᠬᠡᠷᠡᠭ ᠤᠨ ᠵᠢᠱᠢᠶ᠎ᠡ ᠶᠢ ᠴᠠᠭ ᠲᠤᠬᠠᠢ ᠳᠤ ᠨᠢ ᠡᠮᠬᠢᠯᠡᠨ᠎ᠡ᠃ ᠪᠠᠷᠢᠯᠭ᠎ᠠ ᠶᠢᠨ ᠡᠨᠧᠷᠭᠢ | ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠪᠣᠯᠪᠠᠰᠤᠷᠠᠩᠭᠤᠢ ᠮᠡᠷᠭᠡᠵᠢᠯ ᠤᠨ ᠦᠢᠯᠡᠳᠬᠦᠨ ᠢ | ᠬᠡᠪᠴᠢᠶᠡᠵᠢᠭᠦᠯᠦᠨ ᠦᠢᠯᠡᠳᠪᠦᠷᠢᠯᠡᠬᠦ ᠶᠢ ᠨᠢ ᠳᠡᠮᠵᠢᠨ᠎ᠡ᠃ ᠥᠪᠡᠷᠲᠡᠭᠡᠨ ᠵᠠᠰᠠᠬᠤ ᠣᠷᠣᠨ ᠤ ᠴᠢᠳᠠᠪᠤᠷᠢᠲᠠᠨ ᠤ | ᠪᠠᠶᠢᠯᠳᠤᠬᠤ ᠪᠣᠳᠣᠯᠭ᠎ᠠ ᠶᠢᠨ ᠲᠥᠯᠥᠪᠯᠡᠭᠡ ᠲᠠᠢ ᠤᠶᠠᠯᠳᠤᠭᠤᠯᠵᠤ ᠪᠠᠶᠢᠭᠠᠳ ᠪᠠᠷᠢᠯᠭ᠎ᠠ ᠶᠢᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠪᠠ ᠣᠷᠣᠭᠤᠯᠤᠨ ᠠᠪᠴᠢᠷᠠᠨ᠎ᠠ᠃ ᠰᠠᠭᠤᠷᠢ | ᠪᠡᠯᠡᠳᠬᠡᠮᠵᠢ ᠶᠢᠨ ᠲᠥᠯᠦᠪᠵᠢᠭᠦᠯᠭᠡ᠂ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠶᠢᠨ ᠲᠤᠰᠬᠠᠢ ᠮᠡᠷᠭᠡᠵᠢᠯ ᠤᠨ | ᠬᠠᠮᠢᠶᠠᠷᠤᠯᠲᠠ ᠶᠢᠨ ᠴᠢᠳᠠᠪᠤᠷᠢᠲᠠᠨ ᠵᠢᠴᠢ ᠰᠢᠨ᠎ᠡ ᠦᠨᠳᠦᠰᠦᠨ ᠪᠦᠲᠦᠭᠡᠨ ᠪᠠᠶᠢᠭᠤᠯᠤᠯᠲᠠ ᠵᠡᠷᠭᠡ ᠬᠦᠷᠢᠶ᠎ᠡ | ᠴᠠᠷᠠᠭᠠᠨ ᠤ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠡᠷᠴᠢᠮ ᠢᠶᠠᠨ ᠴᠢᠩᠭᠠᠷᠠᠭᠤᠯᠤᠨ᠎ᠠ᠃ ᠨᠥᠬᠦᠴᠡᠯ ᠲᠠᠢ | ᠥᠪᠡᠷᠲᠡᠭᠡᠨ ᠵᠠᠰᠠᠬᠤ ᠣᠷᠣᠨ ᠤ ᠬᠠᠷᠢᠶ᠎ᠠ ᠪᠦᠬᠦᠢ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠪᠠᠷᠢᠯᠭ᠎ᠠ ᠶᠢᠨ | ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠮᠡᠷᠭᠡᠵᠢᠯ ᠤᠨ ᠰᠤᠳᠤᠯᠤᠨ ᠨᠡᠭᠡᠭᠡᠬᠦ ᠪᠠ | ᠪᠣᠯᠪᠠᠰᠤᠷᠠᠭᠤᠯᠬᠤ ᠲᠠᠪᠴᠠᠩ ᠪᠠᠶᠢᠭᠤᠯᠬᠤ ᠶᠢ ᠳᠡᠮᠵᠢᠵᠦ᠂ ᠠᠵᠢᠯᠯᠠᠭᠰᠠᠳ ᠲᠤ ᠪᠠᠷᠢᠯᠭ᠎ᠠ ᠶᠢᠨ ᠦᠢᠯᠡᠳᠦᠯᠭᠡ ᠶᠢᠨ | ᠪᠣᠯᠪᠠᠰᠤᠷᠠᠯ ᠬᠢᠬᠦ ᠪᠠᠨ ᠴᠢᠩᠭᠠᠳᠬᠠᠨ᠎ᠠ᠃ ︵ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠢᠩᠬᠢᠮ᠂ ᠰᠤᠷᠭᠠᠨ ᠬᠥᠮᠦᠵᠢᠯ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠲᠠ ᠶᠢᠨ ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ | ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠡᠭᠦᠷᠭᠡ ᠬᠠᠷᠢᠭᠤᠴᠠᠯᠭ᠎ᠠ | ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠠᠷᠪᠠᠨ ᠨᠢᠭᠡ︶ ᠪᠠᠷᠢᠯᠭ᠎ᠠ ᠶᠢᠨ ᠬᠦᠷᠢᠶᠡᠨ ᠳᠠᠬᠢ ᠡᠨᠧᠷᠭᠢ ᠶᠢᠨ ᠬᠤᠷᠣᠭᠳᠠᠯ ᠨᠡᠭᠦᠷᠡᠰᠦᠲᠥ᠋ᠷᠥᠭᠴᠢ ᠶᠢᠨ | ᠭᠠᠳᠠᠭᠰᠢᠯᠠᠭᠤᠯᠤᠯᠲᠠ ᠶᠢᠨ ᠲᠠᠯ᠎ᠠ ᠪᠠᠷ ᠲᠤᠭ᠎ᠠ ᠪᠦᠷᠢᠳᠬᠡᠯ ᠤᠨ ᠲᠣᠭᠠᠴᠠᠭ᠎ᠠ ᠬᠢᠬᠦ ᠳᠦᠷᠢᠮ ᠢ | ᠨᠠᠶᠢᠳᠠᠪᠤᠷᠢᠵᠢᠭᠤᠯᠤᠨ᠎ᠠ᠃ ᠪᠠᠷᠢᠯᠭ᠎ᠠ ᠶᠢᠨ ᠬᠦᠷᠢᠶᠡᠨ ᠤ ᠡᠨᠧᠷᠭᠢ ᠶᠢᠨ ᠬᠡᠷᠡᠭᠯᠡᠭᠡ ᠶᠢᠨ ᠲᠤᠬᠠᠢ ᠤᠯᠤᠰ ᠤᠨ ᠲᠤᠭ᠎ᠠ | ᠪᠦᠷᠢᠳᠬᠡᠯ ᠤᠨ ᠳᠦᠷᠢᠮ ᠪᠠ ᠭᠦᠢᠴᠡᠳᠬᠡᠯ ᠲᠣᠭᠠᠨ ᠤ ᠲᠣᠭᠲᠠᠯᠴᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ | ᠂ ᠡᠨᠧᠷᠭᠢ᠂ ᠴᠠᠬᠢᠯᠭᠠᠨ ᠬᠦᠴᠦᠨ᠂ ᠲᠤᠭ᠎ᠠ ᠪᠦᠷᠢᠳᠬᠡᠯ ᠵᠡᠷᠭᠡ ᠰᠠᠯᠠᠭ᠎ᠠ ᠮᠥᠴᠢᠷ ᠤᠨ ᠬᠢᠨ ᠤ ᠪᠠᠷᠢᠯᠭ᠎ᠠ ᠳᠤ | ᠬᠡᠷᠡᠭᠯᠡᠬᠦ ᠡᠨᠧᠷᠭᠢ ᠶᠢᠨ ᠳ᠋ᠠᠶᠢᠲ᠋ᠠ ᠶᠢᠨ ᠲᠤᠬᠠᠢ ᠬᠠᠮᠵᠢᠯᠴᠠᠭ᠎ᠠ ᠶᠢ ᠴᠢᠩᠭᠠᠳᠬᠠᠨ᠎ᠠ᠃ ᠥᠪᠡᠷᠲᠡᠭᠡᠨ ᠵᠠᠰᠠᠬᠤ | ᠣᠷᠣᠨ ᠤ ᠪᠠᠷᠢᠯᠭ᠎ᠠ ᠶᠢᠨ ᠠᠵᠢᠯ ᠲᠥᠷᠥᠯ ᠤᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ᠲᠣᠭᠠᠴᠠᠭ᠎ᠠ | ᠬᠢᠬᠦ ᠠᠷᠭ᠎ᠠ ᠶᠢᠨ ᠲᠣᠭᠲᠠᠯᠴᠠᠭ᠎ᠠ ᠶᠢ ᠲᠦᠷᠭᠡᠳᠬᠡᠨ ᠪᠠᠶᠢᠭᠤᠯᠵᠤ᠂ ︽ᠨᠢᠭᠡᠨᠲᠡ ᠪᠠᠶᠢᠭ᠎ᠠ ᠪᠠᠷᠢᠯᠭ᠎ᠠ ᠶᠢᠨ ᠡᠨᠧᠷᠭᠢ | ᠠᠷᠪᠢᠯᠠᠬᠤ ᠥᠭᠡᠷᠡᠴᠢᠯᠡᠯᠲᠡ ᠶᠢᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠤᠳᠤᠬᠤ ᠪᠠᠷᠢᠮᠵᠢᠶ᠎ᠠ︾᠂ ︽ | ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠤᠳᠤᠬᠤ ᠪᠠᠷᠢᠮᠵᠢᠶ᠎ᠠ︾ | ᠂ ︽ᠬᠤᠲᠠ ᠶᠢᠨ ᠶᠠᠪᠤᠳᠠᠯ ᠤᠨ ᠬᠥᠭᠦᠷᠭᠡ ᠶᠢᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠤᠳᠤᠬᠤ | ᠪᠠᠷᠢᠮᠵᠢᠶ᠎ᠠ︾ ᠵᠡᠷᠭᠡ ᠣᠷᠣᠨ ᠨᠤᠲᠤᠭ ᠤᠨ ᠪᠠᠷᠢᠮᠵᠢᠶ᠎ᠠ ᠶᠢ ᠵᠣᠬᠢᠶᠠᠨ ᠪᠠᠶᠢᠭᠤᠯᠵᠤ ᠨᠠᠶᠢᠷᠠᠭᠤᠯᠤᠨ ᠵᠣᠬᠢᠶᠠᠵᠤ᠂ | ᠥᠪᠡᠷᠲᠡᠭᠡᠨ ᠵᠠᠰᠠᠬᠤ ᠣᠷᠣᠨ ᠢ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠪᠠᠶᠢᠭᠰᠠᠨ ᠠᠴᠠ | ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ᠬᠤᠣᠰ ᠡᠵᠡᠮᠳᠡᠯ ᠲᠡᠶᠢᠰᠢ ᠬᠤᠪᠢᠷᠠᠭᠤᠯᠬᠤ ᠶᠢ | ᠠᠬᠢᠭᠤᠯᠬᠤ ᠶᠢᠨ ᠲᠣᠭᠤᠷᠢᠨ ᠳᠤ ᠤᠷᠢᠳ ᠢᠶᠠᠷ ᠰᠦᠪᠡᠭᠴᠢᠯᠡᠬᠦ ᠶᠢ ᠨᠢ ᠳᠡᠮᠵᠢᠵᠦ᠂ ᠨᠡᠭᠦᠷᠡᠰᠦᠲᠥ᠋ᠷᠥᠭᠴᠢ ᠶᠢᠨ | ᠭᠠᠳᠠᠭᠰᠢᠯᠠᠭᠤᠯᠤᠯᠲᠠ ᠶᠢᠨ ᠲᠠᠯ᠎ᠠ ᠪᠠᠷ ᠲᠤᠭ᠎ᠠ ᠪᠦᠷᠢᠳᠬᠡᠯ ᠤᠨ ᠲᠣᠭᠠᠴᠠᠭ᠎ᠠ ᠬᠢᠬᠦ ᠠᠵᠢᠯ ᠤᠨ ᠰᠠᠭᠤᠷᠢ ᠶᠢ | ᠪᠠᠲᠤᠳᠬᠠᠨ᠎ᠠ᠃ ︵ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ᠂ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠡᠨᠧᠷᠭᠢ ᠶᠢᠨ ᠲᠣᠪᠴᠢᠶ᠎ᠠ ᠵᠡᠷᠭᠡ ᠡᠭᠦᠷᠭᠡ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠠᠷᠪᠠᠨ ᠬᠤᠶᠠᠷ︶ ᠬᠠᠤᠯᠢ ᠲᠣᠭᠲᠠᠭᠠᠯ ᠤᠨ ᠪᠠᠷᠢᠮᠵᠢᠶᠠᠨ ᠤ ᠲᠤᠯᠭᠠᠭᠤᠷᠢᠯᠠᠯ ᠢ ᠴᠢᠩᠭᠠᠷᠠᠭᠤᠯᠤᠨ᠎ᠠ᠃ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠢ ᠬᠡᠷᠡᠭᠵᠢᠭᠦᠯᠬᠦ ᠠᠷᠭ᠎ᠠ︾ ᠳᠤ ᠵᠠᠰᠠᠪᠤᠷᠢ ᠣᠷᠣᠭᠤᠯᠬᠤ ᠶᠢ | ᠠᠬᠢᠭᠤᠯᠵᠤ᠂ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠪᠠ ᠵᠠᠰᠠᠭ ᠤᠨ ᠣᠷᠳᠣᠨ ᠤ ᠲᠣᠭᠲᠠᠭᠠᠯ | ᠳᠦᠷᠢᠮ ᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ︽ᠣᠷᠣᠨ | ᠰᠠᠭᠤᠴᠠ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠵᠢᠷᠤᠭ ᠲᠥᠯᠥᠪᠯᠡᠭᠡ ᠶᠢᠨ ᠪᠠᠷᠢᠮᠵᠢᠶ᠎ᠠ︾᠂ ︽ᠣᠯᠡᠨ | ᠨᠡᠶᠢᠲᠡ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠵᠢᠷᠤᠭ ᠲᠥᠯᠥᠪᠯᠡᠭᠡ ᠶᠢᠨ ᠪᠠᠷᠢᠮᠵᠢᠶ᠎ᠠ︾᠂ ︽ᠬᠡᠳᠦ ᠳᠣᠣᠷ᠎ᠠ | ᠡᠨᠧᠷᠬᠢ ᠶᠢᠨ ᠬᠤᠷᠣᠭᠳᠠᠯ ᠲᠠᠢ ᠪᠠᠷᠢᠯᠭ᠎ᠠ ᠶᠢᠨ ᠮᠡᠷᠭᠡᠵᠢᠯ ᠤᠨ ᠪᠠᠷᠢᠮᠵᠢᠶ᠎ᠠ︾ ᠵᠡᠷᠭᠡ ᠨᠢᠭᠡ ᠪᠦᠯᠦᠭ ᠪᠠᠷᠢᠯᠭ᠎ᠠ ᠶᠢᠨ | ᠡᠨᠧᠷᠭᠢ ᠠᠷᠪᠢᠯᠠᠬᠤ ᠪᠠᠷᠢᠮᠵᠢᠶ᠎ᠠ ᠳᠤ ᠵᠠᠰᠠᠪᠤᠷᠢ ᠣᠷᠣᠭᠤᠯᠬᠤ ᠪᠠᠨ ᠲᠦᠷᠭᠡᠳᠬᠡᠵᠦ᠂ ᠵᠢᠷᠤᠭᠯᠠᠨ ᠲᠥᠯᠥᠪᠯᠡᠬᠦ᠂ | ᠦᠢᠯᠡᠳᠪᠦᠷᠢᠯᠡᠬᠦ᠂ ᠪᠠᠷᠢᠯᠭ᠎ᠠ ᠪᠠᠷᠢᠬᠤ ᠪᠠ ᠬᠡᠷᠡᠭᠯᠡᠵᠦ ᠬᠠᠮᠠᠭᠠᠯᠠᠬᠤ ᠪᠦᠬᠦ ᠶᠠᠪᠤᠴᠠ ᠶᠢ ᠬᠠᠮᠤᠷᠤᠭᠰᠠᠨ ᠤᠭᠰᠠᠷᠠᠮᠠᠯ | ᠮᠠᠶ᠋ᠢᠭ ᠤᠨ ᠪᠠᠷᠢᠯᠭ᠎ᠠ ᠶᠢᠨ ᠪᠠᠷᠢᠮᠵᠢᠶᠠᠨ ᠤ ᠲᠣᠭᠲᠠᠯᠴᠠᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ | ᠪᠠᠷᠢᠯᠭ᠎ᠠ ᠶᠢᠨ ᠡᠨᠧᠷᠭᠢ ᠶᠢᠨ ᠠᠰᠢᠭᠯᠠᠮᠵᠢ ᠶᠢ ᠰᠢᠯᠭᠠᠨ ᠦᠨᠡᠯᠡᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ | ᠂ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠪᠠ ᠨᠢᠭᠡᠨᠲᠡ ᠪᠠᠶᠢᠭ᠎ᠠ ᠪᠠᠷᠢᠯᠭ᠎ᠠ ᠶᠢᠨ ᠡᠨᠧᠷᠭᠢ ᠠᠷᠪᠢᠯᠠᠬᠤ | ᠥᠭᠡᠷᠡᠴᠢᠯᠡᠯᠲᠡ ᠶᠢᠨ ᠡᠨᠧᠷᠭᠢ ᠶᠢᠨ ᠠᠰᠢᠭᠯᠠᠮᠵᠢ ᠶᠢ ᠰᠢᠯᠭᠠᠨ ᠦᠨᠡᠯᠡᠬᠦ ᠠᠵᠢᠯ ᠢᠶᠠᠨ ᠥᠷᠨᠢᠭᠦᠯᠵᠦ᠂ ᠪᠠᠷᠢᠯᠭ᠎ᠠ ᠶᠢᠨ | ᠵᠢᠷᠤᠭᠯᠠᠨ ᠲᠥᠯᠥᠪᠯᠡᠭᠰᠡᠨ ᠡᠨᠧᠷᠭᠢ ᠶᠢᠨ ᠠᠰᠢᠭᠯᠠᠮᠵᠢ ᠶᠢᠨ ᠱᠠᠭᠠᠷᠳᠠᠯᠭ᠎ᠠ ᠳᠤ ᠬᠦᠷᠦᠭᠦᠯᠬᠦ ᠶᠢ ᠦᠨᠡᠨ ᠬᠦ ᠪᠠᠲᠤᠯᠠᠨ᠎ᠠ | ᠃ ︵ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | ︵ᠠᠷᠪᠠᠨ ᠭᠤᠷᠪᠠ︶ ᠲᠥᠷᠥ ᠶᠢᠨ ᠪᠣᠳᠣᠯᠭ᠎ᠠ ᠪᠡᠯᠡ ᠮᠥᠩᠭᠦᠨ ᠤ ᠳᠡᠮᠵᠢᠯᠭᠡ ᠶᠢᠨ ᠡᠷᠴᠢᠮ ᠢᠶᠠᠨ | ᠴᠢᠩᠭᠠᠷᠠᠭᠤᠯᠤᠨ᠎ᠠ᠃ ᠣᠳᠣ ᠪᠠᠶᠢᠭ᠎ᠠ ᠡᠳ᠋ ᠤᠨ ᠵᠠᠰᠠᠭ ᠤᠨ ᠭᠠᠶᠢᠯᠢ᠂ ᠮᠥᠩᠭᠦᠨ ᠭᠦᠢᠯᠭᠡᠭᠡ᠂ ᠪᠡᠯᠡ | ᠣᠷᠣᠭᠤᠯᠤᠯᠲᠠ᠂ ᠦᠨ᠎ᠡ ᠬᠠᠩᠰᠢ ᠵᠡᠷᠭᠡ ᠶᠢᠨ ᠲᠥᠷᠥ ᠶᠢᠨ ᠪᠣᠳᠣᠯᠭ᠎ᠠ ᠶᠢ ᠨᠢᠭᠡᠳᠦᠯᠲᠡᠢ ᠲᠥᠯᠥᠪᠯᠡᠨ ᠠᠰᠢᠭᠯᠠᠵᠤ᠂ | ᠨᠥᠬᠦᠴᠡᠯ ᠳᠤ ᠨᠡᠶᠢᠴᠡᠭᠰᠡᠨ ᠪᠠᠷᠢᠯᠭ᠎ᠠ ᠶᠢᠨ ᠬᠦᠷᠢᠶᠡᠨ ᠤ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ | ᠲᠥᠷᠥᠯ ᠵᠦᠢᠯ ᠢ ᠳᠡᠮᠵᠢᠨ᠎ᠡ᠃ ᠪᠠᠷᠢᠯᠭ᠎ᠠ ᠶᠢᠨ ᠡᠨᠧᠷᠭᠢ ᠠᠷᠪᠢᠯᠠᠬᠤ ᠶᠢ ᠳᠡᠮᠵᠢᠬᠦ᠂ ᠡᠬᠢ ᠪᠠᠶᠠᠯᠢᠭ ᠢ ᠶᠡᠷᠦᠩᠬᠡᠶᠢᠯᠡᠨ | ᠠᠰᠢᠭᠯᠠᠬᠤ ᠶᠢ ᠵᠣᠷᠢᠭᠵᠢᠭᠤᠯᠬᠤ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠨ᠎ᠠ᠃ ᠪᠦᠲᠦᠴᠡ ᠶᠢᠨ ᠴᠢᠨᠠᠷᠲᠠᠢ ᠵᠣᠭᠤᠰᠤᠨ ᠤ ᠲᠥᠷᠥ ᠶᠢᠨ ᠪᠣᠳᠣᠯᠭ᠎ᠠ ᠶᠢᠨ ᠪᠠᠭᠠᠵᠢ ᠶᠢ | ᠰᠠᠶᠢᠲᠤᠷ ᠬᠡᠷᠡᠭᠯᠡᠵᠦ᠂ ᠪᠠᠩᠬᠢ ᠳᠠᠭᠠᠳᠬᠠᠯ ᠤᠨ ᠪᠠᠶᠢᠭᠤᠯᠤᠮᠵᠢ ᠶᠢ ᠵᠣᠷᠢᠭᠵᠢᠭᠤᠯᠵᠤ ᠪᠠᠶᠢᠭᠠᠳ ᠲᠦᠭᠰᠢᠭᠦᠷᠢ ᠶᠢᠨ | ᠡᠵᠡᠮᠳᠡᠬᠦ᠋ᠢᠴᠡ᠂ ᠬᠤᠳᠠᠯᠳᠤᠭ᠎ᠠ ᠶᠢᠨ ᠦᠷᠭᠦᠯᠵᠢᠯᠡᠬᠦ᠋ᠢᠴᠡ ᠤᠷᠢᠳᠠᠯ ᠳᠣᠣᠷ᠎ᠠ ᠪᠡᠯᠡ ᠲᠣᠬᠢᠷᠠᠭᠤᠯᠭ᠎ᠠ ᠶᠢᠨ | ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠤᠨ᠂ ᠪᠣᠬᠢᠷᠲᠤᠯ ᠦᠭᠡᠢ ᠮᠥᠩᠭᠦᠨ ᠭᠦᠢᠯᠭᠡᠭᠡ ᠵᠡᠷᠭᠡ ᠨᠡᠷᠡᠳᠭᠦᠨ ᠪᠠ | ᠦᠢᠯᠡᠴᠢᠯᠡᠭᠡ ᠶᠢ ᠲᠡᠭᠦᠯᠳᠡᠷᠵᠢᠭᠦᠯᠵᠦ᠂ ᠬᠡᠳᠦ ᠳᠣᠣᠷ᠎ᠠ ᠡᠨᠧᠷᠬᠢ ᠶᠢᠨ ᠬᠤᠷᠣᠭᠳᠠᠯ ᠲᠠᠢ ᠪᠠᠷᠢᠯᠭ᠎ᠠ᠂ ᠪᠣᠬᠢᠷᠳᠤᠯ | ᠦᠭᠡᠢ ᠪᠠᠷᠢᠯᠭ᠎ᠠ᠂ ᠤᠭᠰᠠᠷᠠᠮᠠᠯ ᠮᠠᠶ᠋ᠢᠭ ᠤᠨ ᠪᠠᠷᠢᠯᠭ᠎ᠠ᠂ ᠣᠶᠤᠨᠴᠢ ᠴᠣᠭᠴᠠᠯᠠᠯᠲᠠ᠂ ᠨᠢᠭᠡᠨᠲᠡ ᠪᠠᠶᠢᠭ᠎ᠠ | ᠪᠠᠷᠢᠯᠭ᠎ᠠ ᠶᠢᠨ ᠡᠨᠧᠷᠬᠢ ᠠᠷᠪᠢᠯᠠᠬᠤ ᠥᠭᠡᠷᠡᠴᠢᠯᠡᠯᠲᠡ᠂ ᠪᠠᠷᠢᠯᠭ᠎ᠠ ᠶᠢᠨ ᠳᠠᠬᠢᠨ ᠡᠭᠦᠰᠴᠦ ᠪᠣᠯᠬᠤ ᠡᠨᠧᠷᠬᠢ ᠶᠢᠨ | ᠬᠡᠷᠡᠭᠯᠡᠭᠡᠨ ᠪᠠ ᠬᠠᠮᠢᠶ᠎ᠠ ᠪᠦᠬᠦᠢ ᠠᠵᠤ ᠦᠢᠯᠡᠰ ᠤᠨ ᠬᠥᠭᠵᠢᠯᠲᠡ ᠶᠢ ᠳᠡᠮᠵᠢᠨ᠎ᠡ᠃ ︵ᠥᠪᠡᠷᠲᠡᠭᠡᠨ ᠵᠠᠰᠠᠬᠤ | ᠣᠷᠣᠨ ᠤ ᠡᠳ᠋ ᠤᠨ ᠵᠠᠰᠠᠭ ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠥᠪᠥᠷ | ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠥᠪᠥᠷ ᠮᠣᠩᠭᠤᠯ ᠤᠨ ᠮᠥᠩᠭᠦᠨ ᠭᠦᠢᠯᠭᠡᠭᠡᠨ ᠤ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠳᠠᠬᠢ ᠬᠤᠪᠢᠶᠠᠷᠢ ᠪᠠᠩᠬᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ | ᠶᠣᠰᠣᠭᠠᠷ ᠬᠠᠷᠢᠭᠤᠴᠠᠨ᠎ᠠ︶ | ᠭᠤᠷᠪᠠ᠂ ᠠᠵᠢᠯ ᠤᠨ ᠱᠠᠭᠠᠷᠳᠠᠯᠭ᠎ᠠ | ᠡᠯ᠎ᠡ ᠠᠶᠢᠮᠠᠭ ᠬᠤᠲᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠬᠢᠨᠠᠮᠠᠭᠠᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠠᠷᠢᠯᠭ᠎ᠠ ᠶᠢᠨ ᠬᠦᠷᠢᠶᠡᠨ ᠳᠠᠬᠢ ᠡᠨᠧᠷᠭᠢ ᠠᠷᠪᠢᠯᠠᠵᠤ | ᠨᠡᠭᠦᠷᠡᠰᠦᠲᠥ᠋ᠷᠥᠭᠴᠢ ᠪᠠᠭᠤᠷᠠᠭᠤᠯᠬᠤ ᠶᠢ ᠲᠦᠷᠭᠡᠳᠬᠡᠨ ᠠᠬᠢᠭᠤᠯᠬᠤ ᠴᠢᠬᠤᠯᠠ ᠴᠢᠨᠠᠷ ᠢ ᠭᠦᠢᠴᠡᠳ ᠲᠠᠨᠢᠵᠤ᠂ ᠲᠣᠰ | ᠲᠥᠰᠥᠯ ᠤᠨ ᠭᠤᠣᠯᠳᠠᠯᠭ᠎ᠠ ᠲᠠᠢ ᠡᠭᠦᠷᠭᠡ ᠶᠢ ᠨᠠᠷᠢᠨ ᠪᠣᠳᠠᠲᠠᠢ ᠨᠠᠶᠢᠳᠠᠪᠤᠷᠢᠵᠢᠭᠤᠯᠤᠨ᠂ ᠨᠢᠭᠡᠳᠦᠯᠲᠡᠢ ᠲᠥᠯᠥᠪᠯᠡᠨ | ᠵᠣᠬᠢᠴᠠᠭᠤᠯᠬᠤ ᠪᠠ ᠲᠥᠷᠥ ᠶᠢᠨ ᠪᠣᠳᠣᠯᠭ᠎ᠠ ᠪᠡᠯᠡ ᠮᠥᠩᠭᠦᠨ ᠤ ᠳᠡᠮᠵᠢᠯᠭᠡ ᠪᠠᠨ ᠴᠢᠩᠭᠠᠳᠬᠠᠵᠤ᠂ ᠠᠵᠢᠯ ᠤᠨ | ᠨᠡᠶᠢᠯᠡᠮᠡᠯ ᠬᠦᠴᠦᠨ ᠢ ᠪᠣᠶ ᠪᠣᠯᠭᠠᠨ᠂ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ | ᠪᠡᠶᠡᠯᠡᠭᠦᠯᠵᠦ᠂ ᠡᠨᠧᠷᠭᠢ ᠶᠢᠨ ᠠᠰᠢᠭᠯᠠᠯᠲᠠ ᠶᠢᠨ ᠦᠷ᠎ᠡ ᠪᠦᠲᠦᠮᠵᠢ ᠪᠠᠨ ᠳᠡᠭᠡᠭᠰᠢᠯᠡᠭᠦᠯᠦᠨ᠂ ᠪᠠᠷᠢᠯᠭ᠎ᠠ ᠶᠢᠨ | ᠬᠦᠷᠢᠶᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠰᠢᠰᠲ᠋ᠧᠮ ᠤᠨ ᠦᠵᠡᠯᠲᠡ ᠶᠢ ᠪᠠᠷᠢᠮᠲᠠᠯᠠᠵᠤ | ᠂ ᠡᠯ᠎ᠡ ᠲᠠᠯ᠎ᠠ ᠶᠢᠨ ᠠᠰᠢᠭ ᠲᠤᠰᠠ ᠶᠢ ᠨᠢᠭᠡᠳᠦᠯᠲᠡᠢ ᠲᠥᠯᠥᠪᠯᠡᠨ ᠨᠡᠶᠢᠲᠡ ᠳᠤ ᠨᠢ ᠬᠠᠷᠠᠭᠠᠯᠵᠠᠵᠤ᠂ ᠭᠠᠷᠴᠤ ᠮᠡᠳᠡᠬᠦ | ᠠᠰᠠᠭᠤᠳᠠᠯ ᠪᠠ ᠵᠥᠷᠢᠴᠡᠯ ᠢ ᠪᠦᠲᠦᠮᠵᠢᠲᠡᠢ ᠰᠢᠢᠳᠪᠦᠷᠢᠯᠡᠵᠦ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ | ᠪᠠᠲᠤᠯᠠᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠪᠣᠬᠢᠷᠲᠤᠯ ᠦᠭᠡᠢ ᠬᠥᠭᠵᠢᠯᠲᠡ ᠶᠢ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠪᠠᠷᠢᠯᠭ᠎ᠠ ᠶᠢᠨ ᠡᠨᠧᠷᠭᠢ | ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠲᠠᠯ᠎ᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠪᠠ ᠬᠠᠮᠢᠶ᠎ᠠ | ᠪᠦᠬᠦᠢ ᠮᠡᠳᠡᠯᠭᠡ ᠶᠢ ᠲᠦᠭᠡᠮᠡᠯᠵᠢᠭᠦᠯᠬᠦ ᠬᠡᠷᠡᠭᠲᠡᠢ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ | 2024 ᠣᠨ ᠤ 9 ᠳ᠋ᠦ᠋ᠭᠡᠷ ᠰᠠᠷ᠎ᠠ ᠶᠢᠨ 10 ᠤ ᠡᠳᠦᠷ ᠳᠠᠷᠤᠮᠠᠯᠯᠠᠨ ᠲᠠᠷᠬᠠᠭᠠᠪᠠ | | | | | | | | | | | | ᠁ |