| ︽ᠤᠬᠠᠭᠳᠠᠬᠤᠨ ᠢ ᠰᠢᠯᠭᠠᠨ ᠨᠤᠲᠠᠯᠠᠬᠤ︾ | ᠤᠬᠠᠭᠳᠠᠬᠤᠨ ᠢ ᠰᠢᠯᠭᠠᠨ ᠨᠤᠲᠠᠯᠠᠬᠤ ᠭᠡᠳᠡᠭ ᠨᠢ ᠮᠡᠷᠭᠡᠵᠢᠯ᠂ ᠵᠠᠬ᠎ᠠ ᠳᠡᠯᠭᠡᠭᠦᠷ᠂ ᠠᠵᠤ ᠦᠢᠯᠡᠰ ᠵᠡᠷᠭᠡ | ᠲᠠᠯ᠎ᠠ ᠠᠴᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠰᠢᠯᠭᠠᠨ ᠪᠠᠲᠤᠯᠠᠵᠤ᠂ ᠮᠡᠷᠭᠡᠵᠢᠯ ᠤᠨ | ᠪᠣᠯᠤᠮᠵᠢᠲᠤ ᠴᠢᠨᠠᠷ ᠢ ᠰᠢᠯᠭᠠᠨ ᠨᠤᠲᠠᠯᠠᠬᠤ ᠶᠢᠨ ᠬᠠᠮᠲᠤ ᠬᠤᠳᠠᠯᠳᠤᠭᠠᠨ ᠤ ᠥᠷᠲᠡᠭ ᠢ ᠨᠢ ᠮᠠᠭᠠᠳᠯᠠᠵᠤ᠂ ᠵᠠᠬ᠎ᠠ | ᠳᠡᠯᠭᠡᠭᠦᠷ ᠤᠨ ᠳᠠᠯᠳᠠ ᠬᠦᠴᠦᠨ ᠢ ᠨᠢ ᠦᠨᠡᠯᠡᠨ ᠵᠢᠱᠢᠬᠦ ᠵᠣᠷᠢᠯᠲᠠ ᠲᠠᠢ ᠪᠠᠶᠢᠵᠤ᠂ ᠨᠡᠶᠢᠭᠡᠮ ᠤᠨ ᠬᠥᠷᠥᠩᠭᠡ ᠶᠢ | ᠲᠠᠲᠠᠭᠠᠳ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠦᠢᠯᠡᠳᠬᠦᠨ ᠪᠣᠯᠭᠠᠬᠤ᠂ ᠵᠠᠬ᠎ᠠ | ᠳᠡᠯᠭᠡᠭᠦᠷᠴᠢᠯᠡᠭᠰᠡᠨ ᠠᠵᠤ ᠦᠢᠯᠡᠰᠵᠢᠯᠲᠡ ᠶᠢᠨ ᠬᠡᠷᠡᠭᠯᠡᠯᠲᠡ ᠶᠢᠨ ᠱᠠᠲᠤᠨ ᠳᠤ ᠣᠷᠣᠬᠤ ᠶᠢ ᠠᠬᠢᠭᠤᠯᠬᠤ ᠶᠢᠨ | ᠴᠢᠬᠤᠯᠠ ᠭᠤᠭᠴᠤᠭ᠎ᠠ ᠪᠣᠯᠤᠨ᠎ᠠ᠃ | ︽ᠤᠯᠤᠰ ᠤᠨ ᠬᠤᠷᠸ᠎ᠠ ᠪᠡᠯᠡ ᠬᠥᠷᠥᠩᠭᠡ ᠶᠢᠨ ᠥᠷᠢ ᠰᠢᠷᠢ ᠶᠢᠨ ᠬᠦᠰᠦᠨᠦᠭᠲᠦ︾ | ᠤᠯᠤᠰ ᠤᠨ ᠬᠤᠷᠸ᠎ᠠ ᠪᠡᠯᠡ ᠬᠥᠷᠥᠩᠭᠡ ᠶᠢᠨ ᠥᠷᠢ ᠰᠢᠷᠢ ᠶᠢᠨ ᠬᠦᠰᠦᠨᠦᠭᠲᠦ ᠪᠣᠯ ᠨᠢᠭᠡ ᠤᠯᠤᠰ ᠪᠤᠶᠤ | ᠭᠠᠵᠠᠷ ᠣᠷᠣᠨ ᠤ ᠣᠨᠴᠠ ᠲᠣᠭᠲᠠᠭᠰᠠᠨ ᠴᠠᠭ ᠬᠤᠭᠤᠴᠠᠭᠠᠨ ᠳᠤ ᠡᠵᠡᠮᠰᠢᠵᠦ ᠪᠠᠶᠢᠭ᠎ᠠ ᠡᠳ᠋ ᠬᠥᠷᠥᠩᠭᠡ᠂ ᠥᠷᠢ | ᠰᠢᠷᠢ ᠶᠢᠨ ᠶᠡᠷᠦᠩᠬᠡᠶ ᠬᠡᠮᠵᠢᠶ᠎ᠡ ᠵᠢᠴᠢ ᠪᠦᠲᠦᠴᠡ ᠶᠢ ᠶᠡᠷᠦᠩᠬᠡᠶᠢᠯᠡᠨ ᠲᠤᠰᠬᠠᠬᠤ ᠪᠦᠷᠢᠳᠬᠡᠯ ᠤᠨ ᠬᠦᠰᠦᠨᠦᠭᠲᠦ | ᠪᠣᠯᠣᠨ᠎ᠠ᠂ ᠡᠭᠦᠨ ᠳᠤ ᠵᠠᠰᠠᠭ ᠤᠨ ᠣᠷᠳᠣᠨ᠂ ᠰᠠᠭᠤᠭᠠᠯᠢ ᠡᠷᠦᠬᠡ᠂ ᠮᠥᠩᠭᠦᠨ ᠭᠦᠢᠯᠭᠡᠭᠡᠨ ᠤ ᠪᠤᠰᠤ ᠠᠵᠤ | ᠠᠬᠤᠶᠢᠯᠠᠯ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠵᠡᠷᠭᠡ ᠡᠯ᠎ᠡ ᠰᠠᠯᠠᠭ᠎ᠠ ᠮᠥᠴᠢᠷ ᠪᠠᠶᠢᠭᠤᠯᠤᠮᠵᠢ ᠶᠢᠨ ᠡᠵᠡᠮᠰᠢᠵᠦ | ᠪᠠᠶᠢᠭ᠎ᠠ ᠡᠳ᠋ ᠬᠥᠷᠥᠩᠭᠡ ᠬᠢᠭᠡᠳ ᠥᠷᠢ ᠰᠢᠷᠢ ᠶᠢᠨ ᠬᠡᠪᠴᠢᠶ᠎ᠡ ᠪᠠ ᠪᠦᠲᠦᠴᠡ ᠪᠠᠭᠲᠠᠨ᠎ᠠ᠃ ᠤᠯᠤᠰ ᠤᠨ ᠬᠤᠷᠸ᠎ᠠ | ᠪᠡᠯᠡ ᠬᠥᠷᠥᠩᠭᠡ ᠶᠢᠨ ᠥᠷᠢ ᠰᠢᠷᠢ ᠶᠢᠨ ᠬᠦᠰᠦᠨᠦᠭᠲᠦ ᠨᠢ ᠨᠢᠭᠡ ᠤᠯᠤᠰ ᠤᠨ ᠣᠯᠠᠨ ᠵᠢᠯ ᠤᠨ ᠠᠵᠤ ᠠᠬᠤᠢ ᠶᠢᠨ | ᠨᠡᠮᠡᠭᠳᠡᠯ ᠠᠴᠠ ᠪᠤᠢ ᠪᠣᠯᠣᠭᠰᠠᠨ ᠡᠳ᠋ ᠪᠠᠶᠠᠯᠢᠭ ᠤᠨ ᠬᠤᠷᠠᠮᠳᠤᠭᠤᠯᠭ᠎ᠠ ᠶᠢ ᠬᠡᠮᠵᠢᠵᠦ ᠪᠣᠯᠬᠤ ᠪᠥᠭᠡᠳ᠂ ᠤᠯᠤᠰ ᠤᠨ | ᠠᠵᠤ ᠠᠬᠤᠢ ᠶᠢᠨ ᠬᠤᠪᠢᠷᠠᠯᠲᠠ ᠶᠢᠨ ᠬᠠᠨᠳᠤᠰᠢ ᠪᠠ ᠡᠷᠡᠭᠦᠯ ᠮᠡᠨᠳᠦ ᠶᠢᠨ ᠪᠠᠶᠢᠳᠠᠯ ᠢ ᠦᠯᠡᠳᠡᠭᠡᠯ ᠬᠠᠷᠠᠭᠠᠰᠤ ᠠᠴᠠ | ᠵᠠᠳᠠᠯᠬᠤ ᠳᠤ ᠬᠡᠷᠡᠭᠯᠡᠨ᠎ᠡ᠃ | ︽ᠵᠢᠱᠢᠯᠲᠡ ᠶᠢᠨ ᠬᠠᠮᠢᠶᠠᠷᠤᠯᠲᠠ︾ | ᠵᠢᠱᠢᠯᠲᠡ ᠶᠢᠨ ᠬᠠᠮᠢᠶᠠᠷᠤᠯᠲᠠ ᠪᠣᠯ ᠬᠤᠷᠸ᠎ᠠ ᠠᠵᠤ ᠠᠬᠤᠶ ᠶᠢᠨ ᠵᠠᠰᠠᠯᠲᠠ ᠶᠢᠨ ᠴᠢᠬᠤᠯᠠ ᠠᠭᠤᠯᠭ᠎ᠠ | ᠪᠠᠶᠢᠵᠤ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠳ ᠲᠥᠷᠥ ᠶᠢᠨ ᠪᠣᠳᠣᠯᠭ᠎ᠠ ᠶᠢ ᠲᠠᠶᠢᠯᠬᠤ᠂ ᠮᠡᠳᠡᠭᠡ | ᠵᠠᠩᠭᠢ ᠶᠢ ᠢᠯᠡ ᠪᠣᠯᠭᠠᠬᠤ᠂ ᠰᠣᠨᠢᠨ ᠮᠡᠳᠡᠭᠡ ᠨᠡᠶᠢᠲᠡᠯᠡᠬᠦ ᠵᠡᠷᠭᠡ ᠠᠷᠭ᠎ᠠ ᠮᠠᠶ᠋ᠢᠭ ᠢᠶᠠᠷ ᠣᠯᠠᠨ ᠨᠡᠶᠢᠲᠡ ᠯᠦᠭᠡ ᠶᠢᠨ | ᠮᠡᠳᠡᠭᠡ ᠵᠠᠩᠭᠢ ᠶᠢᠨ ᠨᠡᠪᠲᠡᠷᠡᠯᠴᠡᠭᠡ ᠪᠠᠨ ᠴᠢᠩᠭᠠᠳᠬᠠᠵᠤ᠂ ᠨᠡᠶᠢᠭᠡᠮ ᠤᠨ ᠵᠢᠱᠢᠯᠲᠡ ᠶᠢ ᠪᠦᠲᠦᠮᠵᠢᠲᠡᠶ ᠬᠥᠲᠥᠯᠦᠨ | ᠵᠢᠯᠣᠭᠤᠳᠬᠤ᠂ ᠵᠣᠬᠢᠴᠠᠭᠤᠯᠬᠤ ᠪᠠ ᠲᠣᠭᠲᠠᠪᠤᠷᠢᠵᠢᠭᠤᠯᠵᠤ ᠪᠠᠶᠢᠭᠠᠳ᠂ ᠲᠥᠷᠥ ᠶᠢᠨ ᠪᠣᠳᠣᠯᠭ᠎ᠠ ᠶᠢ ᠶᠠᠮᠠᠷ ᠨᠢᠭᠡᠨ | ᠬᠡᠮᠵᠢᠶᠡᠨ ᠳᠡᠭᠡᠷ᠎ᠡ ᠤᠷᠢᠳᠴᠢᠯᠠᠨ ᠮᠡᠳᠡᠬᠦ ᠪᠠ ᠣᠶᠢᠯᠠᠭᠠᠭᠤᠯᠵᠤ᠂ ᠲᠥᠷᠥ ᠶᠢᠨ ᠪᠣᠳᠣᠯᠭ᠎ᠠ ᠶᠢᠨ ᠦᠢᠯᠡᠳᠦᠯ ᠢ | ᠬᠠᠮᠤᠭ ᠤᠨ ᠶᠡᠭᠡ ᠪᠣᠯᠭᠠᠵᠤ᠂ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠶᠢ ᠵᠢᠱᠢᠭᠰᠡᠨ ᠦᠢᠯᠡᠳᠦᠯ ᠳᠤ ᠨᠢ | ᠬᠦᠷᠦᠭᠦᠯᠬᠦ ᠶᠢ ᠦᠨᠡᠨ ᠬᠦ ᠪᠠᠲᠤᠯᠠᠬᠤ ᠪᠠᠨ ᠵᠢᠭᠠᠵᠤ ᠪᠠᠶᠢᠨ᠎ᠠ᠃ ᠵᠢᠱᠢᠯᠲᠡ ᠶᠢᠨ ᠬᠠᠮᠢᠶᠠᠷᠤᠯᠲᠠ ᠨᠢ ᠵᠠᠬ᠎ᠠ | ᠳᠡᠯᠭᠡᠭᠦᠷ ᠢ ᠲᠣᠭᠲᠠᠪᠤᠷᠢᠵᠢᠭᠤᠯᠬᠤ᠂ ᠲᠥᠷᠥ ᠶᠢᠨ ᠪᠣᠳᠣᠯᠭ᠎ᠠ ᠶᠢᠨ ᠦᠢᠯᠡᠳᠦᠯ ᠢ ᠳᠡᠭᠡᠭᠰᠢᠯᠡᠭᠦᠯᠬᠦ ᠳᠤ ᠴᠢᠬᠤᠯᠠ | ᠠᠴᠢ ᠬᠤᠯᠪᠣᠭᠳᠠᠯ ᠲᠠᠢ ᠪᠠᠶᠢᠵᠤ᠂ ᠪᠦᠲᠦᠮᠵᠢᠲᠡᠶ ᠵᠢᠱᠢᠯᠲᠡ ᠶᠢᠨ ᠬᠠᠮᠢᠶᠠᠷᠤᠯᠲᠠ ᠪᠠᠷ ᠵᠠᠬ᠎ᠠ ᠳᠡᠯᠭᠡᠭᠦᠷ ᠲᠤ | ᠣᠷᠣᠯᠴᠠᠭᠰᠠᠳ ᠤᠨ ᠦᠢᠯᠡ ᠠᠵᠢᠯᠯᠠᠭ᠎ᠠ ᠶᠢ ᠬᠥᠲᠥᠯᠥᠨ ᠵᠢᠯᠣᠭᠤᠳᠴᠤ᠂ ᠵᠠᠬ᠎ᠠ ᠳᠡᠯᠭᠡᠭᠦᠷ ᠤᠨ ᠬᠡᠯᠪᠡᠯᠵᠡᠯ ᠢ | ᠪᠠᠭᠠᠰᠬᠠᠨ᠂ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠬᠦ ᠪᠦᠲᠦᠮᠵᠢ ᠪᠠ ᠦᠢᠯᠡᠳᠦᠯ ᠢ ᠳᠡᠭᠡᠭᠰᠢᠯᠡᠭᠦᠯᠬᠦ ᠪᠣᠯᠣᠨ᠎ᠠ᠃ | |