ᠣᠶᠢᠷ᠎ᠠ ᠳᠤ᠂ ᠥᠪᠥᠷ ᠮᠣᠩᠭᠤᠯ - ᠱᠠᠨᠳᠦ᠋ᠩ ᠤᠨ ᠵᠢᠮᠢᠰ ᠢᠳᠡᠰᠢᠨ ᠨᠣᠭᠤᠭ᠎ᠠ ᠶᠢᠨ ᠠᠵᠤ ᠦᠢᠯᠡᠰ ᠢ | ᠵᠣᠯᠭᠠᠭᠤᠯᠬᠤ ᠬᠤᠷᠠᠯ ᠦᠶᠤᠸᠠᠨ ᠰᠢᠶᠠᠨ ᠳᠤ ᠶᠠᠪᠤᠭᠳᠠᠪᠠ᠃ | ᠠᠵᠢᠯᠯᠠᠭ᠎ᠠ ᠶᠢᠨ ᠬᠤᠭᠤᠴᠠᠭᠠᠨ ᠳᠤ᠂ ᠮᠠᠨ ᠤ ᠬᠤᠳᠠ᠂ ᠬᠥᠬᠡᠬᠤᠲᠠ᠂ ᠪᠤᠭᠤᠲᠤ ᠬᠤᠳᠠ᠂ ᠤᠯᠠᠭᠠᠨᠬᠠᠳᠠ | ᠬᠤᠳᠠ᠂ ᠤᠯᠠᠭᠠᠨᠴᠠᠪ ᠬᠤᠳᠠ ᠵᠡᠷᠭᠡ ᠵᠢᠮᠢᠰ ᠢᠳᠡᠰᠢᠨ ᠨᠣᠭᠤᠭᠠᠨ ᠤ ᠭᠤᠣᠯᠳᠠᠯᠭ᠎ᠠ ᠲᠠᠢ ᠠᠶᠢᠮᠠᠭ ᠬᠤᠳᠠ ᠵᠢᠴᠢ | ᠱᠠᠨᠳᠦ᠋ᠩ ᠮᠤᠵᠢ᠂ ᠲᠢᠶᠠᠨᠵᠢᠨ ᠬᠤᠳᠠ ᠵᠡᠷᠭᠡ ᠭᠠᠵᠠᠷ ᠤᠨ ᠠᠵᠢᠯ ᠲᠦᠷᠦᠯ ᠤᠨ ᠨᠡᠶᠢᠭᠡᠮᠯᠢᠭ ᠤᠨ ᠲᠥᠯᠥᠭᠡᠯᠡᠭᠴᠢ᠂ | ᠠᠵᠤ ᠠᠬᠤᠶᠢᠯᠠᠯᠳᠠᠨ ᠦᠶᠤᠸᠠᠨ ᠰᠢᠶᠠᠨ ᠤ ᠰᠢᠷ᠎ᠠ ᠲᠥᠪᠡᠳ ᠬᠠᠰᠢ᠂ ᠵᠢᠢ ᠰᠢᠨ ᠵᠢᠮᠢᠰ᠂ ᠪᠸᠢ ᠪᠧᠢ ᠯᠠᠩᠭᠤᠸᠠ᠂ | ᠯᠠᠵᠤᠤ᠂ ᠰᠢᠯᠦᠬᠡᠢ ᠡᠷᠳᠡᠨᠢ ᠰᠢᠰᠢ ᠵᠡᠷᠭᠡ ᠵᠢᠮᠢᠰ ᠢᠳᠡᠰᠢᠨ ᠨᠣᠭᠤᠭ᠎ᠠ ᠶᠢᠨ ᠠᠵᠤ ᠦᠢᠯᠡᠰ ᠤᠨ ᠬᠡᠯᠬᠢᠶ᠎ᠡ ᠶᠢᠨ | ᠲᠣᠭᠤᠷᠢᠨ ᠳᠤ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠯᠲᠠ ᠬᠢᠵᠦ ᠬᠤᠳᠠᠯᠳᠤᠭᠠᠨ ᠤ ᠦᠢᠯᠡᠰ ᠲᠠᠢ | ᠵᠥᠪᠳᠡᠯᠴᠡᠪᠡ᠃ | ᠵᠣᠯᠭᠠᠭᠤᠯᠬᠤ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ | ᠲᠢᠩᠬᠢᠮ᠂ ᠱᠠᠨᠳᠦ᠋ᠩ ᠮᠤᠵᠢ᠂ ᠲᠢᠶᠠᠨᠵᠢᠨ ᠬᠤᠲᠠ᠂ ᠦᠶᠤᠸᠠᠨ ᠰᠢᠶᠠᠨ ᠵᠡᠷᠭᠡ ᠨᠢ ᠵᠢᠮᠢᠰ ᠢᠳᠡᠰᠢᠨ | ᠨᠣᠭᠤᠭ᠎ᠠ ᠶᠢᠨ ᠠᠵᠤ ᠦᠢᠯᠡᠰ ᠤᠨ ᠲᠣᠭᠤᠷᠢᠨ ᠳᠤ ᠬᠤᠳᠠᠯᠳᠤᠭᠠᠴᠢᠨ ᠤᠷᠢᠵᠤ ᠪᠠᠯᠠ ᠣᠷᠣᠭᠤᠯᠤᠨ | ᠭᠤᠤᠯᠳᠠᠯᠭ᠎ᠠ ᠲᠠᠢ ᠲᠠᠨᠢᠯᠴᠠᠭᠤᠯᠵᠤ᠂ ᠳᠤᠮᠳᠠᠳᠤ ᠤᠯᠤᠰ ᠤᠨ ᠭᠠᠵᠠᠷ ᠰᠢᠨᠵᠢᠯᠡᠭᠡᠨ ᠤ ᠪᠠᠶᠢᠴᠠᠭᠠᠯᠲᠠ ᠶᠢᠨ | ᠲᠣᠪᠴᠢᠶ᠎ᠠ ᠶᠢᠨ ᠬᠥᠬᠡᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠶᠡᠷᠦᠩᠬᠡᠶᠢᠯᠡᠭᠰᠡᠨ ᠪᠠᠶᠢᠴᠠᠭᠠᠯᠲᠠ ᠶᠢᠨ | ᠲᠥᠪ ᠠᠴᠠ ︽ᠪᠣᠷᠣᠲᠣᠬᠤᠶ ᠶᠢᠨ ᠲᠠᠯ᠎ᠠ ᠭᠠᠵᠠᠷ ᠦᠶᠤᠸᠠᠨ - ᠨᠢᠩᠰᠢᠶᠠ ᠶᠢᠨ ᠭᠦᠶᠤᠸᠠᠨ ᠲᠠᠷᠢᠶᠠᠯᠠᠬᠤ ᠭᠠᠵᠠᠷ | ᠣᠷᠣᠨ ᠤ ᠭᠠᠵᠠᠷ ᠰᠢᠷᠣᠶ ᠶᠢᠨ ᠶᠠᠰᠤ ᠴᠢᠨᠠᠷ ᠤᠨ ᠭᠠᠵᠠᠷ ᠤᠨ ᠪᠥᠮᠪᠥᠷᠴᠡᠭ ᠤᠨ ᠬᠢᠮᠢ ᠶᠢᠨ ᠪᠠᠶᠢᠴᠠᠭᠠᠯᠲᠠ︾ ᠶᠢᠨ | ᠤᠯᠤᠰ ᠤᠨ ᠲᠥᠷᠥᠯ ᠵᠦᠢᠯ ᠤᠨ ᠪᠠᠶᠢᠴᠠᠭᠠᠯᠲᠠ ᠶᠢᠨ ᠦᠢᠯᠡᠴᠢᠯᠡᠭᠡᠨ ᠤ ᠦᠷ᠎ᠡ ᠪᠦᠲᠦᠭᠡᠯ ᠢ ᠦᠶᠤᠸᠠᠨ ᠰᠢᠶᠠᠨ ᠳᠤ | ᠵᠢᠩᠬᠢᠨᠢ ᠪᠠᠷ ᠰᠢᠯᠵᠢᠭᠦᠯᠦᠨ ᠲᠤᠰᠢᠶᠠᠪᠠ᠃ ᠲᠣᠰ ᠤᠳᠠᠭᠠᠨ ᠤ ᠪᠠᠶᠢᠴᠠᠭᠠᠯᠲᠠ ᠳᠤ ᠰᠧᠯᠧᠨ ᠡᠯᠪᠡᠭ ᠪᠠᠶᠠᠯᠢᠭ | ᠲᠠᠷᠢᠶᠠᠨ ᠭᠠᠵᠠᠷ ᠢ 3.10 ᠲᠦᠮᠡᠨ ᠮᠥ ᠲᠣᠭᠲᠠᠭᠠᠵᠤ᠂ ᠲᠠᠷᠢᠶᠠᠯᠠᠩ ᠤᠨ ᠪᠦᠲᠦᠭᠡᠭᠳᠡᠬᠦᠨ ᠨᠡᠶᠢᠳᠡᠮ ᠳᠡᠭᠡᠨ | ᠰᠧᠯᠧᠨ ᠡᠯᠪᠡᠭ ᠪᠠᠶᠢᠵᠤ᠂ ᠰᠧᠯᠧᠨ ᠡᠯᠪᠡᠭ ᠲᠠᠷᠢᠶᠠᠯᠠᠩ ᠤᠨ ᠪᠦᠲᠦᠭᠡᠭᠳᠡᠬᠦᠨ ᠢ ᠨᠡᠭᠡᠭᠡᠨ ᠬᠥᠭᠵᠢᠭᠦᠯᠬᠦ ᠰᠠᠶᠢᠨ | ᠰᠠᠶᠢᠬᠠᠨ ᠢᠷᠡᠭᠡᠳᠦᠶ ᠲᠠᠢ ᠶᠤᠮ᠃ ᠪᠠᠶᠢᠴᠠᠭᠠᠯᠲᠠ ᠶᠢᠨ ᠦᠷ᠎ᠡ ᠪᠦᠲᠦᠭᠡᠯ ᠢ ᠦᠨᠳᠦᠰᠦᠯᠡᠪᠡᠯ᠂ ᠢᠷᠡᠭᠡᠳᠦᠢ ᠳᠤ | ᠥᠪᠥᠷ ᠮᠣᠩᠭᠤᠯ ᠤᠨ ᠪᠣᠷᠣᠲᠣᠬᠤᠢ ᠣᠷᠣᠨ ᠤ ᠰᠧᠯᠧᠨ ᠡᠯᠪᠡᠭ ᠳᠡᠯᠪᠡᠭ ᠠᠵᠤ ᠦᠢᠯᠡᠰ ᠮᠠᠰᠢ ᠶᠡᠭᠡ | ᠬᠥᠭᠵᠢᠯᠲᠡ ᠶᠢᠨ ᠣᠷᠣᠨ ᠵᠠᠢ ᠲᠠᠢ ᠶᠤᠮ᠃ | ᠲᠣᠰ ᠤᠳᠠᠭᠠᠨ ᠤ ᠠᠵᠢᠯᠯᠠᠭ᠎ᠠ ᠶᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ | ᠲᠢᠩᠬᠢᠮ ᠠᠴᠠ ᠭᠤᠤᠯᠯᠠᠨ ᠡᠷᠭᠢᠯᠡᠵᠦ᠂ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠦᠶᠤᠸᠠᠨ | ᠰᠢᠶᠠᠨ ᠤ ᠠᠷᠠᠳ ᠤᠨ ᠵᠠᠰᠠᠭ ᠤᠨ ᠣᠷᠳᠣᠨ᠂ ᠴᠢᠩᠳᠣᠤ ᠬᠤᠲᠠ ᠶᠢᠨ ᠪᠠᠶᠠᠨᠨᠠᠭᠤᠷ ᠤᠨ ᠬᠤᠳᠠᠯᠳᠤᠭᠠᠴᠢᠳ ᠤᠨ | ᠡᠪᠯᠡᠯ ᠳᠠᠭᠠᠭᠠᠴᠢᠯᠠᠨ ᠡᠷᠭᠢᠯᠡᠵᠦ᠂ ᠮᠧᠩ ᠯᠦ ᠵᠢᠮᠢᠰ ᠢᠳᠡᠰᠢᠨ ᠨᠣᠭᠤᠭ᠎ᠠ ᠶᠢᠨ ᠠᠵᠤ ᠦᠢᠯᠡᠰ ᠤᠨ ᠵᠣᠯᠭᠠᠯᠴᠠᠭ᠎ᠠ | ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠨᠠᠷᠠᠲᠤ ᠲᠥᠷᠥᠯ ᠲᠡᠮᠳᠡᠭᠲᠦ ᠶᠢᠨ ᠳᠦᠷᠢ ᠲᠥᠷᠬᠦ ᠶᠢ | ᠢᠯᠡᠷᠡᠭᠦᠯᠵᠦ᠂ ᠦᠶᠤᠸᠠᠨ ᠰᠢᠶᠠᠨ ᠤ ᠵᠢᠮᠢᠰ ᠢᠳᠡᠰᠢᠨ ᠨᠣᠭᠤᠭ᠎ᠠ ᠶᠢᠨ ᠠᠵᠤ ᠦᠢᠯᠡᠰ ᠤᠨ ᠠᠯᠳᠠᠷᠰᠢᠯ᠂ | ᠨᠥᠯᠥᠭᠡᠯᠡᠬᠦ ᠬᠦᠴᠦᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠶᠢᠨ ᠲᠥᠯᠥᠭᠡ ᠶᠤᠮ᠃ | |