ᠣᠶᠢᠷ᠎ᠠ ᠳᠤ᠂ ᠰᠣᠶᠣᠯ ᠪᠠ ᠵᠢᠭᠤᠯᠴᠢᠯᠠᠯ ᠤᠨ ᠶᠠᠮᠤᠨ ᠤ ᠠᠯᠪᠠᠨ ᠲᠢᠩᠬᠢᠮ ︽ᠰᠣᠶᠣᠯ ᠪᠠ ᠵᠢᠭᠤᠯᠴᠢᠯᠠᠯ ᠤᠨ | ᠪᠠᠷᠢᠮᠵᠢᠶᠠᠵᠢᠭᠤᠯᠤᠯᠲᠠ ᠶᠢᠨ ᠠᠵᠢᠯ ᠤᠨ ᠨᠠᠷᠢᠨ ᠳᠦᠷᠢᠮ︾ ︵ᠳᠣᠷᠣᠭᠰᠢ ︽ᠨᠠᠷᠢᠨ ᠳᠦᠷᠢᠮ︾ ᠭᠡᠵᠦ | ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ︽ᠨᠠᠷᠢᠨ ᠳᠦᠷᠢᠮ︾ ᠢ ᠨᠠᠩ ᠰᠠᠶᠢᠨ ᠣᠶᠢᠯᠠᠭᠠᠬᠤ ᠪᠠ | ᠬᠡᠷᠡᠭᠵᠢᠭᠦᠯᠬᠦ ᠶᠢᠨ ᠲᠥᠯᠥᠭᠡ᠂ ᠪᠢᠴᠢᠭ ᠮᠠᠲ᠋ᠧᠷᠢᠶᠠᠯ ᠤᠨ ᠬᠠᠮᠢᠶ᠎ᠠ ᠪᠦᠬᠦᠢ ᠠᠭᠤᠯᠭ᠎ᠠ ᠶᠢᠨ ᠲᠤᠬᠠᠢ ᠳᠣᠣᠷᠠᠬᠢ ᠮᠡᠲᠦ | ᠲᠠᠶᠢᠯᠤᠮᠵᠢ ᠬᠢᠪᠡ᠄ | ᠨᠢᠭᠡ᠂ ︽ᠨᠠᠷᠢᠨ ᠳᠦᠷᠢᠮ︾ ᠢ ᠲᠣᠭᠲᠠᠭᠠᠵᠤ ᠨᠡᠶᠢᠲᠡᠯᠡᠭᠰᠡᠨ ᠤ ᠠᠬᠤᠢ ᠪᠠᠶᠢᠳᠠᠯ ᠪᠠ ᠵᠣᠷᠢᠯᠭ᠎ᠠ ᠨᠢ ᠶᠠᠭᠤ | ᠪᠤᠶ︖ | 2023 ᠣᠨ ᠳᠤ᠂ ᠰᠣᠶᠣᠯ ᠪᠠ ᠵᠢᠭᠤᠯᠴᠢᠯᠠᠯ ᠤᠨ ᠶᠠᠮᠤᠨ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ | ᠪᠢᠴᠢᠭ ᠮᠠᠲ᠋ᠧᠷᠢᠶᠠᠯ ︽ᠰᠣᠶᠣᠯ ᠪᠠ ᠵᠢᠭᠤᠯᠴᠢᠯᠠᠯ ᠤᠨ ᠪᠠᠷᠢᠮᠵᠢᠶᠠᠵᠢᠭᠤᠯᠤᠯᠲᠠ ᠶᠢᠨ ᠠᠵᠢᠯ ᠤᠨ ᠬᠠᠮᠢᠶᠠᠷᠤᠯᠲᠠ ᠶᠢᠨ | ᠠᠷᠭ᠎ᠠ︾ ︵ᠳᠣᠷᠣᠭᠰᠢ ︽ᠬᠠᠮᠢᠶᠠᠷᠤᠯᠲᠠ ᠶᠢᠨ ᠠᠷᠭ᠎ᠠ︾ ᠭᠡᠵᠦ ᠲᠣᠪᠴᠢᠯᠠᠨ᠎ᠠ︶ ᠶᠢ ᠨᠡᠶᠢᠲᠡᠯᠡᠵᠦ᠂ ᠰᠣᠶᠣᠯ ᠪᠠ | ᠵᠢᠭᠤᠯᠴᠢᠯᠠᠯ ᠤᠨ ᠪᠠᠷᠢᠮᠵᠢᠶᠠᠵᠢᠭᠤᠯᠤᠯᠲᠠ ᠶᠢᠨ ᠠᠵᠢᠯ ᠢ ᠵᠢᠷᠤᠮᠵᠢᠭᠤᠯᠬᠤ᠂ ᠠᠵᠢᠯ ᠲᠥᠷᠥᠯ ᠤᠨ | ᠪᠠᠷᠢᠮᠵᠢᠶᠠᠵᠢᠭᠤᠯᠤᠯᠲᠠ ᠶᠢᠨ ᠪᠠᠶᠢᠭᠤᠯᠤᠯᠲᠠ ᠶᠢ ᠠᠬᠢᠭᠤᠯᠬᠤ ᠳᠤ ᠢᠳᠡᠪᠬᠢᠲᠡᠢ ᠦᠢᠯᠡᠳᠦᠯ ᠦᠵᠡᠭᠦᠯᠪᠡ᠃ ︽ | ᠬᠠᠮᠢᠶᠠᠷᠤᠯᠲᠠ ᠶᠢᠨ ᠠᠷᠭ᠎ᠠ︾ ᠶᠢᠨ ᠬᠡᠷᠡᠭᠵᠢᠭᠦᠯᠦᠯᠲᠡ ᠶᠢ ᠠᠬᠢᠭᠤᠯᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠪᠠᠷᠢᠮᠵᠢᠶᠠᠵᠢᠭᠤᠯᠤᠯᠲᠠ ᠶᠢᠨ ᠬᠠᠤᠯᠢ︾ ︽ᠤᠯᠤᠰ ᠤᠨ ᠪᠠᠷᠢᠮᠵᠢᠶᠠᠵᠢᠭᠤᠯᠤᠯᠲᠠ ᠶᠢᠨ | ᠬᠥᠭᠵᠢᠯᠲᠡ ᠶᠢᠨ ᠬᠥᠲᠥᠯᠪᠦᠷᠢ︾ ᠵᠢᠴᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ | ᠲᠣᠪᠴᠢᠶ᠎ᠠ ᠶᠢᠨ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ᠂ ᠢᠵᠢ ᠪᠦᠷᠢᠳᠦᠭᠰᠡᠨ ︽ᠨᠠᠷᠢᠨ ᠳᠦᠷᠢᠮ︾ ᠢ | ᠤᠯᠠᠮ ᠨᠢᠭᠡ ᠠᠯᠬᠤᠮ ᠲᠣᠭᠲᠠᠭᠠᠵᠤ᠂ ︽ᠬᠠᠮᠢᠶᠠᠷᠤᠯᠲᠠ ᠶᠢᠨ ᠠᠷᠭ᠎ᠠ︾ ᠶᠢᠨ ᠬᠠᠮᠢᠶ᠎ᠠ ᠪᠦᠬᠦᠢ ᠲᠣᠭᠲᠠᠭᠠᠯ ᠢ | ᠨᠠᠷᠢᠯᠢᠭᠵᠢᠭᠤᠯᠵᠤ᠂ ᠪᠣᠳᠠᠲᠠᠢ ᠠᠵᠢᠯ ᠪᠠ ᠪᠣᠳᠠᠲᠠᠢ ᠠᠵᠢᠯᠯᠠᠭᠠᠨ ᠳᠤ ᠦᠨᠳᠦᠰᠦᠯᠡᠯ ᠬᠠᠩᠭᠠᠭᠰᠠᠨ ᠪᠠᠶᠢᠨ᠎ᠠ᠃ ︽ | ᠨᠠᠷᠢᠨ ᠳᠦᠷᠢᠮ︾ ᠢ ᠨᠡᠶᠢᠲᠡᠯᠡᠭᠰᠡᠨ ᠨᠢ ᠰᠣᠶᠣᠯ ᠪᠠ ᠵᠢᠭᠤᠯᠴᠢᠯᠠᠯ ᠤᠨ ᠪᠠᠷᠢᠮᠵᠢᠶᠠᠵᠢᠭᠤᠯᠤᠯᠲᠠ ᠶᠢᠨ ᠠᠵᠢᠯ ᠤᠨ | ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠠᠵᠢᠯ ᠲᠥᠷᠥᠯ ᠤᠨ | ᠪᠠᠷᠢᠮᠵᠢᠶᠠᠵᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠰᠣᠶᠣᠯ ᠪᠠ ᠵᠢᠭᠤᠯᠴᠢᠯᠠᠯ ᠤᠨ ᠠᠵᠢᠯ | ᠲᠥᠷᠥᠯ ᠤᠨ ᠬᠠᠮᠢᠶᠠᠷᠤᠯᠲᠠ ᠪᠠ ᠦᠢᠯᠡᠴᠢᠯᠡᠭᠡ ᠶᠢᠨ ᠳᠡᠭᠡᠭᠰᠢᠯᠡᠯᠲᠡ ᠳᠤ ᠬᠦᠴᠦᠨ ᠨᠡᠮᠡᠷᠢᠯᠡᠵᠦ᠂ ᠰᠣᠶᠣᠯ ᠪᠠ | ᠵᠢᠭᠤᠯᠴᠢᠯᠠᠯ ᠤᠨ ᠴᠢᠨᠠᠷ ᠰᠠᠶᠢᠲᠠᠢ ᠬᠥᠭᠵᠢᠯᠲᠡ ᠳᠤ ᠲᠤᠯᠭᠠᠭᠤᠷᠢᠯᠠᠯ ᠪᠠ ᠪᠠᠲᠤᠯᠠᠭ᠎ᠠ ᠬᠠᠩᠭᠠᠬᠤ ᠪᠣᠯᠣᠨ᠎ᠠ᠃ | ᠬᠤᠶᠠᠷ᠂ ︽ᠨᠠᠷᠢᠨ ᠳᠦᠷᠢᠮ︾ ᠪᠣᠯᠣᠨ ︽ᠬᠠᠮᠢᠶᠠᠷᠤᠯᠲᠠ ᠶᠢᠨ ᠠᠷᠭ᠎ᠠ︾ ᠶᠢᠨ ᠬᠠᠷᠢᠴᠠᠭ᠎ᠠ ᠪᠠ | ᠢᠯᠭᠠᠭ᠎ᠠ ᠨᠢ ᠶᠠᠭᠤ ᠪᠤᠢ︖ | ︽ᠨᠠᠷᠢᠨ ᠳᠦᠷᠢᠮ︾ ᠪᠣᠯ ︽ᠬᠠᠮᠢᠶᠠᠷᠤᠯᠲᠠ ᠶᠢᠨ ᠠᠷᠭ᠎ᠠ︾ ᠶᠢᠨ ᠢᠵᠢ ᠪᠦᠷᠢᠳᠦᠭᠰᠡᠨ ᠪᠢᠴᠢᠭ ᠮᠠᠲ᠋ᠧᠷᠢᠶᠠᠯ | ᠪᠣᠯᠣᠨ᠎ᠠ᠃ ︽ᠬᠠᠮᠢᠶᠠᠷᠤᠯᠲᠠ ᠶᠢᠨ ᠠᠷᠭ᠎ᠠ︾ ᠳᠤ ᠭᠤᠣᠯᠳᠠᠭᠤ ᠪᠠᠷᠢᠮᠵᠢᠶᠠᠵᠢᠭᠤᠯᠬᠤ ᠠᠵᠢᠯ ᠤᠨ ᠵᠠᠷᠴᠢᠮ᠂ | ᠪᠠᠶᠢᠭᠤᠯᠤᠮᠵᠢ ᠶᠢᠨ ᠲᠤᠰᠢᠶᠠᠯ ᠬᠠᠷᠢᠭᠤᠴᠠᠯᠭ᠎ᠠ᠂ ᠬᠠᠮᠢᠶᠠᠷᠤᠯᠲᠠ ᠶᠢᠨ ᠱᠠᠭᠠᠷᠳᠠᠯᠭ᠎ᠠ ᠪᠠ ᠭᠤᠣᠯ ᠵᠢᠷᠤᠮ ᠢ | ᠲᠣᠭᠲᠠᠭᠠᠵᠤ᠂ ᠰᠠᠭᠤᠷᠢᠯᠠᠬᠤ ᠴᠢᠨᠠᠷ᠂ ᠵᠠᠷᠴᠢᠮᠲᠤ ᠴᠢᠨᠠᠷ ᠢ ᠲᠤᠪᠤᠶᠢᠯᠭᠠᠪᠠ᠃ ᠭᠡᠬᠦ ᠳᠤ ᠪᠠᠨ ︽ᠨᠠᠷᠢᠨ ᠳᠦᠷᠢᠮ︾ | ᠳᠤ ᠪᠠᠷᠢᠮᠵᠢᠶᠠᠵᠢᠭᠤᠯᠤᠯᠲᠠ ᠶᠢᠨ ᠠᠵᠢᠯ ᠤᠨ ᠬᠤᠯᠪᠣᠭᠳᠠᠯ ᠪᠦᠬᠦᠢ ᠪᠣᠳᠠᠲᠠᠢ ᠶᠠᠪᠤᠴᠠ ᠪᠠ ᠠᠵᠢᠯᠯᠠᠭᠠᠨ ᠤ | ᠱᠠᠭᠠᠷᠳᠠᠯᠭ᠎ᠠ ᠶᠢ ᠰᠢᠰᠲ᠋ᠧᠮ ᠲᠠᠢ ᠲᠣᠳᠣᠷᠬᠠᠶᠢᠯᠠᠵᠤ᠂ ᠨᠠᠩ ᠢᠯᠡᠭᠦᠦ ᠵᠢᠯᠤᠭᠤᠳᠬᠤ ᠴᠢᠨᠠᠷ᠂ ᠪᠣᠳᠠᠲᠤ | ᠠᠵᠢᠯᠯᠠᠭᠠᠨ ᠤ ᠴᠢᠨᠠᠷ ᠲᠠᠢ ᠪᠣᠯᠭᠠᠵᠠᠢ᠃ | ᠭᠤᠷᠪᠠ᠂ ︽ᠨᠠᠷᠢᠨ ᠳᠦᠷᠢᠮ︾ ᠤᠨ ᠭᠤᠣᠯ ᠠᠭᠤᠯᠭ᠎ᠠ ᠨᠢ ᠶᠠᠭᠤ ᠪᠤᠢ︖ | ︽ᠨᠠᠷᠢᠨ ᠳᠦᠷᠢᠮ︾ ᠳᠤ 6 ᠪᠦᠯᠦᠭ 41 ᠵᠦᠢᠯ ᠪᠣᠶ᠂ ᠡᠭᠦᠨ ᠳᠤ᠄ 1 ︱ 3 ᠳ᠋ᠤᠭᠠᠷ ᠪᠦᠯᠦᠭ ᠲᠤ᠂ | ᠰᠣᠶᠣᠯ ᠪᠠ ᠵᠢᠭᠤᠯᠴᠢᠯᠠᠯ ᠤᠨ ᠶᠠᠮᠤᠨ ᠤ ᠠᠳᠠᠯᠢ ᠪᠤᠰᠤ ᠲᠥᠷᠥᠯ ᠬᠡᠯᠪᠡᠷᠢ ᠶᠢᠨ ᠪᠠᠷᠢᠮᠵᠢᠶ᠎ᠠ ᠶᠢᠨ ᠬᠠᠮᠢᠶᠠᠷᠤᠯᠲᠠ ᠶᠢᠨ | ᠡᠭᠦᠷᠭᠡ ᠴᠢᠳᠠᠪᠤᠷᠢ ᠶᠢ ᠦᠨᠳᠦᠰᠦᠯᠡᠨ᠂ ᠤᠯᠤᠰ ᠤᠨ ᠪᠠᠷᠢᠮᠵᠢᠶ᠎ᠠ᠂ ᠠᠵᠢᠯ ᠲᠥᠷᠥᠯ ᠤᠨ ᠪᠠᠷᠢᠮᠵᠢᠶ᠎ᠠ ᠶᠢᠨ ᠠᠵᠢᠯ ᠤᠨ | ᠶᠠᠪᠤᠴᠠ ᠵᠢᠴᠢ ᠣᠷᠣᠨ ᠨᠤᠲᠤᠭ ᠤᠨ ᠪᠠᠷᠢᠮᠵᠢᠶ᠎ᠠ᠂ ᠪᠦᠯᠬᠦᠮ ᠤᠨ ᠪᠠᠷᠢᠮᠵᠢᠶ᠎ᠠ ᠶᠢᠨ ᠬᠠᠮᠢᠶᠠᠷᠤᠯᠲᠠ ᠶᠢᠨ | ᠱᠠᠭᠠᠷᠳᠠᠯᠭ᠎ᠠ ᠶᠢ ᠪᠣᠳᠠᠲᠠᠢ ᠲᠣᠭᠲᠠᠭᠠᠪᠠ︔ 4 ᠳ᠋ᠤᠭᠡᠷ ᠪᠦᠯᠦᠭ ᠲᠤ᠂ ᠪᠠᠷᠢᠮᠵᠢᠶ᠎ᠠ ᠶᠢ ᠤᠯᠠᠨ ᠤᠯᠤᠰᠴᠢᠯᠠᠬᠤ | ᠠᠵᠢᠯ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠲᠣᠳᠣᠷᠬᠠᠶᠢᠯᠠᠪᠠ︔ 5 ᠪᠦᠯᠦᠭ ᠲᠤ᠂ ᠪᠠᠷᠢᠮᠵᠢᠶ᠎ᠠ ᠶᠢ | ᠤᠬᠠᠭᠤᠯᠬᠤ᠂ ᠬᠡᠷᠡᠭᠵᠢᠭᠦᠯᠬᠦ ᠪᠠ ᠬᠢᠨᠠᠯᠲᠠ ᠲᠠᠯᠪᠢᠬᠤ ᠠᠵᠢᠯ ᠢ ᠴᠢᠬᠤᠯᠠᠴᠢᠯᠠᠪᠠ︔ 6 ᠳ᠋ᠤᠭᠠᠷ ᠪᠦᠯᠦᠭ ᠲᠤ᠂ | ᠪᠥᠬᠦ ᠤᠯᠤᠰ ᠤᠨ ᠲᠤᠰᠬᠠᠢ ᠮᠡᠷᠭᠡᠵᠢᠯ ᠤᠨ ᠪᠠᠷᠢᠮᠵᠢᠶᠠᠵᠢᠭᠤᠯᠤᠯᠲᠠ ᠶᠢᠨ ᠮᠡᠷᠭᠡᠵᠢᠯ ᠤᠨ ᠵᠥᠪᠯᠡᠯ ᠤᠨ | ᠬᠠᠮᠢᠶᠠᠷᠤᠯᠲᠠ ᠶᠢᠨ ᠱᠠᠭᠠᠷᠳᠠᠯᠭ᠎ᠠ ᠶᠢ ᠨᠠᠷᠢᠯᠢᠭᠵᠢᠭᠤᠯᠪᠠ᠃ ︽ᠨᠠᠷᠢᠨ ᠳᠦᠷᠢᠮ︾ ᠤᠨ ᠳᠠᠭᠠᠯᠳᠤᠭᠤᠯᠤᠯ ᠳᠤ | ᠭᠤᠣᠯᠳᠠᠭᠤ ᠪᠠᠷᠢᠮᠵᠢᠶ᠎ᠠ ᠶᠢ ᠲᠣᠭᠲᠠᠭᠠᠬᠤ ᠬᠠᠮᠢᠶ᠎ᠠ ᠪᠦᠬᠦᠢ ᠴᠤᠪᠤᠷᠠᠯ᠂ ᠮᠠᠲ᠋ᠧᠷᠢᠶᠠᠯ ᠵᠢᠴᠢ ᠪᠢᠴᠢᠭ ᠮᠠᠲ᠋ᠧᠷᠢᠶᠠᠯ ᠤᠨ | ᠵᠠᠭᠪᠤᠷ ᠢ ᠲᠣᠳᠣᠷᠬᠠᠶᠢᠯᠠᠪᠠ᠃ | ᠳᠥᠷᠪᠡ᠂ ︽ᠨᠠᠷᠢᠨ ᠳᠦᠷᠢᠮ︾ ᠤᠨ ᠳᠦᠷᠢᠮᠵᠢᠯᠲᠦ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠢ | ᠬᠡᠷᠬᠢᠨ ᠪᠠᠲᠤᠯᠠᠬᠤ ᠪᠤᠢ︖ | ᠨᠢᠭᠡ ᠳᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠵᠤ᠂ ︽ | ᠤᠯᠤᠰ ᠤᠨ ᠪᠠᠷᠢᠮᠵᠢᠶᠠᠵᠢᠭᠤᠯᠤᠨ ᠬᠥᠭᠵᠢᠭᠦᠯᠬᠦ ᠲᠣᠪᠴᠢ︾ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠠᠷᠢᠮᠵᠢᠶᠠᠵᠢᠭᠤᠯᠤᠯᠲᠠ ᠶᠢᠨ ᠬᠠᠤᠯᠢ︾ ᠵᠢᠴᠢ ᠤᠯᠤᠰ ᠤᠨ | ᠪᠠᠷᠢᠮᠵᠢᠶᠠᠵᠢᠭᠤᠯᠤᠯᠲᠠ ᠶᠢᠨ ᠺᠣᠮᠢᠰ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ︽ᠨᠠᠷᠢᠨ ᠳᠦᠷᠢᠮ︾ | ᠢ ᠲᠣᠭᠲᠠᠭᠠᠪᠠ᠂ ᠡᠨᠡ ᠨᠢ ᠬᠠᠮᠤᠭ ᠤᠨ ᠰᠢᠨ᠎ᠡ ᠲᠦᠷᠦ ᠶᠢᠨ ᠪᠣᠳᠣᠯᠭ᠎ᠠ ᠶᠢᠨ ᠵᠣᠷᠢᠭ ᠰᠠᠨᠠᠭ᠎ᠠ ᠪᠠ | ᠬᠠᠮᠢᠶᠠᠷᠤᠯᠲᠠ ᠶᠢᠨ ᠲᠣᠭᠲᠠᠭᠠᠯ ᠳᠤ ᠨᠡᠶᠢᠴᠡᠵᠦ ᠪᠠᠶᠢᠨ᠎ᠠ᠃ | ᠬᠤᠶᠠᠷ ᠲᠤ᠂ ᠰᠣᠶᠣᠯ ᠪᠠ ᠵᠢᠭᠤᠯᠴᠢᠯᠠᠯ ᠤᠨ ᠪᠠᠷᠢᠮᠵᠢᠶᠠᠵᠢᠭᠤᠯᠤᠯᠲᠠ ᠶᠢᠨ ᠠᠵᠢᠯ ᠤᠨ ᠪᠣᠳᠠᠲᠤ | ᠪᠠᠶᠢᠳᠠᠯ ᠲᠠᠢ ᠤᠶᠠᠯᠳᠤᠭᠤᠯᠤᠨ᠂ ᠬᠠᠮᠢᠶ᠎ᠠ ᠪᠦᠬᠦᠢ ᠨᠢᠭᠡᠴᠢ ᠪᠠ ᠪᠥᠬᠦ ᠤᠯᠤᠰ ᠤᠨ ᠲᠤᠰᠬᠠᠢ ᠮᠡᠷᠭᠡᠵᠢᠯ ᠤᠨ | ᠪᠠᠷᠢᠮᠵᠢᠶᠠᠵᠢᠭᠤᠯᠤᠯᠲᠠ ᠶᠢᠨ ᠮᠡᠷᠭᠡᠵᠢᠯ ᠤᠨ ᠵᠥᠪᠯᠡᠯ ᠤᠨ ᠰᠠᠨᠠᠯ ᠢ ᠭᠦᠢᠴᠡᠳ ᠬᠤᠷᠢᠶᠠᠭᠰᠠᠨ ᠰᠠᠭᠤᠷᠢᠨ ᠳᠡᠭᠡᠷ᠎ᠡ᠂ | ᠪᠣᠳᠠᠲᠠᠢ ᠴᠤᠪᠤᠷᠠᠯ᠂ ᠲᠤᠰᠢᠶᠠᠬᠤ ᠮᠠᠲ᠋ᠧᠷᠢᠶᠠᠯ ᠵᠡᠷᠭᠡ ᠬᠠᠮᠢᠶ᠎ᠠ ᠪᠦᠬᠦᠢ ᠱᠠᠭᠠᠷᠳᠠᠯᠭ᠎ᠠ ᠶᠢ ᠰᠢᠰᠲ᠋ᠧᠮ ᠲᠠᠢ ᠡᠮᠬᠢᠯᠡᠨ | ᠳᠢᠭᠯᠡᠵᠦ᠂ ᠵᠦᠢᠯ ᠳᠠᠷᠠᠭᠠᠯᠠᠨ ᠲᠣᠳᠣᠷᠬᠠᠶᠢᠯᠠᠵᠤ᠂ ︽ᠨᠠᠷᠢᠨ ᠳᠦᠷᠢᠮ︾ ᠢ ᠠᠵᠢᠯ ᠤᠨ ᠬᠡᠷᠡᠭᠴᠡᠭᠡ ᠳᠤ | ᠨᠡᠶᠢᠴᠡᠭᠦᠯᠪᠡ᠃ ᠢᠯᠠᠩᠭᠤᠶ᠎ᠠ ᠪᠠᠷᠢᠮᠵᠢᠶ᠎ᠠ ᠲᠣᠭᠲᠠᠭᠠᠬᠤ ᠶᠠᠪᠤᠴᠠ ᠶᠢ ᠰᠢᠯᠢᠳᠡᠭᠵᠢᠭᠦᠯᠵᠦ᠂ ᠠᠵᠤ ᠠᠬᠤᠶᠢᠯᠠᠯ᠂ | ᠬᠡᠷᠡᠭᠯᠡᠭᠴᠢᠳ ᠵᠡᠷᠭᠡ ᠬᠤᠯᠪᠣᠭᠳᠠᠯ ᠪᠦᠬᠦᠢ ᠲᠠᠯ᠎ᠠ ᠶᠢᠨ ᠬᠢᠨ ᠤ ᠪᠠᠷᠢᠮᠵᠢᠶ᠎ᠠ ᠶᠢ ᠲᠣᠭᠲᠠᠭᠠᠬᠤ ᠪᠠ ᠵᠠᠰᠠᠪᠤᠷᠢ | ᠣᠷᠣᠭᠤᠯᠬᠤ ᠳᠤ ᠣᠷᠣᠯᠴᠠᠬᠤ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠵᠦ᠂ ᠵᠠᠬ᠎ᠠ ᠳᠡᠯᠭᠡᠭᠦᠷ ᠢᠶᠠᠷ | ᠬᠥᠳᠡᠯᠭᠡᠭᠦᠷ ᠪᠣᠯᠭᠠᠬᠤ᠂ ᠵᠠᠰᠠᠭ ᠤᠨ ᠣᠷᠳᠣᠨ ᠬᠥᠲᠥᠯᠥᠨ ᠵᠢᠯᠤᠭᠤᠳᠬᠤ᠂ ᠠᠵᠤ ᠠᠬᠤᠶᠢᠯᠠᠯ ᠢᠶᠠᠷ ᠭᠤᠣᠯ | ᠪᠣᠯᠭᠠᠬᠤ᠂ ᠨᠡᠶᠢᠭᠡᠮ ᠤᠨ ᠬᠢᠨ ᠣᠷᠣᠯᠴᠠᠬᠤ᠂ ᠨᠡᠭᠡᠭᠡᠯᠲᠡ ᠬᠢᠵᠦ ᠠᠭᠤᠰᠤᠯᠴᠠᠭᠤᠯᠬᠤ ᠪᠠᠷᠢᠮᠵᠢᠶᠠᠵᠢᠭᠤᠯᠬᠤ | ᠠᠵᠢᠯ ᠤᠨ ᠪᠠᠶᠢᠷᠢᠰᠢᠯ ᠢ ᠪᠦᠷᠢᠯᠳᠦᠭᠦᠯᠬᠦ ᠳᠤ ᠲᠤᠰᠠᠲᠠᠢ ᠶᠤᠮ᠃ | ᠭᠤᠷᠪᠠ ᠳᠤ᠂ ᠠᠵᠢᠯ ᠤᠨ ᠴᠤᠪᠤᠷᠠᠯ ᠵᠢᠷᠤᠭ᠂ ᠮᠠᠲ᠋ᠧᠷᠢᠶᠠᠯ ᠤᠨ ᠭᠠᠷᠴᠠᠭ ᠵᠡᠷᠭᠡ ᠵᠢᠷᠤᠭ ᠬᠦᠰᠦᠨᠦᠭᠲᠦ ᠶᠢᠨ | ᠮᠠᠲ᠋ᠧᠷᠢᠶᠠᠯ ᠢ ᠲᠣᠭᠲᠠᠭᠠᠬᠤ ᠶᠢᠨ ᠬᠠᠮᠲᠤ ᠤᠯᠤᠰ ᠤᠨ ᠪᠠᠷᠢᠮᠵᠢᠶ᠎ᠠ ᠶᠢᠨ ᠬᠠᠮᠢᠶᠠᠷᠤᠯᠲᠠ ᠶᠢᠨ ᠱᠠᠭᠠᠷᠳᠠᠯᠭ᠎ᠠ ᠪᠠᠷ | ᠯᠠᠪᠯᠠᠯᠲᠠ ᠪᠣᠯᠭᠠᠨ ᠠᠵᠢᠯ ᠲᠦᠷᠦᠯ ᠤᠨ ᠪᠠᠷᠢᠮᠵᠢᠶ᠎ᠠ ᠶᠢᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠬᠡᠪ | ᠵᠠᠭᠪᠤᠷ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠪᠣᠳᠠᠲᠠᠢ ᠠᠵᠢᠯᠯᠠᠬᠤ ᠳᠤ ᠪᠦᠬᠦ ᠲᠠᠯ᠎ᠠ ᠶᠢᠨ ᠪᠥᠭᠡᠳ | ᠲᠣᠳᠣᠷᠬᠠᠢ᠂ ᠬᠡᠷᠡᠭᠯᠡᠬᠦ ᠳᠤ ᠳᠦᠭᠦᠮ ᠵᠦᠭᠯᠡᠭᠦᠷ ᠬᠠᠩᠭᠠᠪᠠ᠃ | |