ᠣᠶᠢᠷ᠎ᠠ ᠶᠢᠨ ᠬᠡᠳᠦᠨ ᠡᠳᠦᠷ᠂ ᠬᠦᠷᠢᠶ᠎ᠡ ᠬᠤᠰᠢᠭᠤᠨ ᠤ ᠬᠤᠰᠢᠭᠤᠨ ᠲᠡᠰ ᠤᠨ ᠪᠣᠳᠠᠰ ᠤᠨ ᠪᠤᠰᠤ | ᠰᠣᠶᠣᠯ ᠤᠨ ᠥᠪ ᠠᠨᠳᠠᠢ ᠪᠥᠵᠢᠭ ᠤᠨ ᠲᠥᠯᠥᠭᠡᠯᠡᠬᠦ ᠴᠢᠨᠠᠷᠲᠠᠢ ᠤᠯᠠᠮᠵᠢᠯᠠᠭᠴᠢ ᠯᠢᠦ ᠬᠠᠰᠤᠨᠴᠢᠮᠡᠭ ᠪᠣᠯᠣᠨ | ᠶᠠᠩᠰᠢᠪ ᠨᠡᠶᠢᠭᠡᠮ ᠲᠣᠭᠤᠷᠢᠭ ᠤᠨ ᠰᠢ ᠶᠠᠩ ᠬᠤᠩ ᠤᠷᠠᠨ ᠰᠠᠶᠢᠬᠠᠨ ᠤ ᠠᠩᠭᠢ ᠶᠢᠨ ᠭᠡᠰᠢᠭᠦᠳ ᠶᠠᠭᠠᠷᠠᠯᠲᠠᠢ ᠪᠠᠷ | ᠠᠨᠳᠠᠢ ᠪᠥᠵᠢᠭ ᠪᠣᠯᠪᠠᠰᠤᠷᠠᠵᠤ᠂ ᠨᠡᠶᠢᠭᠡᠮ ᠲᠣᠭᠤᠷᠢᠭ ᠤᠨ ᠢᠶᠠᠨ ᠲᠤᠰᠬᠠᠢ ᠤᠷᠠᠨ ᠰᠠᠶᠢᠬᠠᠨ ᠤ ᠲᠣᠬᠯᠠᠯᠲᠠ ᠳᠤ | ᠣᠷᠤᠯᠴᠠᠬᠤ ᠪᠠᠷ ᠪᠡᠯᠡᠳᠬᠡᠵᠦ ᠪᠠᠶᠢᠯ᠎ᠠ᠃ ᠯᠢᠦ ᠬᠠᠰᠤᠨᠴᠢᠮᠡᠭ 2016 ᠣᠨ ᠳᠤ ᠬᠤᠰᠢᠭᠤᠨ ᠲᠠᠰ ᠤᠨ ᠠᠨᠳᠠᠢ | ᠪᠥᠵᠢᠭ ᠤᠨ ᠤᠯᠠᠮᠵᠢᠯᠠᠭᠴᠢ ᠪᠠᠷ ᠰᠣᠩᠭᠤᠭᠳᠠᠭᠰᠠᠨ ᠠᠴᠠ ᠨᠠᠭᠠᠰᠢ᠂ ᠡᠳᠦᠷ ᠪᠣᠯᠭᠠᠨ ᠶᠠᠩᠰᠢᠪ ᠨᠡᠶᠢᠭᠡᠮ | ᠲᠣᠭᠤᠷᠢᠭ ᠤᠨ ᠠᠵᠢᠯᠯᠠᠭᠠᠨ ᠤ ᠲᠥᠪ ᠲᠤ ᠬᠦᠷᠴᠦ ᠰᠠᠭᠤᠭᠠᠯᠢ ᠠᠷᠠᠳ ᠲᠤ ᠠᠨᠳᠠᠢ ᠪᠥᠵᠢᠭ ᠵᠢᠭᠠᠳᠠᠭ᠃ ︽ᠠᠨᠳᠠᠢ | ᠪᠥᠵᠢᠭ ᠪᠣᠯ ᠪᠣᠳᠠᠰ ᠤᠨ ᠪᠤᠰᠤ ᠰᠣᠶᠣᠯ ᠤᠨ ᠥᠪ ᠮᠥᠨ᠂ ᠪᠢᠳᠡ ᠴᠥᠮ ᠪᠥᠵᠢᠭᠯᠡᠬᠦ ᠳᠤᠷᠠᠲᠠᠢ᠂ ᠤᠯᠠᠮᠵᠢᠯᠠᠭᠴᠢ | ᠶᠢᠨ ᠲᠤᠰᠬᠠᠢ ᠮᠡᠷᠭᠡᠵᠢᠯ ᠤᠨ ᠵᠢᠯᠣᠭᠤᠳᠤᠯᠭ᠎ᠠ ᠲᠠᠢ ᠪᠣᠯᠤᠭᠰᠠᠨ ᠠᠴᠠ ᠬᠥᠳᠡᠯᠦᠯ ᠪᠠᠷᠢᠯ ᠤᠨ ᠲᠠᠯ᠎ᠠ ᠪᠠᠷ ᠨᠡᠩ | ᠳᠦᠷᠢᠮᠵᠢᠭᠦᠨ ᠪᠣᠯᠤᠭᠰᠠᠨ ᠶᠤᠮ᠂ ᠠᠨᠳᠠᠢ ᠪᠥᠵᠢᠭ ᠪᠥᠵᠢᠭᠯᠡᠬᠦ ᠪᠠᠷ ᠳᠠᠮᠵᠢᠭᠠᠳ ᠠᠵᠢᠯ ᠤᠨ ᠴᠢᠯᠦᠭᠡᠨ ᠤ ᠠᠮᠢᠳᠤᠷᠠᠯ | ᠢᠶᠠᠨ ᠪᠠᠶᠠᠯᠢᠭᠵᠢᠭᠤᠯᠤᠭᠰᠠᠨ ᠢᠶᠠᠷ ᠪᠠᠷᠠᠬᠤ ᠦᠭᠡᠢ ᠪᠠᠰᠠ ᠪᠡᠶ᠎ᠡ ᠮᠠᠬᠠᠪᠤᠳ ᠢᠶᠠᠨ ᠳᠠᠪᠲᠠᠨ ᠪᠣᠯᠪᠠᠰᠤᠷᠠᠭᠤᠯᠵᠠᠢ᠂ | ᠪᠢᠳᠡ ᠬᠡᠳᠦᠶᠢᠪᠡᠷ ᠪᠦᠷ 60 ᠭᠠᠷᠤᠭᠰᠠᠨ ᠪᠤᠯᠪᠠᠴᠤ ᠪᠡᠶ᠎ᠡ ᠮᠠᠬᠠᠪᠤᠳ ᠮᠠᠰᠢ ᠰᠠᠶᠢᠨ ᠪᠠᠶᠢᠨ᠎ᠠ︾ ᠭᠡᠵᠦ ᠤᠳᠬ᠎ᠠ | ᠤᠷᠠᠯᠢᠭ ᠤᠨ ᠠᠩᠭᠢ ᠶᠢᠨ ᠭᠡᠰᠢᠭᠦᠨ ᠬᠦᠴᠦᠲᠦ ᠪᠠᠶᠠᠷᠲᠠᠶᠢᠬᠠᠨ ᠶᠠᠷᠢᠨ᠎ᠠ᠃ | ᠯᠢᠦ ᠬᠠᠰᠤᠨᠴᠢᠮᠡᠭ ᠥᠪᠡᠷ ᠤᠨ ᠪᠡᠶ᠎ᠡ ᠪᠠᠷ ᠢᠶᠠᠨ ᠵᠢᠱᠢᠶ᠎ᠡ ᠦᠵᠡᠭᠦᠯᠦᠨ ᠵᠢᠭᠠᠨ ᠵᠢᠯᠤᠭᠤᠳᠴᠤ᠂ ᠠᠩᠭᠢ ᠶᠢᠨ | ᠭᠡᠰᠢᠭᠦᠳ ᠨᠢ ᠨᠠᠷᠢᠨ ᠬᠢᠨᠠᠮᠠᠭᠠᠢ ᠲᠠᠭᠠᠨ ᠰᠤᠷᠤᠯᠴᠠᠵᠤ᠂ ᠲᠣᠷᠭ᠎ᠠ ᠳᠤᠷᠳᠤᠩ ᠢᠶᠠᠨ ᠰᠠᠵᠢᠨ ᠠᠶ᠎ᠠ ᠲᠠᠭᠠᠷᠠᠭᠤᠯᠤᠨ | ᠪᠥᠵᠢᠭᠯᠡᠵᠦ᠂ ᠬᠥᠳᠡᠯᠦᠯ ᠪᠠᠷᠢᠯ ᠪᠦᠭᠦᠨ ᠢ ᠳᠦᠷᠢᠮᠵᠢᠭᠦᠨ ᠲᠡᠭᠰᠢ ᠬᠢᠬᠦ ᠪᠠᠷ ᠴᠢᠷᠮᠠᠶᠢᠪᠠ᠃ ᠣᠶᠢᠯᠠᠭᠠᠭᠰᠠᠨ ᠢᠶᠠᠷ᠂ | ᠶᠠᠩᠰᠢᠪ ᠨᠡᠶᠢᠭᠡᠮ ᠲᠣᠭᠤᠷᠢᠭ ᠤᠨ ᠰᠢ ᠶᠠᠩ ᠬᠤᠩ ᠤᠷᠠᠯᠢᠭ ᠤᠨ ᠪᠦᠯᠭᠦᠮ ᠨᠢ 2014 ᠣᠨ ᠤ 8 ᠰᠠᠷ᠎ᠠ ᠳᠤ | ᠪᠠᠶᠢᠭᠤᠯᠤᠭᠳᠠᠵᠤ᠂ ᠬᠠᠮᠤᠭ ᠠᠩᠬᠠᠨ ᠤ 4 ᠬᠥᠮᠥᠨ ᠪᠠᠶᠢᠭᠰᠠᠨ ᠠᠴᠠ ᠪᠠᠨ ᠣᠲᠣ 48 ᠬᠥᠮᠥᠨ ᠪᠣᠯᠵᠤ ᠬᠥᠭᠵᠢᠵᠡᠢ | ᠂ ᠣᠯᠠᠨ ᠢᠶᠠᠷ ᠢᠶᠠᠨ ᠨᠡᠶᠢᠭᠡᠮ ᠲᠣᠭᠤᠷᠢᠭ ᠤᠨ ᠰᠣᠶᠣᠯ ᠲᠠᠮᠢᠷ ᠤᠨ ᠬᠥᠳᠡᠯᠭᠡᠭᠡᠨ ᠳᠤ ᠣᠷᠤᠯᠴᠠᠬᠤ ᠠᠴᠠ ᠭᠠᠳᠠᠨ᠎ᠠ | ᠪᠠᠰᠠ ᠦᠷᠭᠦᠯᠵᠢ ᠬᠤᠲᠠ᠂ ᠬᠤᠰᠢᠭᠤᠨ ᠤ ᠡᠷᠭᠢᠯᠡᠭᠰᠡᠨ ᠠᠨᠳᠠᠢ ᠪᠥᠵᠢᠭ ᠤᠨ ᠤᠷᠤᠯᠳᠤᠭᠠᠨ ᠳᠤ ᠣᠷᠣᠯᠴᠠᠵᠤ᠂ | ᠠᠨᠳᠠᠢ ᠪᠥᠵᠢᠭ ᠤᠨ ᠴᠤᠭ ᠵᠢᠪᠬᠤᠭ᠎ᠠ ᠪᠠᠨ ᠭᠠᠶᠢᠬᠠᠭᠤᠯᠳᠠᠭ᠃ ︽ᠠᠨᠳᠠᠢ ᠪᠥᠵᠢᠭ ᠤᠨ ᠤᠯᠠᠮᠵᠢᠯᠠᠭᠴᠢ | ᠪᠣᠯᠤᠭᠰᠠᠨ ᠤ ᠬᠤᠪᠢ ᠳᠤ ᠠᠨᠳᠠᠢ ᠪᠥᠵᠢᠭ ᠢ ᠬᠠᠮᠠᠭᠠᠯᠠᠨ ᠤᠯᠠᠮᠵᠢᠯᠠᠬᠤ ᠪᠣᠯ ᠮᠢᠨᠤ ᠬᠠᠷᠢᠭᠤᠴᠠᠯᠭ᠎ᠠ ᠮᠥᠨ᠂ | ᠬᠤᠶᠢᠰᠢᠳᠠ ᠪᠢ ᠪᠠᠶᠢᠭᠤᠯᠭ᠎ᠠ ᠨᠢᠭᠡᠴᠢ᠂ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠪᠣᠯᠣᠨ ᠰᠤᠷᠭᠠᠭᠤᠯᠢ ᠳᠤ | ᠢᠳᠡᠪᠬᠢᠲᠡᠢ ᠪᠠᠷ ᠭᠦᠨᠵᠡᠭᠡᠶᠢᠷᠡᠵᠦ᠂ ᠳᠦᠷᠢᠮᠵᠢᠭᠦᠨ ᠬᠥᠳᠡᠯᠦᠯ ᠢ ᠤᠯᠠᠮᠵᠢᠯᠠᠵᠤ᠂ ᠠᠨᠳᠠᠢ ᠪᠥᠵᠢᠭ ᠢ ᠨᠡᠩ ᠰᠠᠶᠢᠲᠤᠷ | ᠬᠠᠮᠠᠭᠠᠯᠠᠨ ᠤᠯᠠᠮᠵᠢᠯᠠᠨ᠎ᠠ︾ ᠭᠡᠵᠦ ᠯᠢᠦ ᠬᠠᠰᠤᠨᠴᠢᠮᠡᠭ ᠶᠠᠷᠢᠨ᠎ᠠ᠃ | ᠠᠨᠳᠠᠢ ᠤᠷᠠᠯᠢᠭ ᠢ ᠨᠡᠩ ᠥᠷᠭᠡᠨ ᠢᠶᠠᠷ ᠤᠯᠠᠮᠵᠢᠯᠠᠬᠤ ᠶᠢᠨ ᠲᠥᠯᠥᠭᠡ᠂ ᠬᠦᠷᠢᠶ᠎ᠡ ᠬᠤᠰᠢᠭᠤ ᠠᠨᠳᠠᠢ | ᠪᠥᠵᠢᠭ ᠢ ᠠᠨᠳᠠᠢ ᠪᠡᠶ᠎ᠡ ᠴᠢᠭᠢᠷᠠᠭᠵᠢᠭᠤᠯᠬᠤ ᠲᠠᠮᠢᠷ ᠪᠣᠯᠭᠠᠨ ᠥᠭᠡᠷᠡᠴᠢᠯᠡᠨ ᠵᠣᠬᠢᠶᠠᠵᠤ᠂ ᠰᠤᠷᠤᠬᠴᠢᠳ ᠤᠨ | ᠬᠢᠴᠢᠶᠡᠯ ᠤᠨ ᠵᠠᠪᠰᠠᠷᠯᠠᠭ᠎ᠠ ᠶᠢᠨ ᠲᠠᠮᠢᠷ ᠪᠣᠯᠭᠠᠨ ᠪᠦᠭᠦ ᠬᠤᠰᠢᠭᠤᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ ᠪᠠ | ᠬᠡᠦᠬᠡᠳ ᠤᠨ ᠴᠡᠴᠡᠷᠯᠢᠭ ᠲᠤ ᠳᠡᠯᠭᠡᠷᠡᠭᠦᠯᠵᠡᠢ᠃ ᠬᠦᠷᠢᠶ᠎ᠡ ᠪᠠᠯᠭᠠᠰᠤᠨ ᠤ ᠭᠤᠷᠪᠡᠨᠭᠡᠷ ᠰᠤᠷᠭᠠᠭᠤᠯᠢ ᠳᠤ᠂ ᠬᠢᠴᠢᠶᠡᠯ ᠤᠨ | ᠵᠠᠪᠰᠠᠷᠯᠠᠭ᠎ᠠ ᠶᠢᠨ ᠪᠡᠶ᠎ᠡ ᠶᠢᠨ ᠲᠠᠮᠢᠷ ᠤᠨ ᠴᠠᠭ ᠪᠤᠯᠬᠤ ᠪᠦᠷᠢ ᠰᠤᠷᠤᠬᠴᠢᠳ ᠲᠡᠷᠢ ᠲᠡᠭᠰᠢ ᠮᠥᠷᠯᠡᠨ ᠵᠢᠭᠰᠠᠵᠤ᠂ | ᠢᠷᠠᠭᠤ ᠰᠠᠶᠢᠬᠠᠨ ᠬᠥᠭᠵᠢᠮ ᠤᠨ ᠠᠶ᠎ᠠ ᠶᠢ ᠳᠠᠭᠠᠵᠤ᠂ ᠭᠠᠷ ᠲᠠᠬᠢ ᠤᠯᠠᠭᠠᠨ ᠲᠣᠷᠭ᠎ᠠ ᠪᠠᠨ ᠬᠤᠷᠤᠶᠢᠯᠵᠠᠭᠤᠯᠵᠤ᠂ | ᠠᠨᠳᠠᠢ ᠪᠡᠶ᠎ᠡ ᠴᠢᠭᠢᠷᠠᠭᠵᠢᠭᠤᠯᠬᠤ ᠲᠠᠮᠢᠷ ᠢ ᠪᠥᠵᠢᠭᠯᠡᠵᠦ᠂ ᠠᠨᠳᠠᠢ ᠤᠷᠠᠯᠢᠭ ᠤᠨ ᠠᠪᠴᠢᠷᠠᠭᠰᠠᠨ ᠪᠠᠶᠠᠷ ᠪᠠᠶᠠᠰᠤᠯ ᠢ | ᠬᠠᠮᠲᠤ ᠪᠠᠷ ᠡᠳ᠋ᠯᠡᠨ᠎ᠡ᠃ ᠰᠤᠷᠤᠬᠴᠢ ᠸᠠᠩ ᡁᠢ ᠰᠢᠶᠠ ᠬᠡᠯᠡᠭᠰᠡᠨ ᠨᠢ᠄ ︽ᠪᠠᠭ᠎ᠠ ᠰᠤᠷᠭᠠᠭᠤᠯᠢ ᠶᠢᠨ ᠨᠢᠭᠡᠳᠦᠭᠡᠷ ᠣᠨ | ᠠᠴᠠ ᠡᠬᠢᠯᠡᠭᠡᠳ ᠪᠢᠳᠡ ᠠᠨᠳᠠᠢ ᠪᠥᠵᠢᠭ ᠪᠥᠵᠢᠭᠯᠡᠭᠡᠳ ᠨᠢᠭᠡᠨᠲᠡ 4 ᠵᠢᠯ ᠪᠣᠯᠵᠤ ᠪᠠᠶᠢᠨ᠎ᠠ᠂ ᠮᠢᠨᠤ ᠦᠵᠡᠬᠦ ᠪᠠᠷ | ᠠᠨᠳᠠᠢ ᠪᠥᠵᠢᠭ ᠪᠥᠵᠢᠭᠯᠡᠬᠦ ᠨᠢ ᠪᠡᠶ᠎ᠡ ᠮᠠᠬᠠᠪᠤᠳ ᠢ ᠪᠤᠯᠪᠠᠰᠤᠷᠠᠭᠤᠯᠬᠤ ᠪᠠᠷ ᠪᠠᠷᠠᠬᠤ ᠦᠭᠡᠢ ᠪᠠᠰᠠ ᠪᠢᠳᠡᠨ ᠳᠤ | ᠦᠨᠳᠦᠰᠦᠲᠡᠨ ᠤ ᠰᠣᠶᠣᠯ ᠢ ᠨᠡᠩ ᠰᠠᠶᠢᠨ ᠣᠶᠢᠯᠠᠭᠠᠭᠤᠯᠵᠤ ᠴᠢᠳᠠᠨ᠎ᠠ︾ ᠭᠡᠵᠡᠢ᠃ | ᠠᠨᠳᠠᠢ ᠪᠥᠵᠢᠭ ᠤᠨ ᠬᠢᠴᠢᠶᠡᠯ ᠤᠨ ᠵᠠᠪᠰᠠᠷᠯᠠᠭ᠎ᠠ ᠶᠢᠨ ᠲᠠᠮᠢᠷ ᠢ ᠳᠡᠯᠭᠡᠷᠡᠭᠦᠯᠬᠦ ᠶᠢᠨ ᠲᠥᠯᠥᠭᠡ᠂ ᠭᠤᠷᠪᠡᠨᠭᠡᠷ | ᠰᠤᠷᠭᠠᠭᠤᠯᠢ ᠶᠢᠨ ᠬᠢᠨ ᠪᠠᠰᠠ ᠲᠣᠭᠲᠠᠮᠠᠯ ᠬᠤᠭᠤᠴᠠᠭ᠎ᠠ ᠲᠠᠢ ᠪᠠᠷ ᠲᠤᠰᠬᠠᠢ ᠮᠡᠷᠭᠡᠵᠢᠯ ᠤᠨ ᠪᠥᠵᠢᠭ ᠤᠨ ᠪᠠᠭᠰᠢ ᠶᠢ | ᠲᠣᠬᠢᠷᠠᠭᠤᠯᠤᠨ ᠰᠤᠷᠤᠬᠴᠢᠳ ᠢ ᠬᠠᠪᠰᠤᠷᠤᠨ ᠵᠢᠯᠤᠭᠤᠳᠴᠤ᠂ ᠳᠦᠷᠢᠮᠵᠢᠭᠦᠨ ᠪᠤᠰᠤ ᠬᠥᠳᠡᠯᠦᠯ ᠢ ᠴᠠᠭ ᠲᠤᠬᠠᠢ | ᠳᠤᠨᠢ ᠵᠠᠯᠠᠷᠠᠭᠤᠯᠳᠠᠭ᠃ ᠣᠳᠣᠬᠠᠨ ᠳᠤ᠂ ᠲᠤᠰ ᠰᠤᠷᠭᠠᠭᠤᠯᠢ ᠶᠢᠨ ᠰᠤᠷᠤᠬᠴᠢᠳ ᠠᠨᠳᠠᠢ ᠪᠥᠵᠢᠭ ᠤᠨ ᠬᠥᠳᠡᠯᠦᠯ | ᠪᠠᠷᠢᠯ ᠢ ᠪᠣᠯᠪᠠᠰᠤᠷᠠᠩᠭᠤᠢ ᠡᠵᠡᠮᠰᠢᠵᠦ᠂ ᠡᠨᠡ ᠬᠦ ᠬᠢᠴᠢᠶᠡᠯ ᠤᠨ ᠵᠠᠪᠰᠠᠷᠯᠠᠭ᠎ᠠ ᠶᠢᠨ ᠲᠠᠮᠢᠷ ᠲᠤ ᠨᠡᠩ ᠳᠤᠷᠠᠲᠠᠢ | ᠪᠣᠯᠤᠭᠰᠠᠨ ᠪᠠᠶᠢᠨ᠎ᠠ᠃ | ᠣᠯᠠᠨ ᠵᠢᠯ ᠤᠨ ᠲᠤᠷᠰᠢ᠂ ᠬᠦᠷᠢᠶ᠎ᠡ ᠬᠤᠰᠢᠭᠤ ᠠᠨᠳᠠᠢ ᠰᠣᠶᠣᠯ ᠤᠨ ᠬᠠᠮᠠᠭᠠᠯᠠᠯᠲᠠ ᠪᠠ ᠤᠯᠠᠮᠵᠢᠯᠠᠯ ᠢᠶᠠᠨ | ᠲᠠᠰᠤᠷᠠᠯᠲᠠ ᠦᠭᠡᠢ ᠴᠢᠩᠭᠠᠳᠬᠠᠵᠤ᠂ ᠠᠨᠳᠠᠢ ᠪᠥᠵᠢᠭ ᠤᠨ ᠲᠥᠯᠥᠭᠡᠯᠡᠬᠦ ᠴᠢᠨᠠᠷᠲᠠᠢ ᠤᠯᠠᠮᠵᠢᠯᠠᠭᠴᠢ ᠶᠢᠨ ᠱᠠᠪᠢ | ᠡᠯᠰᠡᠬᠦ᠂ ᠱᠠᠪᠢ ᠰᠤᠷᠭᠠᠬᠤ ᠶᠢ ᠵᠣᠷᠢᠭᠵᠢᠭᠤᠯᠵᠤ᠂ ᠤᠯᠠᠮᠵᠢᠯᠠᠯ ᠤᠨ ᠴᠢᠨᠠᠷᠲᠠᠢ ᠦᠵᠡᠭᠦᠯᠭᠡ ᠶᠢᠨ ᠲᠣᠬᠯᠠᠯᠲᠠ | ᠥᠷᠨᠢᠭᠦᠯᠵᠦ᠂ ᠠᠨᠳᠠᠢ ᠪᠥᠵᠢᠭ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ᠂ ᠨᠡᠶᠢᠭᠡᠮ ᠲᠣᠭᠤᠷᠢᠭ ᠲᠤ | ᠣᠷᠣᠭᠤᠯᠬᠤ᠂ ᠠᠶᠢᠯ ᠲᠣᠰᠬᠤᠨ ᠳᠤ ᠣᠷᠣᠭᠤᠯᠬᠤ᠂ ᠠᠭᠤᠳᠠᠮ ᠲᠠᠯᠠᠪᠠᠶ ᠳᠤ ᠣᠷᠣᠭᠤᠯᠬᠤ ︽ᠳᠥᠷᠪᠡ ᠳᠤ | ᠣᠷᠣᠭᠤᠯᠬᠤ︾ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠠᠨᠳᠠᠢ ᠪᠥᠵᠢᠭ ᠤᠨ ᠨᠥᠯᠥᠭᠡᠯᠡᠬᠦ ᠬᠦᠴᠦᠨ᠂ | ᠤᠯᠠᠮᠵᠢᠯᠠᠬᠤ ᠬᠦᠴᠦᠨ ᠢ ᠤᠯᠠᠮ ᠨᠢᠭᠡ ᠠᠯᠬᠤᠮ ᠥᠷᠭᠡᠳᠬᠡᠨ᠂ ᠠᠨᠳᠠᠢ ᠰᠣᠶᠣᠯ ᠢ ᠤᠯᠠᠮᠵᠢᠯᠠᠨ ᠵᠠᠯᠭᠠᠮᠵᠢᠯᠠᠵᠤ | ᠰᠢᠨ᠎ᠡ ᠶᠢ ᠡᠭᠦᠳᠬᠦ ᠳᠤᠮᠳᠠ ᠰᠢᠨ᠎ᠡ ᠠᠮᠢᠯᠠᠯ ᠲᠠᠢ ᠪᠤᠯᠭᠠᠵᠤ᠂ ᠤᠮᠠᠷᠠᠲᠤ ᠬᠢᠯᠢ ᠶᠢᠨ ᠰᠣᠶᠣᠯ ᠤᠨ ᠨᠠᠷᠠᠲᠤ ᠲᠥᠷᠥᠯ | ᠲᠡᠮᠳᠡᠭ ᠢ ᠭᠠᠶᠢᠬᠠᠭᠤᠯᠪᠠ᠃ | ᠣᠳᠣᠬᠠᠨ ᠳᠤ᠂ ᠲᠣᠰ ᠬᠤᠰᠢᠭᠤᠨ ᠳᠤ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤᠨ | ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠠᠨᠳᠠᠢ ᠪᠥᠵᠢᠭ ᠤᠨ ᠲᠥᠯᠥᠭᠡᠯᠡᠬᠦ ᠴᠢᠨᠠᠷᠲᠠᠢ ᠤᠯᠠᠮᠵᠢᠯᠠᠭᠴᠢ | 50 ᠬᠥᠮᠥᠨ ᠪᠠᠶᠢᠵᠤ᠂ ᠠᠨᠳᠠᠢ ᠪᠥᠵᠢᠭ ᠢ ᠤᠯᠠᠮᠵᠢᠯᠠᠨ ᠰᠤᠷᠤᠯᠴᠠᠬᠤ ᠰᠤᠷᠭᠠᠭᠤᠯᠢ 17 ᠪᠤᠶ᠃ | | | | | | | | | | | | ᠁ |