ᠤᠯᠠᠭᠠᠨᠬᠠᠳᠠ ᠬᠤᠲᠠ ᠡᠪᠦᠯ ᠤᠨ ᠤᠯᠠᠷᠢᠯ ᠤᠨ ᠵᠢᠭᠤᠯᠴᠢᠯᠠᠯ ᠢᠶᠠᠨ ᠤᠷᠢᠳᠴᠢᠯᠠᠨ ᠰᠦᠪᠡᠭᠴᠢᠯᠡᠵᠦ ︽ᠬᠦᠢᠲᠡᠨ ᠤ ᠡᠬᠢ ᠪᠠᠶᠠᠯᠢᠭ︾ ᠤᠨ ᠦᠢᠯᠡᠳᠦᠯ ᠢ ᠪᠠᠳᠠᠷᠠᠭᠤᠯᠪᠠ
ᠨᠡᠶᠢᠲᠡᠯᠡᠭᠰᠡᠨ ᠴᠠᠭ᠄
2024/10/20
   ᠤᠯᠠᠭᠠᠨᠬᠠᠳᠠ ᠬᠤᠲᠠ ᠡᠪᠦᠯ ᠤᠨ ᠤᠯᠠᠷᠢᠯ ᠤᠨ ᠵᠢᠭᠤᠯᠴᠢᠯᠠᠯ ᠢᠶᠠᠨ ᠤᠷᠢᠳᠴᠢᠯᠠᠨ ᠰᠦᠪᠡᠭᠴᠢᠯᠡᠵᠦ᠂ ︽ᠬᠦᠢᠲᠡᠨ ᠤ ᠡᠬᠢ ᠪᠠᠶᠠᠯᠢᠭ︾ ᠤᠨ ᠦᠢᠯᠡᠳᠦᠯ ᠢ ᠪᠠᠳᠠᠷᠠᠭᠤᠯᠵᠤ ᠪᠠᠶᠢᠨ᠎ᠠ᠃ ᠨᠢᠭᠡ ᠳᠤ᠂ ᠤᠷᠤᠯᠳᠤᠭᠠᠨ ᠢᠶᠠᠷ ᠵᠠᠮᠴᠢᠯᠠᠭᠤᠯᠬᠤ ᠶᠢ ᠪᠠᠷᠢᠮᠲᠠᠯᠠᠪᠠ᠃ ᠣᠯᠠᠨ ᠤᠯᠤᠰ ᠤᠨ ᠴᠠᠰᠤ ᠮᠥᠰᠥᠨ ᠤ ᠬᠤᠯᠪᠣᠭᠠᠨ ᠤ 2024 — 2025 ᠣᠨ ᠤ ᠤᠷᠤᠯᠳᠤᠭᠠᠨ ᠤ ᠤᠯᠠᠷᠢᠯ ᠤᠨ ᠳᠠᠩ ᠬᠠᠪᠲᠠᠰᠤᠲᠤ ᠴᠠᠨᠠᠯᠠᠯᠲᠠ ᠶᠢᠨ ᠵᠡᠷᠭᠡᠴᠡᠭᠡ ︵ᠶᠡᠭᠡ︶ ᠰᠦᠯᠵᠢᠶ᠎ᠡ ᠶᠢᠨ ᠲᠥᠷᠥᠯ ᠵᠦᠢᠯ ᠤᠨ ᠳᠡᠯᠡᠬᠡᠶ ᠶᠢᠨ ᠬᠤᠨᠳᠠᠭᠠᠲᠤ ᠤᠷᠤᠯᠳᠤᠭᠠᠨ ᠤᠯᠠᠭᠠᠨᠬᠠᠳᠠ ᠳᠤ ᠡᠷᠬᠢᠯᠡᠬᠦ ᠪᠣᠯᠣᠭᠰᠠᠨ ᠲᠣᠬᠢᠶᠠᠯ ᠢ ᠠᠰᠢᠭᠯᠠᠨ᠂ ᠬᠡᠰᠢᠭᠲᠡᠨ ᠬᠤᠰᠢᠭᠤ᠂ ᠬᠠᠷᠠᠴᠢᠨ ᠬᠤᠰᠢᠭᠤᠨ ᠤ ᠬᠤᠶᠠᠷ ᠶᠡᠭᠡ ᠮᠥᠰᠥ ᠴᠠᠰᠤ ᠲᠠᠢ ᠣᠷᠣᠨ ᠪᠦᠰᠡ ᠪᠠᠷ ᠭᠤᠣᠯᠯᠠᠭᠤᠯᠵᠤ᠂ ᠡᠪᠦᠯ ᠤᠨ ᠠᠮᠠᠷᠠᠯᠲᠠ ᠶᠢᠨ ᠮᠥᠰᠥ ᠴᠠᠰᠤᠨ ᠤ ᠰᠤᠳᠤᠯᠤᠨ ᠰᠤᠷᠤᠯᠴᠠᠬᠤ ᠵᠢᠭᠤᠯᠴᠢᠯᠠᠯ ᠪᠠ ᠴᠠᠭᠠᠨ ᠰᠠᠷ᠎ᠠ ᠶᠢᠨ ᠠᠮᠠᠷᠠᠯᠲᠠ ᠶᠢᠨ ᠵᠢᠭᠤᠯᠴᠢᠯᠠᠯ ᠤᠨ ᠬᠠᠯᠠᠮᠰᠢᠯ ᠴᠡᠭ ᠯᠦᠭᠡ ᠤᠶᠠᠯᠳᠤᠭᠤᠯᠤᠨ᠂ ︽ᠪᠡᠶ᠎ᠡ ᠶᠢᠨ ᠲᠠᠮᠢᠷ + ᠵᠢᠭᠤᠯᠴᠢᠯᠠᠯ︾ ︽ᠰᠣᠶᠣᠯ + ᠵᠢᠭᠤᠯᠴᠢᠯᠠᠯ︾ ᠤᠨ ᠡᠵᠡᠩᠨᠡᠯᠲᠡ ᠶᠢᠨ ᠬᠡᠯᠪᠡᠷᠢ ᠪᠠᠶᠢᠳᠠᠯ ᠲᠠᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠵᠤ ᠪᠠᠶᠢᠨ᠎ᠠ᠃ ᠬᠤᠶᠠᠷ ᠲᠤ᠂ ᠭᠤᠣᠯ ᠰᠡᠳᠦᠪ ᠢᠶᠠᠷ ᠰᠢᠨ᠎ᠡ ᠡᠭᠦᠳᠦᠯᠲᠡ ᠬᠢᠬᠦ ᠶᠢ ᠪᠠᠷᠢᠮᠲᠠᠯᠠᠪᠠ᠃ ᠨᠠᠮᠤᠷ ᠡᠪᠦᠯ ᠤᠨ ᠵᠤᠭᠠᠴᠠᠯ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ᠂ ᠬᠠᠯᠠᠭᠤᠨ ᠷᠠᠰᠢᠶᠠᠨ ᠤ ᠡᠷᠡᠭᠦᠯᠵᠢᠯ ᠰᠤᠪᠢᠯᠠᠯᠲᠠ ᠵᠡᠷᠭᠡ ᠣᠯᠠᠨ ᠡᠰᠢᠵᠢᠭᠰᠡᠨ ᠡᠵᠡᠩᠨᠡᠯᠲᠡ ᠶᠢᠨ ᠬᠡᠯᠪᠡᠷᠢ ᠪᠠᠶᠢᠳᠠᠯ ᠯᠤᠭ᠎ᠠ ᠠᠭᠤᠰᠤᠯᠴᠠᠭᠤᠯᠬᠤ ᠲᠦᠯᠦᠪᠯᠡᠭᠡ ᠶᠢ ᠭᠦᠨᠵᠡᠭᠡᠶ ᠨᠠᠷᠢᠯᠢᠭ ᠬᠢᠵᠦ᠂ ᠴᠠᠰᠤᠨ ᠳᠤ ᠭᠤᠯᠭᠤᠵᠤ ᠷᠠᠰᠢᠶᠠᠨ ᠳᠤ ᠣᠷᠣᠬᠤ ᠵᠢᠭᠤᠯᠴᠢᠯᠠᠯ᠂ ᠴᠠᠰᠤ ᠲᠠᠢ ᠭᠠᠵᠠᠷ ᠢᠶᠠᠷ ᠥᠪᠡᠰᠦᠪᠡᠨ ᠮᠠᠰᠢᠨ ᠲᠡᠷᠭᠡ ᠵᠢᠯᠣᠭᠤᠳᠬᠤ ᠵᠢᠭᠤᠯᠴᠢᠯᠠᠯ᠂ ᠠᠷᠠᠳ ᠤᠨ ᠵᠠᠩ ᠦᠢᠯᠡ ᠶᠢᠨ ᠴᠠᠭᠠᠨ ᠰᠠᠷ᠎ᠠ ᠶᠢᠨ ᠵᠢᠭᠤᠯᠴᠢᠯᠠᠯ ᠵᠡᠷᠭᠡ 7 ᠭᠤᠣᠯ ᠰᠡᠳᠦᠪᠲᠦ ᠵᠠᠮ ᠱᠤᠭᠤᠮ ᠢ ᠲᠣᠭᠲᠠᠭᠠᠪᠠ᠃ ᠭᠤᠷᠪᠠ ᠳᠤ᠂ ᠠᠵᠢᠯᠯᠠᠭᠠᠨ ᠢᠶᠠᠷ ᠬᠥᠭᠵᠢᠭᠡᠬᠦ ᠶᠢ ᠪᠠᠷᠢᠮᠲᠠᠯᠠᠪᠠ᠃ ᠮᠥᠰᠥ ᠴᠠᠰᠤᠨ ᠤ ᠨᠠᠶᠢᠷ ᠨᠠᠭᠠᠳᠤᠮ᠂ ᠮᠥᠰᠥ ᠴᠠᠰᠤᠨ ᠤ ᠤᠷᠤᠯᠳᠤᠭᠠᠨ ᠮᠦᠷᠦ᠋ᠢᠴᠡᠭᠡᠨ᠂ ᠮᠥᠰᠥ ᠴᠠᠰᠤᠨ ᠤ ᠵᠤᠭ᠎ᠠ ᠴᠡᠩᠭᠡᠯ᠂ ᠡᠪᠦᠯ ᠤᠨ ᠤᠯᠠᠷᠢᠯ ᠤᠨ ᠰᠤᠳᠤᠯᠤᠯ ᠰᠤᠷᠤᠯᠴᠠᠯᠭ᠎ᠠ ᠵᠡᠷᠭᠡ 6 ᠲᠥᠷᠥᠯ ᠤᠨ 174 ᠵᠦᠢᠯ ᠤᠨ ᠠᠵᠢᠯᠯᠠᠭᠠᠨ ᠢ ᠬᠠᠩᠭᠠᠬᠤ ᠪᠠᠷ ᠲᠦᠯᠦᠪᠯᠡᠵᠦ ᠪᠣᠢ᠃ ︵ᠤᠯᠠᠭᠠᠨᠬᠠᠳᠠ ᠬᠤᠲᠠ ᠶᠢᠨ ᠵᠠᠰᠠᠭ ᠤᠨ ᠣᠷᠳᠣᠨ︶
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号